2026-09-01 10:54:38
ᠳᠥᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ 《ᠪᠥᠬᠥ ᠠᠷᠠᠳ ᠤ᠋ᠨ ᠭᠤᠸ᠎ᠠ ᠰᠠᠢᠬᠠᠨ ᠤ᠋ ᠬᠥᠮᠦᠵᠢᠯ》 ᠤ᠋ᠨ ᠵᠠᠯᠠᠭᠤᠴᠤᠳ ᠪᠠᠭᠠᠴᠤᠳ ᠲᠦ᠍ ᠤᠷᠠᠯᠢᠭ᠋ ᠲᠦᠭᠡᠮᠡᠯᠵᠢᠭᠦᠯᠬᠦ ᠪᠥᠵᠢᠭ ᠤ᠋ᠨ ᠦᠷ᠎ᠡ ᠪᠦᠲᠦᠭᠡᠯ ᠤ᠋ᠨ ᠦᠵᠡᠭᠦᠯᠭᠡ ᠲᠦᠷᠦᠬᠦᠬᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠣᠷᠳᠣᠨ ᠳ᠋ᠦ ᠥᠨᠳᠥᠷᠯᠡᠪᠡ᠃ ᠲᠣᠰ ᠠᠵᠢᠯᠯᠠᠭ᠎ᠠ ᠵᠢ ᠰᠣᠶᠣᠯ ᠪᠠ ᠵᠢᠭᠤᠯᠴᠢᠯᠠᠯ ᠤ᠋ᠨ ᠶᠠᠮᠤᠨ ᠤ᠋ ᠪᠥᠬᠥ ᠤᠯᠤᠰ ᠤ᠋ᠨ ᠣᠯᠠᠨ ᠨᠡᠶ᠋ᠢᠲᠡ ᠶ᠋ᠢᠨ ᠰᠣᠶᠣᠯ ᠤ᠋ᠨ ᠬᠥᠭᠵᠢᠬᠦᠯᠦᠯᠲᠡ ᠶ᠋ᠢᠨ ᠲᠥᠪ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠭᠣᠣᠯᠯᠠᠨ ᠡᠷᠭᠢᠯᠡᠵᠤ᠂ 2 ᠵᠢᠯ ᠳᠠᠷᠠᠭᠠᠯᠠᠨ ᠥᠪᠥᠷ ᠮᠣᠩᠭᠣᠯ ᠳ᠋ᠦ ᠡᠷᠬᠢᠯᠡᠨ ᠶᠠᠪᠤᠭᠳᠠᠭᠤᠯᠵᠠᠢ᠃
ᠲᠣᠰ ᠤᠳᠠᠭ᠎ᠠ ᠵᠢᠨ ᠦᠵᠡᠭᠦᠯᠭᠡ ᠵᠢᠨ ᠲᠤᠭᠯᠠᠯᠳᠠ ᠳ᠋ᠦ ᠪᠥᠬᠥ ᠤᠯᠤᠰ ᠡᠴᠡ ᠵᠠᠯᠠᠭᠤᠴᠤᠳ ᠪᠠᠭᠠᠴᠤᠳ ᠤ᠋ᠨ ᠪᠥᠵᠢᠭ ᠤ᠋ᠨ 208 ᠪᠦᠲᠦᠭᠡᠯ ᠢ᠋ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠲᠠᠪᠴᠠᠩ ᠢ᠋ᠶ᠋ᠠᠷ ᠡᠯᠰᠡᠵᠦ᠂ 84 ᠪᠦᠲᠦᠭᠡᠯ ᠨᠢ ᠪᠥᠬᠥ ᠤᠯᠤᠰ ᠤ᠋ᠨ ᠭᠣᠣᠯᠳᠠᠯᠭ᠎ᠠ ᠲᠠᠢ ᠳᠡᠪᠰᠢᠬᠦᠯᠦᠨ ᠲᠠᠨᠢᠯᠴᠠᠭᠤᠯᠬᠤ ᠲᠤᠭᠯᠠᠯᠳᠠ ᠳ᠋ᠦ ᠰᠣᠩᠭᠣᠭᠳᠠᠨ᠂ ᠬᠠᠮᠤᠭ ᠤ᠋ᠨ ᠰᠡᠬᠦᠯ ᠳ᠋ᠤ 15 ᠰᠣᠳᠣᠨ ᠲᠣᠭᠯᠠᠯᠲᠠ ᠵᠢ ᠳᠠᠢᠰᠠᠨ ᠳ᠋ᠦ ᠲᠤᠭᠯᠠᠵᠠᠢ᠃ ᠲᠣᠭᠯᠠᠯᠲᠠ ᠳ᠋ᠦ ᠣᠷᠣᠯᠴᠠᠭᠰᠠᠨ ᠪᠦᠲᠦᠭᠡᠯ ᠨᠢ ᠬᠢᠳᠠᠳ ᠪᠥᠵᠢᠭ᠂ ᠣᠲᠣ᠌ ᠦᠶ᠎ᠡ ᠶ᠋ᠢᠨ ᠪᠥᠵᠢᠭ᠂ ᠵᠡᠭᠡᠯᠢ ᠶ᠋ᠢᠨ ᠪᠥᠵᠢᠭ᠂ ᠦᠨᠳᠦᠰᠦᠲᠡᠨ ᠤ᠋ ᠠᠷᠠᠳ ᠤ᠋ᠨ ᠪᠥᠵᠢᠭ ᠤ᠋ᠨ ᠣᠯᠠᠨ ᠲᠥᠷᠥᠯ ᠢ᠋ ᠬᠠᠮᠤᠷᠴᠤ᠂ ᠡᠯ᠎ᠡ ᠭᠠᠵᠠᠷ ᠤ᠋ᠨ ᠵᠠᠯᠠᠭᠤᠴᠤᠳ ᠪᠠᠭᠠᠴᠤᠳ ᠪᠦᠵᠢᠭ ᠤ᠋ᠨ ᠤᠷ᠎ᠠ ᠠᠪᠢᠶᠠᠰ ᠢ᠋ᠶ᠋ᠡᠨ ᠭᠠᠢᠬᠠᠭᠤᠯᠤᠨ᠂ ᠠᠬᠤᠢ ᠳᠠᠯᠠᠪᠠᠢ ᠶ᠋ᠢᠨ ᠲᠤᠭᠯᠠᠯᠳᠠ ᠵᠢ ᠰᠢᠭᠤᠳ ᠨᠡᠪᠲᠡᠷᠡᠭᠦᠯᠭᠡ ᠪᠡᠷ ᠦᠵᠡᠬᠦᠯᠵᠦ᠂ ᠨᠠᠩ ᠣᠯᠠᠨ ᠦᠵᠡᠭᠴᠢ ᠳ᠋ᠤ ᠪᠥᠵᠢᠭ ᠤᠷᠠᠯᠢᠭ᠋ ᠤ᠋ᠨ ᠰᠠᠢᠬᠠᠨ ᠢ᠋ ᠡᠳ᠋ᠯᠡᠭᠦᠯᠪᠡ᠃ ᠠᠵᠢᠯᠯᠠᠭ᠎ᠠ ᠶ᠋ᠢᠨ ᠬᠤᠭᠤᠴᠠᠭᠠᠨ ᠳ᠋ᠦ᠂ ᠲᠠᠢᠰᠠᠨ ᠤ᠋ ᠲᠤᠭᠯᠠᠯᠳᠠ ᠡᠴᠡ ᠭᠠᠳᠠᠨ᠎ᠠ ᠪᠠᠰᠠ ᠭᠤᠸ᠎ᠠ ᠰᠠᠢᠬᠠᠨ ᠤ᠋ ᠬᠥᠮᠦᠵᠢᠯ ᠤ᠋ᠨ ᠲᠤᠰᠬᠠᠢ ᠰᠡᠳᠦᠪᠲᠦ ᠰᠣᠯᠢᠯᠴᠠᠭᠠᠨ ᠤ᠋ ᠬᠤᠷᠠᠯ᠂ ᠪᠥᠵᠢᠭ ᠤ᠋ᠨ ᠵᠣᠬᠢᠶᠠᠨ ᠪᠦᠲᠦᠭᠡᠯᠭᠡ ᠶ᠋ᠢᠨ ᠶᠡᠬᠡ ᠪᠠᠭ᠍ᠰᠢᠳᠠᠨ ᠤ᠋ ᠬᠢᠴᠢᠶᠡᠯ᠂ ᠪᠥᠵᠢᠭ ᠤ᠋ᠨ ᠠᠨᠠᠭᠠᠬᠤ ᠵᠠᠰᠠᠯᠭ᠎ᠠ ᠶ᠋ᠢᠨ ᠰᠣᠯᠢᠯᠴᠠᠭ᠎ᠠ᠂ ᠥᠪᠥᠷ ᠮᠣᠩᠭᠣᠯ ᠤ᠋ᠨ ᠠᠷᠠᠳ ᠤ᠋ᠨ ᠵᠠᠩ ᠦᠶ᠋ᠯᠡ ᠶ᠋ᠢ ᠬᠦᠨᠵᠡᠬᠡᠢ ᠪᠡᠶᠡᠴᠢᠯᠡᠨ ᠣᠢᠯᠠᠭᠠᠬᠤ ᠵᠡᠷᠭᠡ ᠠᠯᠢ ᠣᠯᠠᠨ ᠨᠡᠶ᠋ᠢᠲᠡ ᠶ᠋ᠢᠨ ᠠᠰᠠᠷᠠᠮᠵᠢ ᠶ᠋ᠢᠨ ᠭᠤᠸ᠎ᠠ ᠰᠠᠢᠬᠠᠨ ᠤ᠋ ᠬᠥᠮᠦᠵᠢᠯ ᠤ᠋ᠨ ᠠᠵᠢᠯᠯᠠᠭ᠎ᠠ ᠵᠢ ᠢᠵᠢ ᠪᠦᠷᠢᠳᠦᠬᠦᠯᠦᠨ ᠡᠷᠭᠢᠯᠡᠵᠦ᠂ ᠠᠵᠢᠯᠯᠠᠭ᠎ᠠ ᠶ᠋ᠢᠨ ᠠᠭᠤᠯᠤᠭᠳᠠᠬᠤᠨ ᠢ᠋ ᠪᠠᠶᠠᠯᠢᠭ᠍ᠵᠢᠭᠤᠯᠤᠨ᠂ ᠪᠥᠬᠥ ᠤᠯᠤᠰ ᠤ᠋ᠨ ᠵᠠᠯᠠᠭᠤᠴᠤᠳ ᠪᠠᠭᠠᠴᠤᠳ ᠤ᠋ᠨ ᠪᠥᠵᠢᠭ ᠤ᠋ᠨ ᠤᠷᠠᠯᠢᠭ᠋ ᠤ᠋ᠨ ᠰᠣᠯᠢᠯᠴᠠᠭ᠎ᠠ ᠬᠢᠵᠦ ᠬᠠᠷᠢᠯᠴᠠᠨ ᠰᠤᠷᠤᠯᠴᠠᠬᠤ ᠲᠠᠪᠴᠠᠩ ᠢ᠋ ᠤᠯᠠᠮ ᠲᠡᠬᠦᠯᠳᠡᠷᠵᠢᠬᠦᠯᠪᠡ᠃
ᠦᠪᠤᠷ ᠮᠤᠩᠭᠤᠯ ᠥᠪᠡᠷᠮᠢᠴᠡ ᠳᠠᠭᠤᠤ ᠪᠥᠵᠢᠭ ᠤ᠋ᠨ ᠰᠣᠶᠣᠯ ᠤ᠋ᠨ ᠡᠬᠢ ᠪᠠᠶᠠᠯᠢᠭ᠋ ᠪᠣᠯᠣᠨ ᠣᠯᠠᠨ ᠨᠡᠶ᠋ᠢᠲᠡ ᠶ᠋ᠢᠨ ᠰᠣᠶᠣᠯ ᠤ᠋ᠨ ᠦᠢᠯᠡᠴᠢᠯᠡᠭᠡᠨ ᠤ᠋ ᠵᠢᠭ᠍ᠰᠠᠭᠠᠯ ᠤ᠋ᠨ ᠭᠠᠵᠠᠷᠲᠠᠭᠠᠨ ᠲᠦᠰᠢᠭᠯᠡᠨ᠂ ᠲᠣᠰ ᠤᠳᠠᠭ᠎ᠠ ᠵᠢᠨ ᠲᠣᠭᠯᠠᠯᠲᠠ ᠳ᠋ᠦ ᠨᠡᠶ᠋ᠢᠲᠡ ᠶ᠋ᠢᠨ ᠠᠰᠠᠷᠠᠮᠵᠢ ᠶ᠋ᠢᠨ ᠲᠦᠭᠡᠮᠡᠯ ᠬᠠᠷᠠᠭᠠᠯᠵᠠᠯ ᠤ᠋ᠨ ᠵᠠᠷᠴᠢᠮ ᠢ᠋ ᠪᠠᠷᠢᠮᠲᠠᠯᠠᠵᠤ᠂ ᠪᠥᠵᠢᠭ ᠢ᠋ᠶ᠋ᠡᠷ ᠬᠥᠮᠥᠨ ᠢ᠋ ᠬᠥᠮᠥᠵᠢᠭᠦᠯᠤᠨ᠂ ᠰᠢᠨ᠎ᠡ ᠴᠠᠭ ᠦᠶ᠎ᠡ ᠶ᠋ᠢᠨ ᠵᠠᠯᠠᠭᠤᠴᠤᠳ ᠪᠠᠭᠠᠴᠤᠳ ᠤ᠋ᠨ ᠴᠣᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠭᠦᠢᠴᠡᠳ ᠢᠯᠡᠷᠡᠭᠦᠯᠵᠦ᠂ ᠪᠥᠬᠥ ᠤᠯᠤᠰ ᠤ᠋ᠨ ᠡᠯ᠎ᠡ ᠭᠠᠵᠠᠷ ᠤ᠋ᠨ ᠵᠠᠯᠠᠭᠤᠴᠤᠳ ᠪᠠᠭᠠᠴᠤᠳ ᠤ᠋ᠨ ᠭᠤᠸ᠎ᠠ ᠰᠠᠢᠬᠠᠨ ᠤ᠋ ᠬᠥᠮᠦᠵᠢᠯ ᠦᠢᠯᠡᠳᠦᠯᠭᠡ ᠶ᠋ᠢᠨ ᠦᠷ᠎ᠡ ᠪᠦᠲᠦᠭᠡᠯ ᠢ᠋ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠵᠢ ᠠᠬᠢᠭᠤᠯᠵᠤ᠂ ᠵᠠᠯᠠᠭᠤᠴᠤᠳ ᠪᠠᠭᠠᠴᠤᠳ ᠲᠦ᠍ ᠤᠷᠠᠯᠢᠭ᠋ ᠲᠦᠭᠡᠮᠡᠯᠵᠢᠭᠦᠯᠬᠦ ᠠᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃