ᠲᠡᠷᠢᠭᠦᠨ ᠨᠢᠭᠤᠷ>ᠨᠠᠭᠠᠳᠤᠮ ᠴᠡᠩᠬᠡᠭᠦᠨ>ᠣᠳᠣᠨ ᠲᠠᠭ᠍ᠲᠤ

2026-09-11 11:45:33

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

9 ᠰᠠᠷ᠎ᠠ᠎ᠶ᠋ᠢᠨ 3 ᠎ᠤ᠋ ᠡᠳᠦᠷ᠂ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠂ ᠥᠪᠡᠷᠲᠡᠭᠡᠨ ᠵᠠᠰᠠᠬᠤ ᠣᠷᠤᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠠᠴᠠ ᠭᠤᠤᠯᠯᠠᠨ ᠡᠷᠭᠢᠯᠡᠭᠰᠡᠨ 《ᠬᠠᠢᠷ᠎ᠠ ᠬᠠᠯᠠᠮᠵᠢ ᠡᠳᠦᠷ᠎ᠤᠨ ᠭᠤᠷᠪᠠᠨ ᠡᠷᠢᠨ᠎ᠤ ᠬᠤᠭᠤᠯᠠᠨ ᠳ᠋ᠤ ᠰᠢᠩᠭᠡᠵᠦ ᠵᠢᠯ᠎ᠤᠨ ᠳᠥᠷᠪᠡᠨ ᠤᠯᠠᠷᠢᠯ ᠵᠢᠡᠷ ᠦᠷᠬᠦᠯᠵᠢᠯᠡᠨᠡᠮ》 ᠭᠡᠬᠦ ᠬᠡᠷ᠎ᠤᠨ ᠬᠥᠮᠦᠵᠢᠯ᠎ᠤᠨ ᠲᠤᠬᠠᠢ ᠪᠤᠳᠠᠳᠤ ᠦᠵᠡᠭᠳᠡᠯᠲᠦ᠍ ᠵᠦᠴᠦᠭᠡ ᠵᠢᠨ ᠠᠩᠬᠠᠨ᠎ᠤ ᠲᠣᠭᠯᠠᠯᠲᠠ ᠵᠢᠴᠢ 2026 ᠣᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠨᠡᠶ᠋ᠢᠭᠡᠮ ᠲᠣᠭᠤᠷᠢᠭ᠎ᠤᠨ ᠬᠡᠷ᠎ᠤᠨ ᠠᠬᠠᠮᠠᠳ᠎ᠤᠨ ᠰᠤᠷᠭᠠᠭᠤᠯᠢ᠎ᠶ᠋ᠢᠨ《ᠰᠤᠷᠤᠯᠭ᠎ᠠ ᠡᠬᠢᠯᠡᠭᠰᠡᠨ ᠠᠩᠬᠠᠨ᠎ᠤ ᠬᠢᠴᠢᠶᠡᠯ》 ᠥᠪᠦᠷ ᠮᠣᠩᠭᠤᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠣᠷᠳᠤᠨ᠎ᠳᠤ ᠶᠠᠪᠤᠬᠳᠠᠪᠠ᠃

ᠲᠣᠰ ᠤᠳᠠᠭ᠎ᠠ ᠵᠢᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠬᠡᠷ᠎ᠤᠨ ᠬᠥᠮᠦᠵᠢᠯ᠎ᠤᠨ ᠠᠵᠢᠯ᠎ᠤᠨ ᠰᠢᠨ᠎ᠡ᠎ᠶ᠋ᠢ ᠡᠭᠦᠳᠦᠭᠰᠡᠨ ᠦᠢᠯᠡᠳᠦᠯᠭᠡ ᠪᠣᠯᠤᠨ᠎ᠠ᠃ ᠣᠶ᠋ᠢᠷ᠎ᠠ᠎ᠶ᠋ᠢᠨ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠂ ᠥᠪᠦᠷ ᠮᠣᠩᠭᠤᠯ᠎ᠤᠨ ᠡᠮᠡᠭᠲᠡᠶ᠋ᠢᠴᠦᠳ ᠬᠡᠦᠬᠡᠳ᠎ᠤᠨ ᠲᠥᠪ᠎ᠥᠷᠭᠡᠨ ᠣᠯᠠᠨ ᠬᠡᠷ ᠪᠦᠯᠢ᠎ᠶ᠋ᠢᠨ ᠭᠡᠷ᠎ᠤᠨ ᠬᠦᠮᠦᠵᠢᠯ ᠳ᠋ᠤ ᠠᠩᠬᠠᠷᠤᠯ᠎ᠢᠶᠠᠨ ᠲᠥᠪᠯᠡᠷᠡᠭᠦᠯᠦᠨ᠂ ᠰᠤᠷᠭᠠᠭᠤᠯᠢ ᠬᠡᠷ᠎ᠤᠨ ᠠᠬᠠᠮᠠᠳ ᠵᠢᠭᠠᠨ ᠰᠤᠷᠭᠠᠯᠲᠠ᠎ᠶ᠋ᠢᠨ ᠠᠴᠢᠶᠠᠯᠠᠪᠤᠷᠢ᠎ᠶ᠋ᠢ ᠲᠠᠰᠤᠷᠠᠯᠲᠠ ᠥᠬᠡᠢ ᠪᠠᠶᠠᠯᠢᠭᠵᠢᠭᠤᠯᠵᠤ᠂ ᠬᠡᠷ᠎ᠤᠨ ᠬᠥᠮᠦᠵᠢᠯ᠎ᠤᠨ ᠤᠬᠠᠭᠤᠯᠭ᠎ᠠ᠎ᠶ᠋ᠢᠨ ᠠᠷᠭ᠎ᠠ ᠵᠠᠮ᠎ᠢ ᠥᠷᠭᠡᠳᠬᠡᠪᠡ᠃ ᠲᠣᠰ ᠤᠳᠠᠭ᠎ᠠ ᠤᠯᠠᠮᠵᠢᠯᠠᠯᠲᠤ᠌ ᠬᠢᠴᠢᠶᠡᠯ᠎ᠤᠨ ᠲᠠᠩᠬᠢᠮ᠎ᠤᠨ ᠵᠠᠭᠪᠤᠷ᠎ᠢ ᠡᠪᠳᠡᠵᠦ᠍ ᠰᠢᠨ᠎ᠡ ᠵᠢ ᠡᠬᠦᠳᠦᠨ᠂ ᠠᠩᠬ᠎ᠠ ᠤᠳᠠᠭ᠎ᠠ ᠬᠡᠷ᠎ᠤᠨ ᠬᠥᠮᠦᠵᠢᠯ᠎ᠤᠨ ᠦᠵᠡᠭᠳᠡᠯᠲᠦ᠍ ᠵᠦᠴᠦᠭᠡ᠎ᠶ᠋ᠢ ᠪᠥᠬᠦ᠌ ᠣᠷᠤᠨ᠎ᠤ ᠨᠡᠶ᠋ᠢᠭᠡᠮ ᠲᠣᠭᠤᠷᠢᠭ᠎ᠤᠨ ᠬᠡᠷ᠎ᠤᠨ ᠠᠬᠠᠮᠠᠳ᠎ᠤᠨ ᠰᠤᠷᠭᠠᠭᠤᠯᠢ᠎ᠶ᠋ᠢᠨ《ᠰᠤᠷᠤᠯᠭ᠎ᠠ ᠡᠬᠢᠯᠡᠭᠰᠡᠨ ᠠᠩᠬᠠᠨ᠎ᠤ ᠬᠢᠴᠢᠶᠡᠯ》ᠲᠠᠢ ᠭᠦᠨᠵᠡᠭᠡᠢ ᠠᠭᠤᠰᠤᠯᠴᠠᠭᠤᠯᠵᠤ᠂ ᠬᠦᠨ ᠨᠡᠪᠴᠢᠭᠦᠯᠭᠦ ᠮᠠᠶᠢᠬ᠎ᠤᠨ ᠤᠳᠬ᠎ᠠ ᠤᠷᠠᠯᠢᠭ᠎ᠢᠶᠠᠷ ᠲᠠᠩ ᠴᠤᠯᠭᠤᠢ ᠣᠨᠤᠯ᠎ᠤᠨ ᠤᠬᠠᠭᠤᠯᠤᠨ ᠲᠠᠶ᠋ᠢᠯᠪᠤᠷᠢᠯᠠᠯᠳᠠ᠎ᠶ᠋ᠢ ᠣᠷᠤᠯᠠᠭᠤᠯᠵᠤ᠂《ᠤᠳᠬ᠎ᠠ ᠤᠷᠠᠯᠢᠭ᠎ᠢᠶᠠᠷ ᠬᠥᠮᠦᠨ᠎ᠢ ᠬᠥᠮᠦᠵᠢᠭᠦᠯᠬᠦ᠌ + ᠲᠤᠰᠭᠠᠢ ᠮᠡᠷᠭᠡᠵᠢᠯᠲᠡᠨ᠎ᠠᠴᠠ ᠬᠦᠴᠦᠨ ᠨᠡᠮᠡᠷᠢᠯᠡᠬᠦ᠌ + ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ》ᠰᠢᠨ᠎ᠡ ᠬᠡᠯᠪᠡᠷᠢ᠎ᠶ᠋ᠢᠨ ᠬᠡᠷ᠎ᠤᠨ ᠬᠥᠮᠦᠵᠢᠯ᠎ᠤᠨ ᠬᠢᠴᠢᠶᠡᠯ᠎ᠤᠨ ᠲᠠᠩᠬᠢᠮ᠎ᠢ ᠪᠠᠶ᠋ᠢᠭᠤᠯᠵᠤ᠂ ᠪᠥᠬᠦ᠌ ᠣᠷᠤᠨ᠎ᠤ ᠨᠡᠶ᠋ᠢᠭᠡᠮ ᠲᠣᠭᠤᠷᠢᠭ᠎ᠤᠨ ᠬᠡᠷ᠎ᠤᠨ ᠠᠬᠠᠮᠠᠳ᠎ᠤᠨ ᠰᠤᠷᠭᠠᠭᠤᠯᠢ᠎ᠶ᠋ᠢᠨ ᠰᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠠᠵᠢᠯ᠎ᠤᠨ ᠬᠥᠰᠢᠭᠡ᠎ᠶ᠋ᠢ ᠨᠡᠭᠡᠭᠡᠵᠦ᠍᠂ ᠬᠡᠷ ᠪᠦᠯᠢ ᠰᠤᠷᠭᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠪᠡ᠃

ᠠᠵᠢᠯᠯᠠᠭ᠎ᠠ᠎ᠳᠤ᠂ ᠮᠠᠨ᠎ᠤ ᠣᠷᠤᠨ᠎ᠤ ᠵᠤᠬᠢᠶᠠᠨ ᠪᠦᠲᠦᠭᠡᠭᠰᠡᠨ 《ᠬᠠᠢᠷ᠎ᠠ ᠬᠠᠯᠠᠮᠵᠢ ᠡᠳᠦᠷ᠎ᠤᠨ ᠭᠤᠷᠪᠠᠨ ᠡᠷᠢᠨ᠎ᠤ ᠬᠤᠭᠤᠯᠠᠠ ᠳ᠋ᠤ ᠰᠢᠩᠭᠡᠵᠦ ᠵᠢᠯ᠎ᠤᠨ ᠳᠥᠷᠪᠡᠨ ᠤᠯᠠᠷᠢᠯ᠎ᠵᠢᠡᠷ ᠦᠷᠬᠦᠯᠵᠢᠯᠡᠨᠡᠮ》ᠭᠡᠬᠦ ᠬᠡᠷ᠎ᠤᠨ ᠬᠥᠮᠦᠵᠢᠯ᠎ᠤᠨ ᠦᠵᠡᠭᠳᠡᠯᠲᠦ᠍ ᠵᠦᠴᠦᠭᠡ ᠵᠢ ᠠᠩᠬ᠎ᠠ ᠤᠳᠠᠭ᠎ᠠ ᠲᠤᠬᠯᠠᠪᠠ᠃ ᠲᠤᠰ ᠵᠦᠴᠦᠭᠡ᠎ᠨᠢ ᠡᠬᠡᠯ ᠵᠢᠷ᠎ᠦᠨ ᠣᠯᠠᠨ ᠦᠨᠳᠦᠰᠦᠲᠡᠨ᠎ᠦ ᠭᠡᠷ ᠪᠦᠯᠢ᠎ᠶ᠋ᠢᠨ ᠡᠳᠦᠷ ᠳᠣᠲᠤᠮ᠎ᠤᠨ ᠠᠮᠢᠳᠤᠷᠠᠯ᠎ᠳᠦ ᠰᠠᠭᠤᠷᠢᠯᠠᠵᠤ᠂ ᠡᠪᠦᠭᠡ ᠡᠮᠡᠭᠡ ᠵᠢᠴᠢ ᠡᠴᠢᠭᠡ ᠡᠭᠡ ᠪᠤᠯᠤᠭᠰᠠᠳ᠎ᠤᠨ ᠦᠷ᠎ᠡ ᠬᠡᠤᠬᠡᠳ ᠵᠢᠡᠨ ᠦᠰᠭᠡᠨ ᠪᠣᠢᠵᠢᠭᠤᠯᠬᠤ ᠲᠠᠯ᠎ᠠ ᠵᠢᠨ ᠵᠥᠷᠢᠴᠡᠯ ᠮᠦᠷᠬᠦᠯᠳᠦᠭᠡᠨ᠂ ᠡᠴᠢᠭᠡ ᠡᠬᠡ ᠦᠷ᠎ᠡ ᠬᠡᠦᠬᠡᠳ᠎ᠦᠨ ᠬᠤᠭᠤᠷᠤᠨᠳᠤᠬᠢ ᠨᠡᠪᠲᠡᠷᠡᠯᠴᠡᠭᠡ ᠲᠤᠳᠠᠮᠠᠬ ᠪᠠᠢᠵᠤ᠂ ᠪᠦᠲᠦᠮᠵᠢᠲᠡᠢ ᠬᠠᠨᠢ ᠪᠣᠯᠵᠤ ᠲᠡᠢᠯᠬᠦ ᠦᠭᠡᠢ᠂ ᠦᠷ᠎ᠡ ᠬᠡᠦᠭᠡᠳ ᠨᠢ ᠡᠯᠧᠺᠲᠷᠤᠨ ᠪᠦᠲᠦᠭᠡᠭᠳᠡᠬᠦᠨ᠎ᠳᠦ ᠬᠡᠳᠦ ᠰᠢᠨᠤᠯ ᠲᠠᠢ ᠪᠠᠢᠬᠤ ᠵᠡᠷᠭᠡ ᠭᠡᠷ᠎ᠤᠨ ᠬᠥᠮᠦᠵᠢᠯ᠎ᠳ᠋ᠤ ᠲᠦᠭᠡᠮᠡᠯ ᠲᠤᠯᠭᠠᠷᠠᠵᠤ ᠪᠦᠬᠦᠢ ᠬᠦᠴᠢᠷ ᠠᠰᠠᠭᠤᠳᠠᠯ᠎ᠳᠤ ᠰᠠᠭᠤᠷᠢᠯᠠᠵᠤ ᠵᠤᠬᠢᠶᠠᠨ ᠪᠦᠲᠦᠭᠡᠭᠰᠡᠨ ᠪᠠᠢᠨ᠎ᠠ᠃ ᠵᠦᠴᠦᠭᠡ᠎ᠶ᠋ᠢᠨ ᠦᠢᠯᠡ ᠶᠠᠪᠤᠳᠠᠯ᠎ᠨᠢ ᠦᠨᠡᠨ ᠪᠣᠷᠤᠭᠵᠢᠭᠤᠨ᠂ ᠠᠮᠢᠳᠤᠷᠠᠯ᠎ᠲᠠᠢ ᠣᠶ᠋ᠢᠷᠠᠲᠤᠵᠤ᠂ ᠭᠡᠷ ᠪᠦᠯᠢ᠎ᠶ᠋ᠢᠨ ᠵᠥᠷᠢᠴᠡᠯ᠎ᠤᠨ ᠡᠬᠦᠰᠦᠯ᠂ ᠡᠷᠬᠢᠴᠡᠬᠦᠯᠦᠯ ᠲᠤᠩᠭᠠᠯᠳᠠ ᠪᠠ ᠡᠪᠰᠡᠯ᠎ᠵᠢᠡᠷ ᠳᠠᠮᠵᠢᠨ 《ᠡᠳᠦᠷ ᠲᠤᠲᠤᠮ᠎ᠤᠨ ᠬᠥᠮᠦᠵᠢᠯ ᠬᠢᠬᠦ᠂ ᠬᠠᠨᠢ ᠪᠠᠷ᠎ᠠ ᠪᠣᠯᠬᠤ ᠪᠤᠯ ᠬᠠᠮᠤᠭ᠎ᠤᠨ ᠰᠠᠶ᠋ᠢᠨ ᠭᠡᠷ᠎ᠤᠨ ᠰᠤᠷᠲᠠᠯ》 ᠬᠡᠬᠦ ᠰᠢᠨᠵᠢᠯᠡᠬᠦ ᠤᠬᠠᠭᠠᠨᠴᠢ ᠣᠶ᠋ᠢᠯᠠᠭᠠᠭᠳᠠᠬᠤᠨ᠎ᠢ ᠠᠮᠢᠳᠤᠯᠢᠭ᠎ᠢᠶᠠᠷ ᠳᠠᠮᠵᠢᠭᠤᠯᠪᠡ᠃

ᠲᠣᠰ ᠤᠳᠠᠭ᠎ᠠ ᠵᠢᠨ ᠠᠵᠢᠯᠯᠠᠭ᠎ᠠ᠎ᠶ᠋ᠢ ᠠᠮᠵᠢᠯᠲᠠ᠎ᠲᠠᠢ ᠡᠷᠬᠢᠯᠡᠭᠰᠡᠨ᠎ᠨᠢ ᠮᠠᠨ᠎ᠤ ᠣᠷᠤᠨ᠎ᠤ ᠬᠡᠷ᠎ᠤᠨ ᠬᠥᠮᠦᠵᠢᠯ᠎ᠤᠨ ᠠᠵᠢᠯ 《ᠣᠨᠤᠯ᠎ᠤᠨ ᠤᠬᠠᠭᠤᠯᠭ᠎ᠠ》ᠡᠴᠡ《ᠠᠬᠤᠢ ᠵᠢᠨ ᠵᠢᠭᠠᠨ ᠰᠤᠷᠭᠠᠯᠲᠠ》ᠳᠠᠢᠰᠢ ᠲᠠᠰ ᠲᠡᠪᠰᠢᠭᠰᠡᠨ᠎ᠢ ᠬᠠᠷᠠᠭᠤᠯᠵᠤ ᠪᠠᠶ᠋ᠢᠨ᠎ᠠ᠂ ᠡᠨᠡ ᠪᠣᠯ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠠᠴᠠ ᠪᠥᠬᠦ᠌ ᠤᠯᠤᠰ᠎ᠤᠨ ᠬᠡᠷ᠎ᠤᠨ ᠬᠥᠮᠦᠵᠢᠯ᠎ᠤᠨ ᠲᠡᠷᠢᠭᠦᠨ᠎ᠤ ᠠᠵᠢᠯ᠎ᠤᠨ ᠲᠤᠷᠰᠢᠯᠭ᠎ᠠ᠎ᠪᠠᠷ ᠲᠣᠯᠢ ᠪᠣᠯᠭᠠᠵᠤ᠂ ᠮᠠᠨ᠎ᠤ ᠣᠷᠤᠨ᠎ᠤ ᠪᠣᠳᠠᠲᠠᠢ᠎ᠲᠠᠢ ᠤᠶᠠᠯᠳᠤᠭᠤᠯᠤᠨ ᠪᠠᠶ᠋ᠢᠭᠤᠯᠤᠭᠰᠠᠨ ᠥᠪᠡᠷᠮᠢᠴᠡ ᠣᠨᠴᠠᠯᠢᠭ᠎ᠪᠦᠬᠦᠢ ᠬᠥᠮᠦᠨ ᠬᠥᠮᠦᠵᠢᠭᠦᠯᠬᠦ᠌ ᠲᠥᠷᠦᠯ ᠲᠡᠮᠳᠡᠭ ᠪᠣᠯᠤᠨ᠎ᠠ᠃ ᠠᠵᠢᠯᠯᠠᠭ᠎ᠠ᠎ᠨᠢ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ᠂ ᠡᠬᠢ ᠪᠠᠶᠠᠯᠢᠭ᠎ᠢ ᠲᠦᠭᠡᠮᠡᠯᠵᠢᠭᠦᠯᠬᠦ᠌᠂ ᠬᠡᠷ᠎ᠤᠨ ᠠᠬᠠᠮᠠᠳ ᠰᠤᠷᠭᠠᠭᠤᠯᠢ ᠵᠢᠨ ᠵᠢᠭᠠᠨ ᠰᠤᠷᠭᠠᠯᠲᠠ᠎ᠶ᠋ᠢᠨ ᠴᠢᠳᠠᠮᠵᠢ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠬᠡᠷ᠎ᠤᠨ ᠬᠥᠮᠦᠵᠢᠯ᠎ᠤᠨ ᠬᠦᠴᠢᠷ ᠲᠦᠪᠡᠭᠳᠡᠢ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠵᠦ᠍᠂ ᠬᠡᠷ ᠪᠦᠯᠢ ᠰᠤᠷᠭᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠰᠢᠰᠲᠧᠮ᠎ᠢ ᠤᠯᠠᠮ ᠨᠢᠭᠡ ᠠᠯᠬᠤᠮ ᠪᠦᠷᠢᠨᠰᠢᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面