ᠲᠡᠷᠢᠭᠦᠨ ᠨᠢᠭᠤᠷ>ᠨᠠᠭᠠᠳᠤᠮ ᠴᠡᠩᠬᠡᠭᠦᠨ>ᠣᠳᠣᠨ ᠲᠠᠭ᠍ᠲᠤ

2026-08-28 17:38:09

ᠵᠣᠬᠢᠶᠠᠭ᠍ᠴᠢ᠄ ​ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠠᠡᠭᠬᠠᠳᠤᠭᠠᠷ ᠬᠤᠭᠤᠴᠠᠭᠠᠨ ᠤ᠋ ᠮᠠᠯᠴᠢᠨ ᠲᠠᠷᠢᠶᠠᠴᠢᠨ ᠤ᠋ 《ᠲᠤᠰᠬᠤᠨ ᠤ᠋ ᠵᠢᠷᠤᠭ》 ᠤ᠋ᠨ ᠰᠤᠯᠢᠯᠴᠠᠭᠠᠨ ᠤ᠋ ᠠᠵᠢᠯᠯᠠᠭ᠎ᠠ ᠶᠠᠪᠤᠭᠳᠠᠵᠠᠢ

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠭᠤᠤᠯᠯᠠᠨ ᠡᠷᠬᠢᠯᠡᠭᠰᠡᠨ ᠠᠡᠭᠬᠠᠳᠤᠭᠠᠷ ᠬᠤᠭᠤᠴᠠᠭᠠᠨ ᠤ᠋ ᠮᠠᠯᠴᠢᠨ ᠲᠠᠷᠢᠶᠠᠴᠢᠨ ᠤ᠋ 《ᠲᠤᠰᠬᠤᠨ ᠤ᠋ ᠵᠢᠷᠤᠭ》 ᠤ᠋ᠨ ᠰᠤᠯᠢᠯᠴᠠᠭᠠᠨ ᠤ᠋ ᠠᠵᠢᠯᠯᠠᠭ᠎ᠠ ᠲᠦᠷᠦᠭᠦᠬᠡᠨ ᠱᠠᠨᠳᠦ᠋ᠡᠭ ᠮᠤᠵᠢ ᠶ᠋ᠢᠨ ᠵᠦᠴᠸᠡᠭ ᠬᠤᠲᠠ ᠳ᠋ᠦ ᠶᠠᠪᠤᠭᠳᠠᠪᠠ᠃

ᠲᠤᠰ ᠠᠵᠢᠯᠯᠠᠭ᠎ᠠ ᠳ᠋ᠦ ᠪᠦᠬᠦ ᠤᠷᠤᠨ ᠤ᠋ 《ᠲᠤᠰᠬᠤᠨ ᠤ᠋ ᠵᠢᠷᠤᠭ》 ᠤ᠋ᠨ ᠪᠤᠯᠪᠠᠰᠤᠷᠠᠯ ᠤ᠋ᠨ ᠠᠡᠭᠬᠢ ᠶ᠋ᠢᠨ 50 ᠭᠠᠷᠤᠢ ᠮᠠᠯᠴᠢᠨ ᠲᠠᠷᠢᠶᠠᠴᠢᠨ ᠤ᠋ ᠤᠷᠠᠨ ᠵᠢᠷᠤᠭ ᠢ᠋ ᠳᠡᠯᠭᠡᠨ ᠦᠵᠡᠭᠦᠯᠵᠦ᠂ ᠠᠷᠠᠳ ᠤ᠋ᠨ ᠤᠷᠠᠯᠢᠭᠴᠢᠳ ᠶ᠋ᠢᠡᠷ ᠳᠠᠮᠵᠢᠨ ᠦᠪᠦᠷ ᠮᠤᠡᠭᠭᠤᠯ ᠱᠠᠨᠳᠦ᠋ᠡᠭ ᠤ᠋ᠨ ᠰᠤᠶᠤᠯ ᠤ᠋ᠨ ᠰᠤᠯᠢᠯᠴᠠᠭ᠎ᠠ ᠵᠢ ᠭᠦᠨᠵᠡᠭᠡᠢᠷᠡᠭᠦᠯᠵᠦ᠂ ᠬᠦᠳᠡᠭᠡ ᠨᠤᠲᠤᠭ ᠤ᠋ᠨ ᠤᠷᠠᠯᠢᠭ ᠶ᠋ᠢᠡᠷ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠪᠡ᠃ ᠲᠤᠰ ᠤᠳᠠᠭ᠎ᠠ ᠵᠢᠨ ᠳᠡᠯᠭᠡᠨ ᠦᠵᠡᠭᠦᠯᠦᠭᠰᠡᠨ ᠤᠷᠠᠨ ᠵᠢᠷᠤᠭ ᠨᠢ ᠪᠦᠬᠦᠨ ᠶ᠋ᠢᠡᠷ ᠶ᠋ᠢᠡᠨ ᠮᠠᠯᠴᠢᠨ ᠲᠠᠷᠢᠶᠠᠴᠢᠨ ᠤ᠋ ᠤᠭ ᠪᠦᠲᠦᠭᠡᠯ ᠪᠠᠢᠵᠤ ᠂ ᠲᠠᠯ᠎ᠠ ᠨᠤᠲᠤᠭ ᠤ᠋ᠨ ᠦᠡᠭᠭᠡ ᠦᠵᠡᠮᠵᠢ ᠂ ᠮᠠᠯ ᠠᠵᠤ ᠠᠬᠤᠢ ᠲᠠᠷᠢᠶᠠᠯᠠᠡᠭ ᠤ᠋ᠨ ᠦᠢᠯᠡᠳᠪᠦᠷᠢᠯᠡᠯ᠂ ᠦᠵᠡᠰᠭᠦᠯᠡᠡᠭᠲᠦ ᠰᠠᠢᠬᠠᠨ ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠲᠠ ᠵᠡᠷᠭᠡ ᠠᠬᠤᠢ ᠪᠠᠢᠳᠠᠯ ᠢ᠋ ᠵᠢᠷᠤᠭᠯᠠᠵᠤ ᠂ ᠵᠢᠷᠤᠭ ᠤ᠋ᠨ ᠬᠡᠪ ᠨᠠᠮᠪᠠ ᠪᠤᠷᠤᠭᠵᠢᠭᠤᠨ ᠠᠮᠢᠳᠤᠯᠢᠭ ᠂ ᠬᠦᠳᠡᠭᠡ ᠨᠤᠲᠤᠭ ᠤ᠋ᠨ ᠤᠨᠴᠠᠯᠢᠭ ᠳᠤᠪᠤᠢᠮ᠎ᠠ ᠪᠠᠢᠵᠤ ᠂ ᠮᠠᠨ ᠤ᠋ ᠤᠷᠤᠨ ᠤ᠋ ᠮᠠᠯᠴᠢᠨ ᠲᠠᠷᠢᠶᠠᠴᠢᠨ ᠤ᠋ ᠤᠷᠠᠯᠢᠭ ᠤ᠋ᠨ ᠬᠡᠪ ᠪᠤᠯᠪᠠᠰᠤᠷᠠᠯ ᠬᠢᠭᠡᠳ ᠦᠵᠠᠯ ᠰᠠᠨᠠᠭᠠᠨ ᠤ᠋ ᠳᠦᠷᠰᠦ ᠪᠠᠢᠳᠠᠯ ᠢ᠋ ᠭᠦᠢᠴᠡᠳ ᠢᠯᠡᠷᠡᠭᠦᠯᠪᠡ᠃

ᠠᠵᠢᠯᠯᠠᠭ᠎ᠠ ᠶ᠋ᠢᠨ ᠠᠬᠤᠢ ᠲᠠᠯᠠᠪᠠᠢ ᠳ᠋ᠦ ᠂ ᠲᠤᠰᠬᠠᠢ ᠮᠡᠷᠭᠡᠵᠢᠯᠲᠡᠨ ᠡᠴᠡ ᠮᠠᠯᠴᠢᠨ ᠲᠠᠷᠢᠶᠠᠴᠢᠨ ᠤ᠋ ᠳᠡᠯᠭᠡᠨ ᠦᠵᠡᠭᠦᠯᠦᠭᠰᠡᠨ ᠤᠷᠠᠨ ᠵᠢᠷᠤᠭ ᠲᠠᠢ ᠤᠶᠠᠯᠳᠤᠭᠤᠯᠤᠨ ᠬᠢᠴᠢᠶᠠᠯ ᠲᠠᠢᠯᠤᠮᠵᠢ ᠬᠢᠵᠦ᠂ ᠤᠷᠠᠯᠠᠨ ᠵᠢᠷᠤᠭᠯᠠᠬᠤ ᠤᠷ᠎ᠠ ᠮᠡᠷᠭᠡᠵᠢᠯ ᠢ᠋ ᠡᠵᠡᠮᠰᠢᠬᠦ ᠂ ᠦᠡᠭᠬᠡ ᠪᠤᠳᠤᠭ ᠬᠡᠷᠡᠭᠯᠡᠬᠦ᠂ ᠦᠵᠡᠭᠳᠡᠯ ᠢ᠋ ᠵᠢᠷᠤᠬᠤ ᠵᠡᠷᠭᠡ ᠲᠤᠰᠬᠠᠢ ᠮᠡᠷᠭᠡᠵᠢᠯ ᠤ᠋ᠨ ᠠᠭᠤᠯᠭ᠎ᠠ ᠵᠢ ᠬᠠᠨᠳᠤᠯᠭ᠎ᠠ ᠲᠠᠢ ᠪᠠᠷ ᠲᠠᠢᠯᠪᠤᠷᠢᠯᠠᠵᠤ᠂ ᠮᠠᠯᠴᠢᠨ ᠲᠠᠷᠢᠶᠠᠴᠢᠨ ᠤ᠋ ᠮᠠᠳᠠᠭ ᠲᠠᠢ ᠵᠦᠢᠯᠡᠰ ᠲᠦ᠍ ᠲᠠᠢᠯᠤᠮᠵᠢ ᠬᠢᠵᠡᠢ᠃ ᠮᠠᠯᠴᠢᠨ ᠲᠠᠷᠢᠶᠠᠴᠢᠨ ᠡᠴᠡ᠂ ᠲᠤᠰ ᠠᠵᠢᠯᠯᠠᠭ᠎ᠠ ᠳ᠋ᠦ ᠤᠷᠤᠯᠴᠠᠭᠠᠳ ᠮᠠᠰᠢ ᠶᠡᠬᠡ ᠤᠯᠤᠯᠲᠠ ᠲᠠᠢ ᠂ ᠨᠤᠲᠤᠭ ᠲᠠᠭᠠᠨ ᠪᠤᠴᠠᠭᠰᠠᠨ ᠤ᠋ ᠳᠠᠷᠠᠭ᠎ᠠ ᠤᠷᠤᠨ ᠨᠤᠳᠤᠭ ᠤ᠋ᠨ ᠶ᠋ᠢᠡᠨ ᠪᠤᠳᠠᠳᠤ ᠪᠠᠢᠳᠠᠯ ᠲᠠᠢ ᠤᠶᠠᠯᠳᠤᠭᠤᠯᠤᠨ ᠦᠪᠦᠷ ᠮᠤᠡᠭᠭᠤᠯ ᠤ᠋ᠨ ᠬᠦᠳᠡᠭᠡ ᠲᠤᠰᠬᠤᠨ ᠤ᠋ ᠬᠦᠭᠵᠢᠯᠲᠡ ᠶ᠋ᠢᠨ ᠪᠠᠢᠳᠠᠯ ᠢ᠋ ᠢᠯᠡᠷᠡᠭᠦᠯᠦᠭᠰᠡᠨ ᠨᠡᠡᠭ ᠤᠯᠠᠨ ᠰᠢᠯᠢᠳᠡᠭ ᠪᠦᠲᠦᠭᠡᠯ ᠢ᠋ ᠤᠷᠠᠯᠠᠨ ᠵᠢᠷᠤᠵᠤ᠂ ᠨᠡᠡᠭ ᠤᠯᠠᠨ ᠬᠦᠮᠤᠨ ᠳ᠋ᠤ ᠦᠪᠦᠷ ᠮᠤᠡᠭᠭᠤᠯ ᠶ᠋ᠢᠡᠨ ᠤᠬᠠᠭᠤᠯᠤᠨ ᠲᠠᠨᠢᠭᠤᠯᠵᠤ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠦ ᠬᠦᠳᠡᠭᠡ ᠨᠤᠲᠤᠭ ᠤ᠋ᠨ ᠤᠷᠠᠯᠢᠭ ᠤ᠋ᠨ ᠬᠦᠴᠦᠨ ᠴᠢᠳᠠᠯ ᠢ᠋ ᠨᠡᠮᠡᠷᠢᠯᠡᠨ᠎ᠡ ᠭᠡᠵᠤ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面