2026-08-11 09:56:06
8 ᠰᠠᠷ᠎ᠠ᠎ᠶᠢᠨ 6᠎ᠤ᠋ ᠤᠷᠤᠢ᠂ ᠲᠦᠩᠯᠢᠶᠣᠣ ᠬᠤᠲᠠ᠎ᠶᠢᠨ ᠳᠥᠷᠪᠡᠳᠦᠭᠡᠷ ᠬᠤᠭᠤᠴᠠᠭᠠᠨ᠎ᠤ ᠪᠠᠷᠠᠭᠤᠨ ᠯᠢᠶᠣᠤᠾᠧ ᠭᠣᠣᠯ᠎ᠤᠨ ᠰᠣᠶᠣᠯ᠎ᠤᠨ ᠨᠠᠢᠷ᠎ᠤᠨ 《ᠪᠠᠷᠠᠭᠤᠨ ᠯᠢᠶᠤᠤᠾᠧ ᠭᠤᠤᠯ ᠳᠤᠮᠳᠠᠳᠤ ᠵᠢ ᠤᠮᠳᠠᠯᠠᠬᠤᠢ》 ᠭᠡᠬᠥ ᠭᠣᠣᠯ ᠰᠡᠳᠦᠪᠲᠦ ᠦᠳᠡᠰᠢᠯᠡᠭᠡ ᠲᠤᠰ ᠬᠤᠲᠠ ᠵᠢᠨ ᠤᠯᠢᠮᠫᠢᠺ᠎ᠤᠨ ᠪᠠᠶ᠎ᠠ ᠵᠢᠨ ᠲᠠᠮᠢᠷ᠎ᠤᠨ ᠲᠥᠪ᠎ᠲᠦ ᠨᠢᠵᠢᠭᠢᠷ ᠶᠠᠪᠤᠭᠳᠠᠪᠠ᠃
ᠲᠤᠰ ᠦᠳᠡᠰᠢᠯᠡᠭᠡ ᠲᠤᠰ ᠬᠤᠭᠤᠴᠠᠭᠠᠨ᠎ᠤ ᠪᠠᠷᠠᠭᠤᠨ ᠯᠢᠶᠣᠤᡁᠸ ᠭᠣᠣᠯ᠎ᠤᠨ ᠰᠣᠶᠣᠯ᠎ᠤᠨ ᠨᠠᠢᠷ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ ᠲᠠᠩ ᠭᠠᠭᠴᠠ ᠭᠠᠵᠠᠷ ᠣᠷᠣᠨ᠎ᠤ ᠬᠦᠦᠷᠨᠢᠯ᠎ᠢ ᠰᠢᠪᠲᠤᠯᠵᠤ᠂ 《ᠪᠠᠷᠠᠭᠤᠨ ᠯᠢᠶᠤᠤᠾᠧ ᠭᠤᠤᠯ ᠳᠤᠮᠳᠠᠳᠤ ᠵᠢ ᠤᠮᠳᠠᠯᠠᠬᠤᠢ》 ᠭᠡᠬᠥ ᠭᠣᠣᠯ ᠰᠡᠳᠦᠪ᠎ᠤᠨ ᠲᠤᠭᠤᠷᠢᠨ᠎ᠳᠤ ᠲᠠᠢᠰᠠᠨ᠎ᠤ ᠤᠷᠠᠯᠢᠭ᠋᠎ᠤᠨ ᠰᠡᠳᠬᠢᠬᠦᠢ᠎ᠪᠡᠷ ᠪᠠᠷᠠᠭᠤᠨ ᠯᠢᠶᠣᠤᠾᠧ ᠭᠣᠣᠯ᠎ᠤᠨ ᠳᠤᠮᠳᠠᠳᠤ᠎ᠶᠢᠨ ᠤᠰᠤᠨ ᠣᠷᠣᠨ᠎ᠤ ᠲᠤᠤᠯᠢᠰ᠎ᠢ ᠳᠤᠭᠠᠴᠢᠵᠠᠢ᠃ ᠪᠠᠷᠠᠭᠤᠨ ᠯᠢᠶᠣᠤᠾᠧ ᠭᠣᠣᠯ᠎ᠤᠨ ᠳᠠᠭᠢᠨᠢ᠎ᠶᠢᠨ ᠳᠦᠷᠢ᠎ᠶᠢ ᠪᠥᠲᠥᠭᠡᠵᠤ ᠤᠶᠠᠩᠭᠠᠯᠠᠬᠤ ᠪᠡᠷ ᠳᠠᠮᠵᠢᠨ᠂ 《ᠡᠬᠡ ᠭᠤᠤᠯ᠎ᠤᠨ ᠤᠮᠳᠠᠯᠠᠯ》᠂ 《ᠤᠷᠳᠤ ᠭᠤᠤᠯ᠎ᠤᠨ ᠮᠢᠷᠠᠯᠵᠠᠭᠠᠨ》᠂ 《ᠨᠢᠬᠳᠠᠷᠠᠯ᠎ᠤᠨ ᠳᠤᠯᠬᠢᠶᠠᠨ》᠂ 《ᠵᠢᠷᠭᠠᠯᠳᠤ ᠱᠤᠤᠬᠢᠶ᠎ᠠ》᠂ 《ᠡᠷᠴᠢᠳᠥ ᠤᠷᠤᠰᠬᠠᠯ》 ᠵᠡᠷᠭᠡ 5 ᠶᠡᠬᠡ ᠪᠥᠯᠥᠭ᠎ᠢ ᠬᠣᠯᠪᠣᠵᠤ᠂ ᠪᠣᠯᠪᠠᠰᠤᠨ᠎ᠤ ᠡᠭᠦᠰᠦᠯ᠂ ᠭᠣᠣᠯ ᠤᠷᠤᠰᠬᠠᠯ ᠳᠠᠭᠠᠤ ᠤᠯᠠᠨ ᠦᠨᠳᠦᠰᠦᠲᠡᠨ᠎ᠦ ᠶᠠᠪᠤᠯᠴᠠᠭ᠎ᠠ ᠠᠭᠤᠰᠤᠯᠴᠠᠯ᠂ ᠰᠡᠳᠬᠢᠯ ᠨᠢᠭᠡᠳᠦᠨ ᠭᠡᠷ ᠣᠷᠣᠨ᠎ᠢᠶᠠᠨ ᠬᠠᠮᠲᠤ᠎ᠪᠠᠷ ᠴᠣᠭᠴᠠᠯᠠᠬᠰᠠᠨ ᠬᠥᠷᠳᠡᠯ᠎ᠡ ᠱᠠᠲᠤ ᠱᠠᠲᠤ᠎ᠪᠠᠷ ᠠᠬᠢᠭᠤᠯᠤᠨ᠂ ᠲᠠᠷᠢᠶᠠᠯᠠᠩ᠂ ᠨᠡᠭᠦᠳᠡᠯ ᠮᠠᠯᠵᠢᠯ᠂ ᠵᠢᠭᠠᠰᠤ ᠠᠩᠨᠠᠬᠤ ᠪᠣᠯᠪᠠᠰᠤᠨ᠎ᠤ ᠬᠠᠮᠲᠤ᠎ᠶᠢᠨ ᠦᠵᠡᠮᠵᠢ᠎ᠶᠢ ᠵᠢᠷᠤᠭᠯᠠᠵᠤ᠂ ᠪᠠᠷᠠᠭᠤᠨ ᠯᠢᠶᠣᠤᠾᠧ ᠭᠣᠣᠯ᠎ᠤᠨ ᠳᠤᠮᠳᠠᠳᠤ᠎ᠶᠢᠨ ᠪᠣᠯᠪᠠᠰᠤᠨ᠎ᠤ ᠤᠮᠠᠷᠠᠲᠤ᠎ᠶᠢᠨ ᠡᠬᠢ ᠰᠤᠷᠪᠤᠯᠵᠢ ᠪᠣᠯᠤᠭᠰᠠᠨ ᠥᠪᠡᠷᠮᠢᠴᠡ ᠦᠨ᠎ᠡ ᠦᠷᠳᠡᠭ᠎ᠢ ᠲᠠᠢᠯᠪᠤᠷᠢᠯᠠᠬᠰᠠᠨ ᠪᠠᠢᠨ᠎ᠠ᠃
ᠲᠤᠰ ᠰᠣᠶᠣᠯ᠎ᠤᠨ ᠨᠠᠢᠷ᠎ᠢ ᠲᠦᠩᠯᠢᠶᠣᠣ ᠬᠤᠳᠠ᠎ᠶᠢᠨ ᠵᠠᠰᠠᠭ᠎ᠤᠨ ᠣᠷᠳᠣᠨ ᠭᠣᠣᠯᠯᠠᠨ ᠡᠷᠬᠢᠯᠡᠵᠦ᠂ ᠲᠦᠩᠯᠢᠶᠤᠤ ᠬᠤᠳᠠ᠎ᠶᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠲᠦᠩᠯᠢᠶᠤᠤ ᠬᠤᠳᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠳᠠᠭᠠᠭᠠᠴᠢᠯᠠᠨ ᠡᠷᠬᠢᠯᠡᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠤᠷᠠᠨ ᠰᠠᠢᠬᠠᠨ᠎ᠤ ᠦᠵᠡᠭᠦᠯᠭᠡ᠎ᠶᠢᠨ ᠲᠣᠭᠯᠠᠯᠲᠠ᠂ ᠡᠷᠳᠡᠮ ᠰᠢᠨᠵᠢᠯᠡᠭᠡᠨ᠎ᠦ ᠰᠤᠳᠤᠯᠭᠠᠨ ᠶᠠᠷᠢᠯᠴᠠᠭ᠎ᠠ᠂ ᠰᠣᠶᠣᠯ ᠪᠡᠶ᠎ᠡ ᠵᠢᠨ ᠲᠠᠮᠢᠷ᠎ᠤᠨ ᠤᠷᠤᠯᠳᠤᠭᠠᠨ᠂ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠡᠷᠭᠡ 4 ᠲᠣᠮᠣ᠌ ᠬᠡᠰᠡᠭ᠎ᠢ ᠨᠡᠢᠳᠬᠡᠵᠦ᠂ 28 ᠵᠦᠢᠯ᠎ᠦᠨ ᠣᠨᠴᠠᠯᠢᠭ᠍ᠲᠤ ᠠᠵᠢᠯᠯᠠᠭᠠᠥᠷᠨᠢᠭᠦᠯᠥᠨ᠂ 《ᠲᠦᠩᠯᠢᠶᠣᠣ ᠳ᠋ᠤ ᠵᠢᠭᠤᠯᠴᠢᠯᠠᠶ᠎ᠠ》 ᠭᠡᠬᠥ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠢ ᠦᠷᠭᠦᠯᠵᠢᠯᠡᠨ ᠳᠠᠭᠤᠷᠢᠰᠤᠭᠤᠯᠵᠤ᠂ 7 ᠰᠠᠷ᠎ᠠ᠎ᠶᠢᠨ ᠳᠤᠮᠳᠠᠴᠢ᠎ᠠᠴᠠ 8 ᠰᠠᠷ᠎ᠠ᠎ᠶᠢᠨ ᠳᠤᠮᠳᠠᠴᠢ ᠪᠤᠯᠳᠠᠯ᠎ᠠ ᠶᠠᠪᠤᠬᠳᠠᠬᠤ ᠪᠤᠯᠤᠨ᠎ᠠ᠃ ᠰᠣᠶᠣᠯ᠎ᠤᠨ ᠨᠠᠢᠷᠳᠡᠭᠡᠷᠡ ᠡᠯᠪᠡᠭ ᠪᠠᠶᠠᠯᠢᠭ᠋ ᠪᠥᠭᠡᠳ ᠣᠯᠠᠨ ᠡᠰᠢᠲᠦ ᠠᠵᠢᠯᠯᠠᠭ᠎ᠠ ᠳᠤᠬᠢᠷᠠᠭᠤᠯᠵᠠᠢ᠃ ᠤᠷᠠᠨ ᠰᠠᠢᠬᠠᠨ᠎ᠤ ᠳᠠᠯ᠎ᠠ ᠪᠡᠷ ᠣᠯᠠᠨ ᠣᠳᠣᠳ᠎ᠤᠨ ᠲᠣᠭᠯᠠᠯᠲᠠ᠂ ᠪᠤᠬᠳᠤ ᠡᠯᠡᠰᠦᠨ᠎ᠤ ᠳᠡᠭᠤᠤ ᠬᠥᠭᠵᠢᠮ᠎ᠦᠨ ᠭᠠᠷᠠᠭ᠂ ᠨᠠᠢᠷᠠᠯ ᠬᠥᠭᠵᠢᠮ᠎ᠦᠨ ᠲᠤᠦᠯᠢᠰᠤᠨ ᠲᠣᠭᠣᠷᠢᠨ ᠲᠣᠭᠯᠠᠯᠲᠠ ᠪᠣᠶ; ᠰᠣᠶᠣᠯ ᠦᠵᠡᠰᠬᠦᠯᠡᠩ᠎ᠦᠨ ᠲᠠᠯ᠎ᠠ ᠪᠡᠷ ᠮᠤᠵᠢ ᠠᠯᠤᠰᠯᠠᠭᠰᠠᠨ ᠡᠷᠳᠡᠨ᠎ᠤ ᠪᠠᠭᠤᠷᠢ᠎ᠶᠢᠨ ᠬᠠᠮᠲᠤᠷᠠᠭᠰᠠᠨ ᠦᠵᠡᠭᠥᠯᠭᠡ᠂ ᠪᠠᠷᠠᠭᠤᠨ ᠯᠢᠶᠣᠤᠾᠧ ᠭᠣᠣᠯ᠎ᠤᠨ ᠬᠥᠪᠡᠭᠡᠨ᠎ᠳᠡᠬᠢ ᠨᠣᠮ ᠤᠩᠰᠢᠬᠤ ᠴᠤᠬᠯᠠᠭᠠᠨ ᠥᠷᠨᠢᠭᠦᠯᠬᠥ ᠪᠤᠯᠤᠨ᠎ᠠ; ᠬᠣᠰᠢᠭᠤ ᠰᠢᠶᠠᠨ᠎ᠤ ᠣᠨᠴᠠᠯᠢᠭ᠍ᠲᠤ ᠠᠵᠢᠯᠯᠠᠭ᠎ᠠ᠎ᠳᠤ ᠬᠦᠷᠢᠶ᠎ᠡ ᠬᠤᠰᠢᠭᠤᠨ᠎ᠤ ᠠᠨᠳᠠᠢ ᠰᠣᠶᠣᠯ᠎ᠤᠨ ᠭᠠᠷᠠᠭ᠂ ᠺᠠᠶ᠋ᠢᠯᠦ ᠰᠢᠶᠠᠨ᠎ᠤ ᠮᠠᠢᠰᠢᠨ ᠰᠣᠶᠣᠯ᠎ᠤᠨ ᠤᠯᠠᠷᠢᠯ᠂ ᠵᠠᠷᠤᠳ ᠬᠤᠰᠢᠭᠤᠨ᠎ᠤ ᠪᠠᠢᠩᠭᠤᠵᠢᠭ᠍ᠰᠠᠨ ᠨᠠᠭᠠᠳᠤᠮ᠎ᠤᠨ ᠬᠤᠷᠠᠯ ᠵᠡᠷᠭᠡ ᠪᠠᠭᠲᠠᠨ᠎ᠠ᠃ ᠡᠭᠦᠨ᠎ᠦ ᠵᠡᠷᠭᠡ᠎ᠳᠦ 100 ᠲᠦᠮᠡᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠬᠡᠷᠡᠭᠯᠡᠭᠡ ᠵᠢᠨ ᠲᠡᠮᠳᠡᠭᠳᠤ ᠵᠢ ᠲᠦᠭᠡᠭᠡᠵᠦ᠂ 8 ᠬᠦᠷᠢᠶᠡᠯᠡᠯ ᠶᠠᠬᠡ᠎ᠲᠠᠢ ᠦᠵᠡᠮᠵᠢ᠎ᠶᠢᠨ ᠣᠷᠣᠨ᠎ᠳᠤ ᠴᠠᠭ ᠬᠢᠵᠠᠭᠠᠷᠯᠠᠨ ᠪᠢᠯᠧᠲ᠎ᠢ ᠬᠡᠯᠳᠥᠷᠢᠭᠥᠯᠬᠥ᠂ ᠰᠤᠳᠤᠯᠤᠨ ᠰᠤᠷᠤᠯᠴᠠᠬᠤ᠂ ᠰᠥᠨᠢ᠎ᠶᠢᠨ ᠵᠠᠬ᠎ᠠ ᠳᠡᠯᠭᠡᠭᠦᠷ᠂ ᠡᠯᠡᠰᠦ ᠮᠠᠩᠬᠠᠨᠲᠤᠳᠤᠷᠠ ᠪᠠᠭᠤᠳᠠᠯᠯᠠᠬᠤ ᠵᠡᠷᠭᠡ ᠡᠵᠡᠩᠨᠡᠯᠲᠡ᠎ᠶᠢᠨ ᠬᠡᠯᠪᠡᠷᠢ ᠵᠢ ᠵᠡᠷᠭᠡ᠎ᠪᠡᠷ ᠥᠷᠨᠢᠭᠥᠯᠵᠤ᠂ ᠰᠣᠶᠣᠯ᠎ᠢᠶᠠᠷ ᠵᠢᠭᠤᠯᠴᠢᠯᠠᠯ᠎ᠢ ᠠᠬᠢᠭᠤᠯᠥᠨ᠂ ᠵᠢᠭᠤᠯᠴᠢᠯᠠᠯ᠎ᠢᠶᠠᠷ ᠬᠤᠳᠠᠯᠳᠤᠭ᠎ᠠ᠎ᠶᠢ ᠬᠥᠭᠵᠢᠭᠦᠯᠵᠤ᠂ ᠬᠣᠲᠠ᠎ᠶᠢᠨ ᠬᠡᠷᠡᠭᠯᠡᠭᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠥ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃