2026-01-24 12:42:28

1 ᠰᠠᠷ᠎ᠠ ᠵᠢᠨ 23᠎ᠤ᠋ ᠤᠷᠤᠢ᠂ 《ᠪᠦᠵᠢᠭᠲᠦ ᠲᠤᠤᠯᠢᠰ — 2026 ᠥᠪᠥᠷ ᠮᠣᠩᠭᠣᠯ᠎ᠤᠨ ᠱᠢᠨ᠎ᠡ ᠵᠢᠯ᠎ᠦᠨ ᠪᠥᠵᠢᠭ᠎ᠦᠨ ᠦᠳᠡᠱᠢᠯᠡᠭᠡ》 ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠳᠤ ᠶᠠᠪᠤᠭ᠍ᠳᠠᠪᠠ᠃ ᠦᠳᠡᠱᠢᠯᠡᠭᠡ᠎ᠳᠦ ᠥᠪᠡᠷᠲᠡᠭᠡᠨ ᠵᠠᠰᠠᠬᠤ ᠣᠷᠣᠨ᠎ᠤ ᠪᠥᠵᠢᠭ᠎ᠦᠨ ᠤᠷᠠᠯᠢᠭ᠎ᠤᠨ ᠬᠠᠮᠤᠭ᠎ᠤᠨ ᠥᠨᠳᠥᠷ ᠠᠮᠵᠢᠯᠲᠠ ᠪᠦᠲᠦᠮᠵᠢ᠎ᠶ᠋ᠢᠨ ᠰᠣᠳᠣᠨ ᠲᠣᠭ᠍ᠯᠠᠯᠲᠠ ᠭᠠᠷᠭᠠᠵᠤ᠂ ᠰᠣᠶᠣᠯ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠳᠠᠬᠢ ᠪᠥᠵᠢᠭ᠎ᠦᠨ ᠬᠦᠴᠦᠨ᠎ᠢ ᠢᠯᠡᠷᠡᠭᠦᠯᠪᠡ᠃ ᠣᠢᠷ᠎ᠠ᠎ᠶ᠋ᠢᠨ ᠵᠢᠯ᠎ᠳᠦ ᠥᠪᠥᠷ ᠮᠣᠩᠭᠣᠯ᠎ᠤᠨ ᠪᠥᠵᠢᠭ᠎ᠦᠨ ᠦᠶ᠋ᠯᠡᠰ ᠥᠷᠨᠢᠨ ᠬᠥᠭ᠌ᠵᠢᠵᠦ᠍᠂ ᠱᠢᠯᠢᠳᠡᠭ ᠬᠢᠷᠢ ᠪᠦᠲᠦᠮᠵᠢ ᠤᠯᠵᠤ᠂ ᠵᠠᠯᠭᠠᠭ᠎ᠠ ᠪᠠᠷ ᠲᠠᠪᠤᠨ ᠬᠤᠭᠤᠴᠠᠭ᠎ᠠ ᠦᠨᠳᠦᠰᠦᠲᠡᠨ᠎ᠦ ᠠᠷᠠᠳ᠎ᠤᠨ ᠪᠥᠵᠢᠭ᠎ᠦᠨ 《ᠯᠢᠩᠬᠤ᠎ᠠ ᠱᠠᠩᠨᠠᠯ》 ᠭᠥᠷᠳᠡᠵᠦ᠍᠂ 2025 ᠣᠨ᠎ᠳᠤ 《ᠰᠡᠬᠡᠭᠡᠷᠡᠯᠲᠡ》 ᠪᠡᠷ ᠣᠲᠣ ᠦᠶ᠎ᠡ᠎ᠶ᠋ᠢᠨ ᠪᠥᠵᠢᠭ᠎ᠦᠨ ᠱᠠᠩᠨᠠᠯ ᠪᠠᠢᠭᠰᠠᠨ ᠦᠭᠡᠢ ᠲᠡᠤᠬᠡ ᠵᠢ ᠡᠴᠦᠰᠯᠡᠭᠦᠯᠵᠦ᠂ ᠣᠯᠠᠨ ᠪᠦᠲᠦᠭᠡᠯ ᠨᠢ 《ᠸᠸᠨ ᠬᠤᠸᠠ ᠱᠠᠩᠨᠠᠯ》 ᠭᠥᠷᠳᠡᠪᠡ᠃
ᠰᠤᠷᠪᠤᠯᠵᠢᠯᠠᠭ᠍ᠴᠢ ᠸᠠᠩ ᠯᠸᠢ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃