2025-10-24 09:55:57
《ᠡᠷᠲᠡᠨ᠎ᠦ ᠭᠷᠧᠭ᠎ᠦᠨ ᠭᠤᠤ᠎ᠠ ᠰᠠᠢᠬᠠᠨ》 ᠦᠵᠡᠰᠭᠦᠯᠡᠩ ᠢ 50 ᠲᠦᠮᠡᠨ ᠬᠥᠮᠦᠨ ᠰᠤᠨᠢᠷᠬᠠᠵᠠᠢ
6 ᠰᠠᠷ᠎ᠠ᠎ᠶ᠋ᠢᠨ 20᠎ᠡᠴᠡ 10 ᠰᠠᠷ᠎ᠠ᠎ᠶ᠋ᠢᠨ 10 ᠤ᠋ ᠡᠳᠦᠷ ᠪᠣᠯᠲᠠᠯ᠎ᠠ ᠦᠪᠦᠷ ᠮᠤᠨᠭᠭᠤᠯ᠎ᠤᠨ ᠮᠦᠽᠧᠢ᠎ᠳᠦ ᠳᠡᠯᠬᠡᠨ ᠦᠵᠡᠭᠦᠯᠦᠭᠰᠡᠨ《ᠡᠷᠲᠡᠨ᠎ᠦ ᠭᠷᠧᠭ᠎ᠦᠨ ᠭᠤᠤ᠎ᠠ ᠰᠠᠢᠬᠠᠨ — ᠨᠠᠫᠯᠸᠰ ᠤᠯᠤᠰ᠎ᠤᠨ ᠬᠠᠭᠤᠴᠢ ᠰᠤᠳᠤᠯᠤᠯ᠎ᠤᠨ ᠮᠦᠽᠧᠶ᠎ᠳᠦ ᠬᠠᠳᠠᠭᠠᠯᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠶ᠋ᠯ᠎ᠦᠨ ᠰᠣᠳᠣᠨ ᠪᠦᠲᠦᠭᠡᠯ᠎ᠦᠨ ᠦᠵᠡᠰᠬᠦᠯᠡᠩ》᠎ᠢ 50 ᠲᠦᠮᠡᠨ ᠬᠥᠮᠦᠨ ᠰᠤᠨᠢᠷᠬᠠᠵᠠᠢ᠃
ᠦᠵᠡᠰᠬᠦᠯᠡᠩ ᠨᠢ ᠤᠢ᠍ᠢᠷ᠎ᠠ᠎ᠶ᠋ᠢᠨ 10 ᠵᠢᠯ᠎ᠦᠨ ᠲᠤᠷᠱᠢᠬᠢ ᠥᠪᠥᠷ ᠮᠣᠩᠭᠣᠯ᠎ᠤᠨ ᠮᠦᠽᠧᠢ᠎ᠶ᠋ᠢᠨ ᠠᠩᠬ᠎ᠠ ᠤᠳᠠᠭ᠎ᠠ ᠣᠷᠣᠭᠤᠯᠵᠤ ᠢᠷᠡᠭ᠌ᠰᠡᠨ ᠲᠤᠮᠤ ᠬᠡᠯᠪᠡᠷᠢ᠎ᠶ᠋ᠢᠨ ᠭᠠᠳᠠᠭᠠᠳᠤ᠎ᠶᠢᠨ ᠦᠵᠡᠰᠬᠦᠯᠡᠩ ᠪᠠᠢᠵᠦ᠂ ᠦᠵᠡᠭ᠌ᠴᠢᠳ᠎ᠲᠦ ᠡᠷᠲᠡᠨ᠎ᠦ ᠭᠷᠧᠭ᠎ᠦᠨ ᠭᠤᠤ᠎ᠠ ᠰᠠᠢᠬᠠᠨ᠎ᠢ ᠤᠢ᠍ᠢᠯᠠᠭᠠᠭᠤᠯᠤᠭᠰᠠᠨᠢᠶᠡᠷ ᠪᠠᠷᠠᠬᠤ ᠦᠭᠡᠢ᠂ ᠨᠡᠩ ᠴᠤ᠌ ᠲᠡᠦᠬᠡ᠎ᠶ᠋ᠢᠨ ᠳᠤᠷᠠᠰᠭᠠᠯᠲᠤ ᠵᠦᠢᠯ᠎ᠢᠶᠡᠷ ᠬᠣᠯᠪᠣᠭᠠᠰᠤ ᠪᠣᠯᠭᠠᠵᠤ᠂ ᠳᠤᠮᠳᠠᠳᠤ ᠥᠷᠥᠨᠡᠳᠠᠬᠢᠨ᠎ᠤ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠤᠨ ᠬᠥᠭᠥᠷᠭᠡ ᠬᠣᠯᠪᠣᠭᠠᠰᠤ᠎ᠶ᠋ᠢ ᠴᠣᠭ᠍ᠴᠠᠯᠠᠵᠠᠢ᠃ ᠨᠡᠢᠲᠡ᠎ᠶ᠋ᠢᠨ ᠣᠨ ᠲᠣᠭᠠᠯᠠᠯ᠎ᠠᠴᠠ ᠡᠮᠦᠨ᠎ᠡ 6 ᠳ᠋ᠤᠭᠠᠷ ᠵᠠᠭᠤᠨ᠎ᠠᠴᠠ ᠨᠡᠢᠲᠡ᠎ᠶ᠋ᠢᠨ ᠣᠨ ᠲᠣᠭᠠᠯᠠᠯ᠎ᠤᠨ 2 ᠳ᠋ᠤᠭᠠᠷ ᠵᠠᠭᠤᠨ ᠬᠦᠷᠲᠡᠯᠡᠬᠢ 122 ᠵᠦᠢᠯ᠎ᠦᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠳᠡᠯᠭᠡᠨ ᠦᠵᠡᠭᠦᠯᠵᠦ᠍᠂ 《ᠤᠯᠠᠨ ᠰᠠᠬᠢᠭᠤᠯᠰᠤᠨ᠎ᠤ ᠢᠷᠠᠭᠤ ᠠᠯᠳᠠᠷ》᠂ 《 ᠪᠠᠭᠠᠲᠤᠷᠯᠢᠭ ᠲᠤᠤᠯᠢᠰ》᠂ 《ᠬᠤᠳᠠ ᠤᠯᠤᠰ᠎ᠤᠨ ᠪᠣᠯᠪᠠᠰᠤᠨ》᠂ 《ᠤᠶᠤᠨ ᠤᠬᠠᠭᠠᠨ᠎ᠤ ᠭᠡᠷᠡᠯ ᠭᠢᠯᠪᠠᠭ᠎ᠠ》 ᠵᠡᠷᠭᠡ ᠲᠦᠷᠪᠡᠨ ᠶᠡᠬᠡ ᠭᠣᠣᠯ ᠰᠡᠳᠦᠪ᠎ᠢᠶᠡᠷ ᠭᠣᠣᠯ ᠱᠢᠵᠢᠮ ᠪᠣᠯᠭᠠᠵᠤ᠂ ᠡᠷᠲᠡᠨ᠎ᠦ ᠭᠷᠧᠭ᠌ᠴᠦᠳᠦᠨ ᠤᠶᠤᠨ ᠰᠠᠨᠠᠭᠠᠨ᠎ᠤ ᠶᠢᠷᠲᠢᠨᠴᠦ᠍ ᠪᠣᠯᠤᠨ ᠠᠮᠢᠳᠤᠷᠠᠯ᠎ᠤᠨ ᠪᠠᠢᠳᠠᠯ᠎ᠢ ᠳᠡᠯᠭᠡᠨ ᠬᠠᠷᠠᠭᠤᠯᠪᠠ᠃
《ᠪᠣᠯᠪᠠᠰᠤᠨ᠎ᠢᠶᠠᠨ ᠬᠠᠷᠢᠯᠴᠠᠨ ᠲᠣᠯᠢᠯᠠᠬᠤ》 ᠪᠠᠷ ᠭᠤᠤᠯ ᠣᠢᠯᠠᠭᠠᠭ᠍ᠳᠠᠬᠤᠨ ᠪᠣᠯᠭᠠᠵᠤ᠂ ᠦᠵᠡᠭ᠌ᠴᠢᠳ᠎ᠦᠨ ᠰᠡᠳᠭᠢᠯ᠎ᠳᠦ ᠡᠷᠳᠡᠨ᠎ᠤ ᠳᠤᠮᠳᠠᠳᠤ ᠤᠯᠤᠰ ᠪᠣᠯᠤᠨ ᠡᠷᠲᠡᠨ᠎ᠦ ᠭᠷᠧᠭ᠎ᠤᠨ ᠬᠣᠶᠠᠷ ᠶᠡᠬᠡ ᠪᠣᠯᠪᠠᠰᠤᠨ᠎ᠤ ᠰᠤᠯᠢᠯᠴᠠᠭ᠎ᠠ᠎ᠶ᠋ᠢ ᠴᠣᠭ᠍ᠴᠠᠯᠠᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠣᠯᠠᠨ ᠡᠱᠢᠲᠦ ᠬᠥᠭ᠌ᠵᠢᠯᠲᠡ᠎ᠶ᠋ᠢᠨ ᠵᠠᠮ ᠳᠡᠭᠡᠷᠡᠬᠢ ᠰᠦᠷᠯᠢᠭ ᠰᠠᠢᠬᠠᠨ ᠦᠵᠡᠮᠵᠢ᠎ᠶ᠋ᠢ ᠮᠡᠳᠡᠷᠡᠬᠦᠯᠪᠡ᠃ ᠡᠷᠲᠡᠨ᠎ᠦ ᠭᠷᠧᠭ᠎ᠦᠨ ᠭᠤᠤ᠎ᠠ ᠰᠠᠢᠬᠠᠨ᠎ᠢ ᠦᠵᠡᠭ᠌ᠴᠢᠳ᠎ᠲᠦ ᠭᠦᠨᠵᠡᠭᠡᠢ ᠮᠡᠳᠡᠷᠡᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠮᠦᠽᠧᠢ᠎ᠶ᠋ᠢᠨ ᠬᠢᠨ 149 ᠳᠠᠯᠠᠪᠠᠢ ᠦᠵᠡᠰᠬᠦᠯᠡᠩ ᠬᠥᠮᠦᠵᠢᠯ᠎ᠦᠨ ᠠᠵᠢᠯᠯᠠᠭ᠎ᠠ᠎ᠶ᠋ᠢ ᠶᠠᠪᠤᠭᠳᠠᠭᠤᠯᠵᠦ᠂ ᠲᠡᠳᠡ ᠦᠯᠢᠭᠡᠷᠴᠢᠯᠡᠭ᠌ᠰᠡᠨ ᠳᠠᠢᠯᠪᠤᠷᠢᠪᠡᠷ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠠᠷᠤ᠎ᠳᠠᠬᠢ ᠲᠤᠮᠤᠭ ᠶᠠᠷᠢᠶ᠎ᠠ᠂ ᠲᠡᠦᠬᠡ᠎ᠶ᠋ᠢᠨ ᠠᠬᠤᠢ ᠪᠠᠢᠳᠠᠯ᠎ᠢ ᠰᠣᠨᠣᠰᠪᠤᠷᠢᠲᠠᠢ ᠰᠠᠢᠬᠠᠨ ᠳᠠᠢᠯᠪᠤᠷᠢᠯᠠᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃