ᠲᠡᠷᠢᠭᠦᠨ ᠨᠢᠭᠤᠷ>ᠨᠠᠭᠠᠳᠤᠮ ᠴᠡᠩᠬᠡᠭᠦᠨ>ᠣᠳᠣᠨ ᠲᠠᠭ᠍ᠲᠤ

2026-10-26 15:21:38

ᠵᠣᠬᠢᠶᠠᠭ᠍ᠴᠢ᠄ ​ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠣᠷᠳᠣ᠌ ᠵᠠᠮ᠎ᠤᠨ ᠠᠶᠠᠨ ᠲᠡᠶ᠋ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠬᠤᠪᠢᠰᠬᠠᠯ᠎ᠤᠨ ᠠᠮᠢᠨ ᠰᠤᠳᠠᠰᠤ᠎ᠶᠢ ᠵᠠᠯᠭᠠᠮᠵᠢᠯᠠᠨ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠬᠤ᠎ᠶᠢᠨ ᠲᠥᠯᠥᠭᠡ᠂ ᠲᠦᠷᠦᠬᠦᠬᠡᠨ᠂ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠥᠪᠥᠷ ᠮᠣᠩᠭᠣᠯ᠎ᠤᠨ ᠠᠵᠢᠯᠲᠠᠨ ᠠᠵᠢᠯᠴᠢᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠲᠠᠢ ᠬᠠᠮᠲᠤᠷᠠᠨ᠂ ᠬᠣᠲᠠ᠎ᠶᠢᠨ ᠰᠣᠶᠣᠯ᠎ᠤᠨ ᠣᠷᠳᠣᠨ᠎ᠳᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ᠎ᠤ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠤᠤᠭᠠᠯ ᠰᠢᠯᠦᠭ ᠳᠠᠭᠤᠤ ᠬᠥᠭᠵᠢᠮ᠎ᠦᠨ ᠦᠳᠡᠰᠢᠯᠡᠭᠡ ᠡᠷᠭᠢᠯᠡᠵᠦ᠂ ᠤᠳᠬ᠎ᠠ ᠤᠷᠠᠯᠢᠭ᠋᠎ᠢᠶᠠᠷ ᠭᠠᠢᠬᠠᠮᠰᠢᠭ᠍ᠲᠤ ᠣᠨ ᠰᠠᠷ᠎ᠠ ᠵᠢ ᠡᠷᠬᠢᠴᠡᠭᠦᠯᠦᠨ ᠬᠦᠨᠳᠦᠳᠬᠡᠯ ᠳᠡᠪᠰᠢᠭᠦᠯᠵᠦ᠂ ᠬᠤᠪᠢᠰᠬᠠᠯᠳᠦ  ᠤᠳᠤᠮᠰᠢᠯ᠎ᠢ   ᠤᠯᠠᠮᠵᠢᠯᠠᠪᠠ᠃

ᠦᠳᠡᠰᠢᠯᠡᠭᠡ ᠨᠢ 《ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ》 ᠪᠡᠷ ᠭᠣᠣᠯ ᠰᠡᠳᠦᠪ ᠪᠣᠯᠭᠠᠵᠤ᠂ ᠭᠤᠷᠪᠠᠨ ᠪᠦᠯᠦᠭ ᠬᠤᠪᠢᠶᠠᠨ ᠦᠵᠡᠭᠴᠢᠳ ᠲᠸ᠋ ᠭᠤᠤ᠎ᠠ ᠰᠠᠢᠬᠠᠨ ᠤ᠋ ᠲᠠᠭᠠᠰᠢᠶᠠᠯ ᠬᠦᠷᠳᠡᠭᠡᠪᠡ᠃ 《ᠭᠠᠢᠬᠠᠮᠰᠢᠭ᠍ᠲᠤ ᠣᠨ ᠰᠠᠷ᠎ᠠ》 ᠪᠦᠯᠦᠭ ᠨᠢ ᠢᠷᠠᠭᠤ ᠨᠠᠢᠷᠠᠭ ᠤᠶᠠᠩᠭᠠᠯᠠᠬᠤ᠂ ᠴᠠᠷᠭᠢᠯ ᠬᠣᠯᠪᠣᠭ᠎ᠠ ᠵᠢᠨ ᠲᠣᠭᠯᠠᠯᠲᠠ᠎ᠪᠠᠷ ᠳᠠᠮᠵᠢᠭᠤᠯᠵᠤ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠰᠢᠷᠭᠠᠭᠤ ᠬᠠᠲᠠᠭᠤᠵᠢᠯᠲᠠᠢ ᠲᠡᠮᠡᠴᠡᠯ᠎ᠦᠨ ᠥᠩᠭᠡᠷᠡᠯᠲᠡ᠎ᠶᠢ ᠠᠮᠢᠳᠤᠯᠢᠭ᠋᠎ᠢᠶᠠᠷ ᠢᠯᠡᠷᠡᠭᠦᠯᠵᠦ᠂ ᠠᠬᠠᠮᠠᠳ ᠬᠤᠪᠢᠰᠬᠠᠯᠴᠢᠳ᠎ᠤᠨ ᠤᠯᠤᠰ ᠣᠷᠣᠨ᠎ᠤ᠎ᠪᠠᠨ ᠲᠥᠯᠥᠭᠡ ᠠᠮᠢ ᠪᠡᠶ᠎ᠡ᠎ᠪᠡᠨ ᠵᠣᠷᠢᠭᠤᠯᠤᠭᠰᠠᠨ ᠤᠭ  ᠰᠠᠨᠠᠭ᠎ᠠ ᠵᠢ ᠡᠷᠭᠢᠴᠡᠭᠦᠯᠪᠡ; 《ᠤᠮᠠᠷᠠᠲᠤ ᠬᠢᠯᠢ᠎ᠶᠢᠨ ᠵᠠᠯᠭᠠᠮᠵᠢᠯᠠᠯ 》 ᠪᠦᠯᠦᠭ  ᠨᠢ  ᠬᠥᠭᠵᠢᠮ ᠬᠠᠪᠰᠤᠷᠭᠠᠵᠤ ᠤᠶᠠᠩᠭᠠᠯᠠᠬᠤ᠂ ᠦᠨᠳᠦᠰᠦᠲᠡᠨ᠎ᠦ   ᠳᠠᠭᠤᠤ᠎ᠪᠠᠷ   ᠠᠴᠢᠶᠠᠯᠠᠪᠤᠷᠢ  ᠪᠣᠯᠭᠠᠵᠤ᠂ ᠬᠤᠪᠢᠰᠬᠠᠯᠲᠤ ᠤᠳᠤᠮᠰᠢᠯ ᠦᠶ᠎ᠡ ᠤᠯᠠᠷᠢᠨ ᠦᠷᠭᠦᠯᠵᠢᠯᠡᠬᠦ  ᠡᠷᠡᠰ  ᠪᠠᠲᠤ  ᠢᠲᠡᠭᠡᠯ ᠵᠣᠷᠢᠭ᠋᠎ᠢ ᠠᠮᠢᠳᠤᠯᠢᠭ᠋᠎ᠢᠶᠠᠷ ᠲᠠᠢᠯᠪᠤᠷᠢᠯᠠᠪᠠ; 《 ᠰᠡᠳᠬᠢᠯ  ᠨᠢᠭᠡᠳᠦᠨ  ᠬᠦᠰᠡᠯ ᠵᠡᠭᠦᠳᠦ᠎ᠪᠡᠨ ᠲᠡᠷᠭᠡᠯᠰᠢᠭᠦᠯᠬᠦ》 ᠪᠦᠯᠦᠭ ᠨᠢ  ᠠᠬᠤᠢ  ᠦᠵᠡᠭᠳᠡᠯᠲᠦ ᠵᠦᠴᠦᠭᠡ᠂ ᠪᠥᠵᠢᠭ᠂ ᠰᠢᠯᠦᠭ᠎ᠦᠨ ᠤᠷᠠᠨ ᠤᠩᠰᠢᠯᠭ᠎ᠠ ᠵᠡᠷᠭᠡ ᠤᠯᠠᠨ ᠡᠰᠢᠲᠦ ᠤᠷᠠᠯᠢᠭ᠋᠎ᠤᠨ ᠬᠡᠯᠪᠡᠷᠢ᠎ᠶᠢ ᠠᠭᠤᠰᠤᠯᠴᠠᠭᠤᠯᠵᠤ᠂ ᠰᠢᠨ᠎ᠡ ᠴᠠᠭ ᠦᠶ᠎ᠡ᠎ᠶᠢᠨ ᠬᠥᠪᠡᠭᠦᠳ ᠥᠬᠢᠳ᠎ᠦᠨ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠴᠤᠭ ᠪᠠᠳᠠᠷᠠᠩᠭᠤᠢ ᠳᠦᠷᠰᠦ ᠪᠠᠢᠳᠠᠯ᠎ᠢ ᠢᠯᠡᠷᠡᠬᠦᠯᠵᠦ᠂ ᠨᠠᠢᠷᠠᠯ ᠳᠠᠭᠤᠤ 《ᠰᠡᠷᠭᠦᠨ ᠮᠠᠨᠳᠤᠯᠲᠠ ᠵᠦᠭ ᠤᠷᠤᠭᠰᠢᠯᠠᠶ᠎ᠠ》ᠨᠢ  ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ᠎ᠢ ᠤᠷᠬᠢᠯ᠎ᠳᠤ ᠬᠦᠷᠭᠡᠪᠡ᠃

ᠲᠤᠰ ᠤᠳᠠᠭᠠᠨ᠎ᠤ ᠠᠵᠢᠯᠯᠠᠭ᠎ᠠ ᠨᠢ ᠰᠢᠯᠦᠭ ᠲᠠᠭᠤᠤ ᠪᠡᠷ ᠵᠠᠭᠤᠴᠢ ᠪᠣᠯᠭᠠᠵᠤ᠂ ᠤᠳᠬ᠎ᠠ ᠤᠷᠠᠯᠢᠭ᠋᠎ᠤᠨ ᠬᠡᠯᠪᠡᠷᠢ᠎ᠪᠡᠷ ᠤᠷᠳᠤ ᠵᠠᠮ᠎ᠤᠨ ᠠᠶᠠᠨ  ᠲᠠᠢ᠍ᠢᠨ᠎ᠦ ᠵᠣᠷᠢᠭ᠋ ᠰᠠᠨᠠᠭ᠎ᠠ᠎ᠶᠢ  ᠬᠥᠮᠥᠰ᠎ᠦᠨ ᠰᠡᠳᠬᠢᠯ  ᠵᠢᠷᠦᠭᠡᠨ᠎ᠳᠤ  ᠬᠦᠨ ᠬᠠᠳᠠᠩᠰᠢᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面