ᠲᠡᠷᠢᠭᠦᠨ ᠨᠢᠭᠤᠷ>ᠨᠠᠭᠠᠳᠤᠮ ᠴᠡᠩᠬᠡᠭᠦᠨ>ᠣᠳᠣᠨ ᠲᠠᠭ᠍ᠲᠤ

2026-09-16 10:38:12

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠲᠣᠮᠣ᠌ ᠬᠡᠯᠪᠡᠷᠢ ᠵᠢᠨ ᠦᠵᠡᠭᠳᠡᠯᠲᠦ ᠵᠦᠴᠦᠭᠡ 《ᠨᠢᠷᠤᠭᠤ ᠳᠤᠯᠭᠠᠭᠤᠷᠢ》 ᠵᠢᠨ ᠪᠦᠬᠦ ᠤᠷᠤᠨ ᠳ᠋ᠡᠬᠢ ᠲᠣᠭᠣᠷᠢᠨ ᠲᠣᠭᠯᠠᠯᠲᠠ ᠵᠢᠨ ᠡᠵᠡᠨ ᠬᠤᠷᠤᠭ᠎ᠠ ᠬᠤᠰᠢᠭᠤᠨ᠎ᠳᠡᠬᠢ ᠳᠤᠭᠯᠠᠯᠳᠠ 9 ᠰᠠᠷ᠎ᠠ ᠵᠢᠨ 13 — 14 ᠤ᠋ ᠡᠳᠦᠷ ᠪᠣᠯᠲᠠᠯ᠎ᠠ ᠶᠠᠪᠤᠬᠳᠠᠵᠦ᠂ ᠳᠦᠷᠪᠡᠨ ᠳᠠᠯᠠᠪᠠᠢ ᠳᠤᠭᠯᠠᠯᠳᠠ ᠭᠠᠷᠭᠠᠨ᠂ ᠦᠷᠭᠡᠨ ᠤᠯᠠᠨ ᠦᠵᠡᠭᠴᠢᠳ ᠲᠤ᠌ ᠦᠵᠡᠯ ᠰᠠᠨᠠᠭᠠᠨ ᠤ᠋ ᠬᠦᠨᠴᠡ ᠳᠠᠢ᠂ ᠤᠷᠠᠯᠢᠭ ᠤ᠋ᠨ ᠭᠤᠤ᠎ᠠ ᠰᠠᠢᠬᠠᠨ᠎ᠤ ᠬᠦᠷᠳᠡᠭᠡᠯ ᠲᠠᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠦᠴᠦᠨ ᠲᠠᠢ ᠦᠪᠡᠳᠡᠭᠰᠢ ᠨᠠᠢᠷ ᠢ᠋ ᠰᠤᠨᠢᠷᠬᠠᠭᠤᠯᠵᠠᠢ᠃

ᠲᠤᠰ ᠵᠦᠴᠦᠭᠡ ᠵᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠨᠡᠢᠭᠡᠮᠯᠢᠭ ᠡᠴᠡ ᠵᠣᠬᠢᠶᠠᠨ ᠪᠦᠲᠦᠭᠡᠵᠦ᠂ ᠳᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠨᠡᠢᠭᠡᠮᠯᠢᠭ ᠤ᠋ᠨ 《ᠰᠢᠨᠵᠢᠯᠡᠬᠦ ᠤᠬᠠᠭᠠᠨ ᠤ᠋ ᠤᠬᠠᠭᠤᠯᠭ᠎ᠠ ᠵᠢᠨ ᠢᠨᠵᠧᠨᠧᠷᠢᠩ》 ᠤ᠋ᠨ ᠪᠦᠬᠦ ᠤᠯᠤᠰ ᠳᠡᠬᠢ ᠲᠣᠭᠣᠷᠢᠨ ᠲᠣᠭᠯᠠᠬᠤ ᠵᠦᠴᠦᠭᠡ ᠪᠡᠷ ᠰᠣᠩᠭᠣᠭᠳᠠᠵᠠᠢ᠃ ᠪᠦᠬᠦ ᠵᠦᠴᠦᠭᠡ ᠨᠢ 《ᠣᠭᠲᠠᠷᠭᠤᠢ ᠵᠢ ᠪᠠᠷᠠᠯᠠᠬᠤᠶ᠎ᠠ》᠂ 《ᠡᠵᠢ ᠵᠢᠨ ᠳᠠᠭᠤᠳᠠᠯᠳᠠ》᠂ 《ᠴᠢᠮᠡᠭᠡ ᠦᠭᠡᠢ ᠨᠢᠭᠤᠭᠳᠠᠯ》᠂ 《ᠤᠨᠲᠠᠷᠠᠰᠢ ᠦᠭᠡᠢ ᠰᠡᠳᠬᠢᠯ ᠤ᠋ᠨ ᠳ᠋ᠧᠩ》᠂ 《ᠡᠭᠦᠷᠢᠳᠡ ᠵᠢᠨ ᠵᠢᠷᠦᠬᠡᠨ ᠴᠣᠬᠢᠯᠭ᠎ᠠ》᠂ 《ᠳᠤᠮᠳᠠᠳᠤ ᠤᠯᠤᠰ ᠤ᠋ᠨ ᠨᠢᠷᠤᠭᠤ ᠳᠤᠯᠭᠠᠭᠤᠷᠢ》 ᠭᠡᠬᠦ ᠵᠢᠷᠭᠤᠭᠠᠨ ᠪᠦᠯᠦᠭ ᠶ᠋ᠢᠡᠷ ᠪᠦᠷᠢᠯᠳᠤᠵᠦ᠂ ᠨᠠᠢᠷᠠᠯ ᠳᠠᠭᠤᠤ᠂ ᠤᠷᠠᠨ ᠤᠩᠰᠢᠯᠭ᠎ᠠ᠂ ᠶᠠᠷᠢᠶᠠᠲᠤ ᠵᠦᠴᠦᠭᠡ ᠵᠡᠷᠭᠡ ᠤᠯᠠᠨ ᠲᠦᠷᠦᠯ ᠤ᠋ᠨ ᠤᠷᠠᠯᠢᠭ᠋ ᠤ᠋ᠨ ᠬᠡᠯᠪᠡᠷᠢ ᠪᠡᠷ ᠳᠠᠮᠵᠢᠭᠤᠯᠤᠨ ᠴᠢᠶᠠᠨ ᠰᠢᠤᠸᠠᠢ ᠰᠧᠨ᠂ ᠭᠦᠸᠧ ᠶᠦᠩ ᠬᠤᠸᠠᠢ᠂ ᠶᠤᠸᠠᠨ ᠯᠦᠩ ᠫᠢᠩ᠂ ᠲᠦ ᠶᠢᠦ ᠶᠢᠦ ᠵᠡᠷᠭᠡ ᠰᠢᠨᠵᠢᠯᠡᠬᠦ ᠤᠬᠠᠭᠠᠨᠲᠠᠳ ᠤ᠋ᠨ ᠨᠢᠭᠡ ᠰᠡᠳᠬᠢᠯ ᠶ᠋ᠢᠡᠷ ᠰᠢᠨᠵᠢᠯᠡᠬᠦ ᠤᠬᠠᠭᠠᠨ ᠤ᠋ ᠰᠤᠳᠤᠯᠭᠠᠨ ᠬᠢᠵᠦ᠂ ᠤᠯᠤᠰ ᠲᠠᠭᠠᠨ ᠬᠦᠴᠦ ᠪᠡᠨ ᠡᠷᠭᠦᠵᠦ ᠬᠤᠪᠢ ᠨᠡᠮᠡᠷᠢ ᠦᠵᠡᠭᠦᠯᠦᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠵᠢ ᠠᠮᠢᠳᠤᠯᠢᠭ᠋ ᠶ᠋ᠢᠡᠷ ᠢᠯᠡᠷᠡᠬᠦᠯᠦᠨ᠂ 《ᠤᠯᠤᠰ ᠶ᠋ᠢᠡᠨ ᠬᠠᠢᠷᠠᠯᠠᠬᠤ᠂ ᠰᠢᠨ᠎ᠡ ᠵᠢ ᠡᠭᠦᠳᠬᠦ᠂ ᠦᠨᠡᠨ ᠢ᠋ ᠪᠠᠷᠢᠮᠲᠠᠯᠠᠬᠤ᠂ ᠬᠤᠪᠢ ᠨᠡᠮᠡᠷᠢ ᠦᠵᠡᠭᠦᠯᠬᠦ᠂ ᠬᠠᠮᠵᠢᠯᠴᠠᠬᠤ᠂ ᠬᠥᠮᠥᠨ ᠢ᠋ ᠬᠥᠮᠥᠵᠢᠭᠦᠯᠬᠦ》 ᠰᠢᠨᠵᠢᠯᠡᠬᠦ ᠤᠬᠠᠭᠠᠨᠲᠠᠳ ᠤ᠋ᠨ ᠵᠣᠷᠢᠭ᠋ ᠰᠠᠨᠠᠭ᠎ᠠ ᠵᠢ ᠲᠠᠢᠰᠠᠨ ᠤ᠋ ᠤᠷᠠᠯᠢᠭ ᠶ᠋ᠢᠡᠷ ᠬᠠᠷᠠᠭᠤᠯᠵᠤ᠂ ᠰᠢᠨᠵᠢᠯᠡᠬᠦ ᠤᠬᠠᠭᠠᠨ ᠢ᠋ ᠡᠷᠬᠢᠮᠯᠡᠬᠦ᠂ ᠤᠷᠬᠢᠯ ᠳ᠋ᠤᠷ ᠭᠠᠷᠬᠤ ᠬᠦᠰᠡᠯᠡᠩ ᠤ᠋ᠨ ᠣᠴᠢ ᠵᠢ ᠪᠠᠳᠠᠷᠠᠭᠠᠪᠠ᠃

《ᠡᠨᠡ ᠪᠤᠯ ᠨᠢᠭᠡᠨ ᠠᠮᠢᠳᠤ ᠲᠦᠷᠰᠦᠯᠢᠭ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠪᠣᠯᠣᠨ᠎ᠠ᠂ ᠪᠢᠳᠠ ᠰᠢᠨᠵᠢᠯᠡᠬᠦ ᠤᠬᠠᠭᠠᠨᠲᠠᠨ ᠶ᠋ᠢᠡᠷ ᠳᠠᠭᠤᠷᠢᠶᠠᠯ ᠪᠣᠯᠭᠠᠨ ᠴᠢᠷᠮᠠᠢᠨ ᠰᠤᠷᠤᠯᠴᠠᠵᠤ ᠡᠷᠡᠯᠬᠡᠭᠯᠡᠨ ᠤᠷᠤᠭᠰᠢᠯᠠᠵᠤ᠂ ᠬᠦᠰᠡᠯᠡᠩ ᠶ᠋ᠢᠡᠨ ᠪᠡᠶᠡᠯᠡᠬᠦᠯᠦᠨ᠎ᠠ》 ᠭᠡᠵᠦ ᠣᠷᠳᠣᠰ ᠬᠤᠳᠠ ᠵᠢᠨ ᠡᠵᠡᠨ ᠬᠣᠷᠣᠭ᠎ᠠ ᠬᠣᠰᠢᠭᠤᠨ ᠤ᠋ ᠨᠢᠭᠡᠳᠦᠭᠡᠷ ᠳᠤᠮᠳᠠᠳᠤ ᠰᠤᠷᠭᠠᠭᠤᠯᠢ ᠵᠢᠨ ᠠᠩᠬ᠎ᠠ ᠳᠤᠮᠳᠠᠳᠤ ᠵᠢᠨ ᠬᠣᠶᠠᠳᠤᠭᠠᠷ ᠣᠨ ᠤ᠋ ᠰᠤᠷᠤᠭ᠍ᠴᠢ ᠴᠢᠶᠣᠤ ᠢ ᠲᠢᠩ ᠶᠠᠷᠢᠨ᠎ᠠ᠃ ᠣᠷᠳᠣᠰ ᠬᠤᠳᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠠᠵᠢᠯᠲᠠᠨ᠂ ᠪᠠᠭ᠍ᠰᠢ ᠰᠤᠷᠤᠭ᠍ᠴᠢᠳ᠂ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ ᠵᠢᠨ ᠠᠵᠢᠯᠲᠠᠨ ᠠᠵᠢᠯᠴᠢᠨ ᠵᠢᠴᠢ ᠨᠡᠢᠭᠡᠮ ᠤ᠋ᠨ ᠤᠯᠠᠨ ᠲᠦᠮᠡᠨ ᠵᠡᠷᠭᠡ 4000 ᠭᠠᠷᠤᠢ ᠬᠥᠮᠥᠨ ᠲᠤᠬᠠᠢ ᠵᠢᠨ ᠲᠠᠯᠠᠪᠠᠢ ᠳ᠋ᠤ ᠲᠣᠭᠯᠠᠯᠲᠠ ᠰᠣᠨᠢᠷᠬᠠᠪᠠ᠃

ᠲᠣᠰ ᠤᠳᠠᠭᠠᠨ ᠤ᠋ ᠲᠣᠭᠣᠷᠢᠨ ᠲᠣᠭᠯᠠᠯᠲᠠ ᠪᠣᠯ ᠪᠥᠬᠥ ᠤᠯᠤᠰ ᠤ᠋ᠨ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠰᠠᠷ᠎ᠠ ᠵᠢᠨ ᠣᠷᠳᠣᠰ ᠤ᠋ᠨ ᠭᠣᠣᠯ ᠲᠠᠯᠠᠪᠤᠷ ᠠᠵᠢᠯᠯᠠᠭ᠎ᠠ ᠶ᠋ᠢᠨ 30 ᠵᠦᠢᠯ ᠤ᠋ᠨ ᠭᠣᠣᠯᠳᠠᠯᠭ᠎ᠠ ᠲᠠᠢ ᠠᠵᠢᠯᠯᠠᠭ᠎ᠠ ᠵᠢᠨ ᠨᠢᠭᠡ ᠪᠣᠯᠬᠤ ᠶᠤᠮ᠃ ᠠᠵᠢᠯᠯᠠᠭ᠎ᠠ ᠨᠢ ᠰᠢᠨᠵᠢᠯᠡᠬᠦ ᠤᠬᠠᠭᠠᠨᠲᠠᠳ ᠤ᠋ᠨ ᠵᠣᠷᠢᠭ᠋ ᠰᠠᠨᠠᠭ᠎ᠠ ᠪᠣᠯᠣᠨ ᠣᠷᠣᠨ ᠨᠤᠲᠤᠭ ᠤ᠋ᠨ ᠬᠥᠭᠵᠢᠯᠲᠡ ᠵᠢᠨ ᠦᠢᠯᠡᠳᠦᠯᠭᠡ ᠵᠢᠨ ᠭᠦᠨᠵᠡᠭᠡᠢ ᠠᠭᠤᠰᠤᠯᠴᠠᠯ ᠢ᠋ ᠠᠬᠢᠭᠤᠯᠵᠤ᠂ ᠰᠢᠨᠵᠢᠯᠡᠬᠦ ᠤᠬᠠᠭᠠᠨ ᠢ᠋ ᠡᠷᠬᠢᠮᠯᠡᠬᠦ᠂ ᠴᠢᠳᠠᠪᠤᠷᠢᠲᠠᠨ ᠢ᠋ ᠬᠦᠨᠳᠦᠳᠬᠡᠬᠦ ᠦᠳᠬᠡᠨ ᠵᠤᠵᠠᠭᠠᠨ ᠨᠡᠢᠭᠡᠮ ᠤ᠋ᠨ ᠠᠭᠤᠷ ᠠᠮᠢᠰᠬᠤᠯ ᠢ᠋ ᠪᠤᠢ ᠪᠣᠯᠭᠠᠨ᠂ ᠪᠦᠬᠦ ᠠᠷᠠᠳ ᠤ᠋ᠨ ᠰᠢᠨᠵᠢᠯᠡᠬᠦ ᠤᠬᠠᠭᠠᠨ ᠤ᠋ ᠬᠡᠪ ᠪᠣᠯᠪᠠᠰᠤᠷᠠᠯ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠢ᠋ ᠬᠥᠲᠥᠯᠥᠨ ᠳᠠᠭᠠᠭᠤᠯᠵᠤ ᠦᠯᠢᠭᠡᠷ ᠳᠠᠭᠤᠷᠢᠶᠠᠯ ᠤ᠋ᠨ ᠬᠦᠴᠦᠨ ᠢ᠋ ᠰᠢᠩᠭᠡᠬᠡᠨ ᠠᠪᠤᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠵᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面