2026-11-12 11:49:43
ᠤᠢᠷ᠎ᠠ᠎ᠳᠦ᠂ 4 ᠰᠠᠷ᠎ᠠ᠎ᠶᠢᠨ ᠬᠤᠭᠤᠴᠠᠭ᠎ᠠ᠎ᠲᠠᠢ ᠶᠠᠪᠤᠭᠳᠠᠭᠰᠠᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠺᠯᠦ᠋ᠪ᠎ᠦᠨ ᠬᠣᠯᠪᠣᠭᠠᠲᠤ ᠤᠷᠤᠯᠳᠤᠭᠠᠨ ᠪᠦᠬᠦ ᠲᠠᠯ᠎ᠠ ᠪᠡᠷ ᠥᠨᠳᠥᠷᠯᠡᠪᠡ᠃
ᠲᠤᠰ ᠤᠳᠠᠭ᠎ᠠ᠎ᠶᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠺᠯᠦ᠋ᠪ᠎ᠦᠨ ᠬᠣᠯᠪᠣᠭᠠᠲᠤ ᠤᠷᠤᠯᠳᠤᠭᠠᠨ᠎ᠢ ᠪᠦᠬᠦ ᠣᠷᠣᠨ᠎ᠤ ᠡᠯ᠎ᠡ ᠠᠢᠮᠠᠭ ᠬᠤᠳᠠ᠎ᠳᠤ ᠶᠠᠪᠤᠭᠳᠠᠭᠤᠯᠤᠭᠰᠠᠨ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ ᠮᠣᠷᠢᠨ ᠮᠡᠷᠭᠡᠵᠢᠯ᠂ ᠰᠡᠯᠡᠮ᠎ᠡ᠎ᠶᠢᠨ ᠲᠡᠮᠡᠴᠡᠭᠡᠨ᠂ ᠭᠦᠶᠦᠯᠲᠡ᠂ ᠵᠡᠭᠡᠯᠢ᠎ᠶᠢᠨ ᠪᠥᠵᠢᠭ᠂ ᠰᠠᠭᠰᠤᠨ ᠪᠥᠮᠪᠥᠭᠡ᠂ ᠤᠮᠪᠠᠯᠲᠠ᠂ ᠬᠠᠳᠠ ᠠᠪᠠᠷᠢᠬᠤ᠂ ᠬᠦᠷᠳᠦᠲᠦ ᠲᠡᠰᠢᠯᠲᠡ ᠵᠡᠷᠭᠡ 10 ᠲᠥᠷᠥᠯ ᠵᠦᠢᠯ᠎ᠢ ᠬᠠᠮᠤᠷᠴᠤ᠂ ᠤᠯᠠᠮᠵᠢᠯᠠᠯᠲᠤ ᠤᠷᠤᠯᠳᠤᠭᠠᠨ ᠪᠠ ᠰᠢᠨ᠎ᠡ᠎ᠪᠡᠷ ᠪᠣᠶ ᠪᠣᠯᠤᠭᠰᠠᠨ ᠲᠠᠮᠢᠷ᠎ᠤᠨ ᠬᠥᠳᠡᠯᠭᠡᠭᠡᠨ᠎ᠢ ᠬᠠᠮᠲᠤ ᠳ᠋ᠤᠨᠢ ᠬᠠᠷᠠᠭᠠᠯᠵᠠᠵᠤ᠂ ᠠᠳᠠᠯᠢ ᠪᠤᠰᠤ ᠳᠤᠷ᠎ᠠ ᠰᠣᠨᠢᠷᠬᠠᠯ ᠣᠨᠴᠠ ᠠᠪᠢᠶᠠᠰ᠎ᠲᠠᠢ ᠵᠠᠯᠠᠭᠤᠴᠤᠳ ᠪᠠᠭᠠᠴᠤᠳ᠎ᠲᠤ ᠦᠵᠡᠭᠦᠯᠭᠡ᠎ᠶᠢᠨ ᠲᠠᠪᠴᠠᠩ ᠬᠠᠩᠭᠠᠭᠰᠠᠨ ᠪᠠᠢᠨ᠎ᠠ᠃ ᠪᠦᠬᠦᠶ᠋ᠢᠯᠡ ᠤᠷᠤᠯᠳᠤᠭᠠᠨ᠎ᠤ ᠤᠯᠠᠷᠢᠯ᠎ᠳᠤ ᠨᠡᠶ᠋ᠢᠲᠡ 62 ᠤᠳᠠᠭᠠᠨ᠎ᠤ ᠤᠷᠤᠯᠳᠤᠭᠠᠨ᠎ᠤ ᠠᠵᠢᠯᠯᠠᠭ᠎ᠠ ᠶᠠᠪᠤᠭᠳᠠᠭᠤᠯᠵᠤ᠂ ᠨᠡᠶ᠋ᠢᠲᠡ 21958 ᠬᠥᠮᠥᠨ ᠤᠳᠠᠭ᠎ᠠ ᠤᠷᠤᠯᠳᠤᠭᠠᠨ᠎ᠳᠤ ᠣᠷᠣᠯᠴᠠᠵᠠᠢ ᠃
ᠤᠷᠤᠯᠳᠤᠭᠠᠨ᠎ᠳᠤ ᠣᠷᠣᠯᠴᠠᠭᠰᠠᠳ ᠨᠢ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠂ ᠠᠵᠢᠯ᠎ᠤᠨ ᠴᠢᠯᠦᠭᠡᠨ᠎ᠦ ᠲᠠᠮᠢᠷ᠎ᠤᠨ ᠰᠤᠷᠭᠠᠭᠤᠯᠢ ᠪᠠ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠺᠯᠦ᠋ᠪ᠎ᠡᠴᠡ ᠢᠷᠡᠵᠦ᠂ ᠬᠡᠦᠬᠡᠳ᠎ᠦᠨ ᠳᠤᠭᠤᠢᠯᠠᠩ᠎ᠡᠴᠡ ᠵᠠᠯᠠᠭᠤᠴᠤᠳ ᠪᠠᠭᠠᠴᠤᠳ᠎ᠤᠨ ᠳᠤᠭᠤᠢᠯᠠᠩ᠎ᠢ ᠬᠠᠮᠤᠷᠴᠤ᠂ ᠤᠷᠤᠯᠳᠤᠭᠠᠨ᠎ᠤ ᠶᠠᠪᠤᠳᠠᠯ᠎ᠳᠤ ᠥᠷᠭᠡᠨ᠎ᠢᠶᠡᠷ ᠣᠷᠣᠯᠴᠠᠬᠤ ᠴᠢᠨᠠᠷ ᠪᠠ ᠲᠦᠭᠡᠮᠡᠯ ᠬᠠᠷᠠᠭᠠᠯᠵᠠᠯ᠎ᠤᠨ ᠴᠢᠨᠠᠷ᠎ᠢ ᠭᠦᠢᠴᠡᠳ ᠢᠯᠡᠷᠡᠭᠦᠯᠦᠭᠰᠡᠨ ᠪᠠᠢᠨ᠎ᠠ᠃ ᠬᠣᠯᠪᠣᠭᠠᠲᠤ ᠤᠷᠤᠯᠳᠤᠭᠠᠨ ᠨᠢ ᠡᠯ᠎ᠡ ᠺᠯᠦ᠋ᠪ᠎ᠦᠨ ᠡᠳᠦᠷ ᠲᠤᠲᠤᠮ᠎ᠤᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠰᠢᠯᠭᠠᠨ ᠪᠠᠢᠴᠠᠭᠠᠭᠰᠠᠨ᠎ᠢᠶᠠᠷ ᠪᠠᠷᠠᠬᠤ ᠦᠭᠡᠢ ᠪᠠᠰᠠ ᠪᠦᠬᠦ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠤᠯᠠᠮ ᠴᠢᠨᠠᠭᠰᠢᠳᠠ ᠬᠥᠮᠥᠵᠢᠭᠦᠯᠵᠡᠢ᠃ ᠤᠷᠤᠯᠳᠤᠭᠠᠨ᠎ᠤ ᠵᠣᠬᠢᠶᠠᠨ ᠪᠠᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠤᠷᠤᠯᠳᠤᠭᠠᠨ ᠡᠷᠭᠢᠯᠡᠬᠦ ᠪᠠᠷᠢᠮᠵᠢᠶ᠎ᠠ᠎ᠶᠢ ᠴᠢᠩᠭ᠎ᠠ ᠵᠢᠷᠤᠮᠯᠠᠵᠤ᠂ ᠲᠤᠰᠬᠠᠢ ᠮᠡᠷᠭᠡᠵᠢᠯ᠎ᠦᠨ ᠬᠢᠨᠠᠨ ᠰᠢᠭᠦᠬᠦ ᠪᠦᠯᠬᠦᠮ ᠨᠡᠶ᠋ᠢᠲᠡ ᠪᠠ ᠡᠮᠴᠢᠯᠡᠭᠡᠨ᠎ᠦ ᠪᠠᠲᠤᠯᠠᠭ᠎ᠠ᠎ᠶᠢᠨ ᠠᠵᠢᠯᠲᠠᠨ᠎ᠢ ᠲᠣᠬᠢᠷᠠᠭᠤᠯᠤᠨ᠂ ᠤᠷᠤᠯᠳᠤᠭᠠᠨ᠎ᠤ ᠠᠮᠤᠷ ᠲᠦᠪᠰᠢᠨ ᠡᠮᠬᠢ ᠵᠢᠷᠤᠮ᠎ᠲᠠᠢ ᠶᠠᠪᠤᠭᠳᠠᠬᠤ᠎ᠵᠢ ᠪᠦᠬᠦ ᠲᠠᠯ᠎ᠠ ᠪᠡᠷ ᠪᠠᠲᠤᠯᠠᠵᠦ᠂ ᠵᠣᠴᠢᠳ᠎ᠤᠨ ᠪᠠᠭᠤᠳᠠᠯ᠂ ᠬᠣᠭᠣᠯᠠ ᠤᠮᠳᠠ ᠪᠠ ᠵᠢᠭᠤᠯᠴᠢᠯᠠᠯ ᠵᠡᠷᠭᠡ ᠣᠯᠠᠨ ᠲᠠᠯ᠎ᠠ᠎ᠶᠢᠨ ᠬᠡᠷᠡᠭᠯᠡᠭᠡ᠎ᠶᠢ ᠪᠦᠲᠦᠮᠵᠢᠲᠡᠶ᠎ᠪᠡᠷ ᠳᠠᠶ᠋ᠢᠴᠢᠯᠠᠨ᠂ ᠳᠠᠭᠠᠭᠠᠴᠢᠯᠠᠨ ᠡᠷᠭᠢᠯᠡᠬᠦ ᠭᠠᠵᠠᠷ᠎ᠤᠨ ᠠᠵᠤ ᠠᠬᠤᠢ᠎ᠳᠤ ᠢᠳᠡᠪᠬᠢᠲᠡᠢ ᠳᠠᠢᠴᠢᠯᠠᠬᠤ ᠦᠢᠯᠡᠳᠦᠯ ᠦᠵᠡᠭᠦᠯᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃