2026-10-26 15:23:38
ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ 2026 ᠣᠨ ᠤ᠋ ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ ᠤ᠋ᠨ ᠲᠣᠰᠬᠣᠨ ᠤ᠋ ᠳᠠᠭᠤᠤ ᠶ᠋ᠢᠨ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ ᠤᠢᠷ᠎ᠠ ᠳ᠋ᠤ ᠦᠨᠳᠤᠷᠯᠡᠵᠤ ᠂ ᠮᠠᠨ ᠤ᠋ ᠤᠷᠤᠨ ᠡᠴᠨ ᠰᠤᠡᠭᠭᠤᠨ ᠳᠡᠪᠰᠢᠭᠦᠯᠦᠭᠰᠡᠨ 2 ᠪᠦᠲᠦᠭᠡᠯ ᠭᠤᠷᠪᠠᠳᠤᠭᠠᠷ ᠳᠡᠰ ᠤ᠋ᠨ ᠱᠠᠡᠭᠨᠠᠯ ᠢ᠋ ᠬᠦᠷᠲᠡᠪᠡ᠃ ᠤᠷᠤᠯᠳᠤᠭᠠᠨ ᠳ᠋ᠦ 13 ᠮᠤᠵᠢ ᠤᠷᠤᠨ ᠬᠤᠳᠠ ᠵᠢᠨ 21 ᠲᠥᠯᠥᠭᠡᠯᠡᠭᠴᠢ ᠵᠢᠨ ᠠᠩᠭᠢ ᠤᠷᠤᠯᠴᠠᠵᠤ ᠂ ᠰᠢᠨ᠎ᠡ ᠴᠠᠭ ᠦᠶ᠎ᠡ ᠶ᠋ᠢᠨ ᠬᠦᠳᠡᠭᠡ ᠲᠤᠰᠬᠤᠨ ᠤ᠋ ᠡᠯᠪᠡᠭ ᠬᠤᠷᠢᠶᠠᠯᠲᠠ ᠶ᠋ᠢᠨ ᠪᠠᠶᠠᠷ ᠪᠠᠬᠠᠳᠤᠯ ᠪᠠ ᠦᠷᠨᠢᠭᠦᠨ ᠪᠠᠳᠠᠷᠠᠡᠭᠭᠤᠢ ᠬᠦᠭᠵᠢᠯᠲᠡ ᠶ᠋ᠢᠨ ᠠᠮᠢᠵᠢᠷᠠᠯ ᠤ᠋ᠨ ᠬᠦᠴᠦᠨ ᠢ᠋ ᠮᠠᠭᠳᠠᠨ ᠳᠠᠭᠤᠯᠠᠭᠰᠠᠨ ᠪᠠᠢᠨ᠎ᠠ᠃
ᠲᠣᠰ ᠤᠳᠠᠭ᠎ᠠ ᠵᠢᠨ ᠤᠷᠤᠯᠳᠤᠭᠠᠨ ᠳ᠋ᠤ ᠣᠷᠣᠯᠴᠠᠭᠰᠠᠨ ᠦᠪᠤᠷ ᠮᠤᠩᠭᠤᠯ ᠤ᠋ᠨ 2 ᠪᠦᠲᠦᠭᠡᠯ ᠤ᠋ᠨ ᠲᠣᠭᠯᠠᠭᠴᠢᠳ ᠤ᠋ᠨ ᠣᠯᠠᠩᠬᠢ ᠨᠢ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠤᠷᠤᠨ ᠤ᠋ ᠲᠢᠩᠬᠢᠮ ᠡᠴᠡ ᠵᠤᠬᠢᠶᠠᠨ ᠪᠠᠢᠭᠤᠯᠤᠭᠰᠠᠨ《ᠲᠤᠰᠬᠤᠨ ᠤ᠋ ᠳᠠᠭᠤᠤ》 ᠶ᠋ᠢᠨ ᠪᠤᠯᠪᠠᠰᠤᠷᠠᠯ ᠤ᠋ᠨ ᠠᠡᠭᠬᠢ ᠶ᠋ᠢᠨ ᠬᠡᠰᠢᠭᠦᠳ ᠪᠠᠢᠵᠤ᠂ ᠬᠥᠳᠡᠭᠡ ᠲᠣᠰᠬᠣᠨ ᠤ᠋ ᠤᠳᠬ᠎ᠠ ᠤᠷᠠᠯᠢᠭ ᠤ᠋ᠨ ᠪᠣᠯᠪᠠᠰᠤᠷᠠᠯ ᠤ᠋ᠨ ᠦᠷ᠎ᠡ ᠪᠦᠲᠦᠭᠡᠯ ᠤ᠋ᠨ ᠠᠮᠢᠳᠤᠯᠢᠭ ᠬᠤᠷᠢᠶᠠᠩᠭᠤᠢ ᠳᠦᠷᠰᠦ ᠪᠤᠯᠵᠠᠢ᠃ ᠡᠭᠦᠨ ᠳ᠋ᠦ 《ᠮᠠᠯᠴᠢᠨ ᠲᠦᠮᠡᠨ ᠡᠪ ᠬᠠᠮᠲᠤ᠌ ᠨᠠᠮ ᠵᠢᠡᠨ ᠮᠠᠭᠲᠠᠨ ᠳᠠᠭᠤᠯᠠᠨ᠎ᠠ》 ᠬᠡᠬᠦ ᠪᠦᠲᠦᠭᠡᠯ ᠨᠢ ᠪᠦᠬᠦ᠌ ᠲᠠᠯᠠᠪᠠᠢ ᠶ᠋ᠢᠨ ᠴᠤᠷᠢ ᠵᠢᠨ ᠭᠠᠭᠴᠠ ᠭᠣᠴᠣᠯᠠᠯ ᠳᠠᠭᠤᠤ ᠶ᠋ᠢᠨ ᠫᠷᠤᠭ᠌ᠷᠠᠮ ᠪᠠᠢᠵᠤ᠂ ᠮᠠᠯᠴᠢᠨ ᠲᠦᠮᠡᠨ ᠤ᠋ ᠨᠠᠮ ᠤ᠋ᠨ ᠠᠴᠢ ᠵᠢ ᠬᠠᠷᠢᠭᠤᠯᠤᠨ ᠡᠷᠡᠮᠡᠬᠡᠢᠯᠡᠨ ᠤᠷᠤᠭᠰᠢᠯᠠᠬᠤ ᠴᠢᠩ ᠦᠨᠡᠨᠴᠢ ᠰᠡᠳᠬᠢᠯᠭᠡ ᠵᠢ ᠠᠮᠢᠳᠤᠯᠢᠭ ᠶ᠋ᠢᠡᠷ ᠲᠣᠭᠠᠴᠢᠵᠤ᠂ ᠲᠤᠬᠠᠢ ᠶ᠋ᠢᠨ ᠲᠠᠯᠠᠪᠠᠢ ᠶ᠋ᠢᠨ ᠰᠢᠯᠭᠠᠷᠠᠭᠤᠯᠬᠤ ᠺᠣᠮᠢᠰ ᠤ᠋ᠨ ᠭᠡᠰᠢᠭᠦᠨ ᠪᠣᠯᠤᠨ ᠦᠵᠡᠭᠴᠢᠳ ᠤ᠋ᠨ ᠰᠠᠢ᠌ᠨ ᠦᠨᠡᠯᠡᠯᠲᠡ ᠵᠢ ᠣᠯᠪᠠ; 《 ᠥᠯᠵᠡᠶ᠋ᠢᠲᠦ᠍ ᠰᠢᠯᠢ ᠶ᠋ᠢᠨ ᠭᠤᠤᠯ 》 ᠨᠠᠶ᠋ᠢᠷᠠᠯ ᠳᠠᠭᠤᠤ ᠶ᠋ᠢᠨ ᠪᠦᠲᠦᠭᠡᠯ ᠨᠢ ᠰᠢᠯᠢ ᠶ᠋ᠢᠨ ᠭᠤᠤᠯ ᠤ᠋ᠨ ᠲᠠᠯ᠎ᠠ ᠨᠤᠲᠤᠭ ᠤ᠋ᠨ ᠦᠵᠡᠰᠭᠦᠯᠡᠡᠭᠲᠦ ᠰᠠᠢᠬᠠᠨ ᠠᠮᠢ ᠠᠬᠤᠢ᠂ ᠨᠤᠲᠤᠭ ᠤ᠋ᠨ ᠪᠤᠯᠪᠠᠰᠤᠨ ᠰᠤᠷᠲᠠᠯ ᠪᠤᠯᠤᠨ ᠮᠠᠯᠴᠢᠨ ᠲᠦᠮᠡᠨ ᠤ᠋ ᠠᠮᠤᠷ ᠠᠮᠤᠭᠤᠯᠠᠩ ᠠᠵᠤ ᠲᠦᠷᠦᠵᠦ ᠪᠠᠢᠭ᠎ᠠ ᠴᠤ ᠰᠢᠨ᠎ᠡ ᠳᠦᠷᠰᠦ ᠪᠠᠶ᠋ᠢᠳᠠᠯ ᠢ᠋ ᠠᠮᠢᠳᠤᠯᠢᠭ ᠶ᠋ᠢᠡᠷ ᠳᠡᠯᠭᠡᠨ ᠦᠵᠡᠭᠦᠯᠵᠦ᠍᠂ ᠰᠢᠨ᠎ᠡ ᠴᠠᠭ ᠦᠶ᠎ᠡ ᠶ᠋ᠢᠨ ᠲᠠᠯ᠎ᠠ ᠨᠤᠲᠤᠭ ᠤ᠋ᠨ ᠮᠠᠯᠵᠢᠬᠤ ᠣᠷᠣᠨ ᠤ᠋ ᠵᠣᠯ ᠵᠢᠷᠭᠠᠯᠲᠤ᠌ ᠠᠮᠢᠳᠤᠷᠠᠯ ᠪᠣᠯᠤᠨ ᠰᠠᠶ᠋ᠢᠨ ᠰᠠᠶ᠋ᠢᠬᠠᠨ ᠢᠷᠡᠭᠡᠳᠦᠶ ᠵᠢ ᠮᠠᠭᠲᠠᠨ ᠳᠠᠭᠤᠯᠪᠠ᠃
ᠬᠥᠳᠡᠭᠡ ᠲᠣᠰᠬᠣᠨ ᠤ᠋ ᠰᠣᠶᠣᠯ ᠢ᠋ ᠬᠥᠭᠵᠢᠭᠦᠯᠦᠨ ᠮᠠᠨᠳᠤᠭᠤᠯᠬᠤ ᠨᠢ ᠮᠠᠯᠴᠢᠨ ᠲᠠᠷᠢᠶᠠᠴᠢᠨ ᠤ᠋ ᠰᠣᠶᠣᠯ ᠤ᠋ᠨ ᠠᠮᠢᠳᠤᠷᠠᠯ ᠢ᠋ ᠪᠠᠶᠠᠯᠢᠭᠵᠢᠭᠤᠯᠵᠤ᠂ ᠨᠤᠲᠤᠭ ᠤᠰᠤᠨ ᠤ᠋ ᠪᠣᠯᠪᠠᠰᠤᠨ ᠤ᠋ ᠰᠢᠨ᠎ᠡ ᠬᠡᠪ ᠰᠤᠷᠲᠠᠯ ᠢ᠋ ᠤᠮᠳᠠᠯᠠᠬᠤ ᠪᠠᠷ ᠪᠠᠷᠠᠬᠤ ᠥᠬᠡᠶ ᠬᠥᠳᠡᠭᠡ ᠲᠣᠰᠬᠣᠨ ᠤ᠋ ᠣᠨᠴᠠᠯᠢᠭᠲᠤ᠌ ᠰᠣᠶᠣᠯ ᠤ᠋ᠨ ᠡᠬᠢ ᠪᠠᠶᠠᠯᠢᠭ ᠢ᠋ ᠭᠦᠨᠵᠡᠭᠡᠶ ᠠᠭᠤᠳᠠᠯᠬᠤ᠂ ᠮᠠᠯ ᠠᠵᠤ ᠠᠬᠤᠶ ᠲᠠᠷᠢᠶᠠᠯᠠᠡᠭ ᠰᠣᠶᠣᠯ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠬᠤ᠂ ᠬᠥᠳᠡᠭᠡ ᠲᠣᠰᠬᠣᠨ ᠤ᠋ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠣᠯᠠᠨ ᠡᠰᠢᠲᠦ᠍ ᠬᠥᠭᠵᠢᠯᠲᠡ ᠳ᠋ᠦ ᠴᠤ ᠰᠢᠨ᠎ᠡ ᠠᠷᠭ᠎ᠠ ᠵᠠᠮ ᠬᠠᠡᠭᠭᠠᠪᠠ᠃ ᠲᠣᠰ ᠤᠳᠠᠭ᠎ᠠ ᠵᠢᠨ ᠤᠷᠤᠯᠳᠤᠭᠠᠨ ᠳ᠋ᠦ ᠱᠠᠡᠭᠨᠠᠯ ᠬᠦᠷᠲᠡᠭᠰᠡᠨ 2 ᠪᠦᠲᠦᠭᠡᠯ ᠨᠢ ᠮᠠᠨ ᠤ᠋ ᠤᠷᠤᠨ ᠤ᠋ ᠬᠥᠳᠡᠭᠡ ᠲᠣᠰᠬᠣᠨ ᠤ᠋ ᠤᠳᠬ᠎ᠠ ᠤᠷᠠᠯᠢᠭ ᠤ᠋ᠨ ᠬᠥᠮᠦᠵᠢᠭᠦᠯᠦᠯ ᠢ᠋ ᠦᠷᠬᠦᠯᠵᠢ ᠶ᠋ᠢᠨ ᠴᠢᠨᠠᠷᠲᠠᠢ ᠦᠷᠨᠢᠭᠦᠯᠵᠦ᠂ ᠬᠥᠳᠡᠭᠡ ᠲᠣᠰᠬᠣᠨ ᠤ᠋ ᠰᠣᠶᠣᠯ ᠤ᠋ᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ ᠪᠠᠢᠬᠤ ᠵᠢ ᠬᠠᠷᠠᠭᠤᠯᠤᠭᠰᠠᠨ ᠪᠦᠬᠡᠳ ᠨᠠᠩ ᠴᠤ᠌ ᠪᠥᠬᠥ᠌ ᠣᠷᠣᠨ ᠤ᠋ ᠬᠥᠳᠡᠭᠡ ᠲᠣᠰᠬᠣᠨ ᠢ᠋ ᠪᠥᠬᠥ᠌ ᠲᠠᠯ᠎ᠠ ᠪᠠᠷ ᠬᠥᠭᠵᠢᠭᠦᠯᠦᠨ ᠮᠠᠨᠳᠤᠭᠤᠯᠬᠤᠳᠤ ᠰᠣᠶᠣᠯ ᠤ᠋ᠨ ᠢᠲᠠ ᠬᠦᠴᠦᠨ ᠪᠠ ᠣᠶᠤᠨ ᠰᠠᠨᠠᠭᠠᠨ ᠤ᠋ ᠬᠥᠳᠡᠯᠭᠡᠬᠦ᠌ ᠡᠨᠧᠷᠭᠢ ᠨᠡᠮᠡᠷᠢᠯᠡᠵᠤ ᠪᠠᠢᠬᠤ ᠵᠢ ᠬᠠᠷᠠᠭᠤᠯᠤᠭᠰᠠᠨ ᠪᠠᠶ᠋ᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃