ᠲᠡᠷᠢᠭᠦᠨ ᠨᠢᠭᠤᠷ>ᠨᠠᠭᠠᠳᠤᠮ ᠴᠡᠩᠬᠡᠭᠦᠨ>ᠣᠳᠣᠨ ᠲᠠᠭ᠍ᠲᠤ

2026-11-13 16:33:56

ᠵᠣᠬᠢᠶᠠᠭ᠍ᠴᠢ᠄ ​ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠦᠦᠰᠢᠨ ᠬᠣᠰᠢᠭᠤᠨ ᠤ᠋ ᠰᠣᠶᠣᠯ ᠪᠠ ᠵᠢᠭᠤᠯᠴᠢᠯᠠᠯ ᠤ᠋ᠨ ᠲᠣᠪᠴᠢᠶ᠎ᠠ ᠡᠴᠠ ᠣᠢᠯᠠᠭᠠᠭᠰᠠᠨ ᠶ᠋ᠢᠡᠷ᠂ ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠰᠢ ᠵᠦᠴᠦᠭᠡ  ᠵᠢᠨ ᠨᠡᠢᠭᠡᠮᠯᠢᠭ ᠡᠴᠡ ᠭᠣᠣᠯᠯᠠᠨ ᠡᠷᠭᠢᠯᠡᠭᠰᠡᠨ 2025 ᠣᠨ ᠤ᠋《ᠠᠯᠲᠠᠨ ᠲᠣᠭᠣᠰ· ᠳᠤᠮᠳᠠᠳᠤ ᠤᠯᠤᠰ ᠤ᠋ᠨ ᠦᠨᠳᠦᠰᠦᠲᠡᠨ ᠤ᠋ ᠰᠢ ᠵᠦᠴᠦᠭᠡ》 ᠵᠢᠨ ᠰᠢᠯᠢᠳᠡᠭ ᠪᠦᠲᠦᠭᠡᠯ ᠤ᠋ᠨ ᠦᠵᠡᠭᠦᠯᠭᠡ ᠵᠢᠨ ᠦᠨᠡᠯᠡᠯᠲᠡ ᠵᠢᠨ ᠦᠷ᠎ᠡ ᠳ᠋ᠦᠩ ᠢ᠋ ᠣᠢᠷ᠎ᠠ ᠳ᠋ᠤ ᠨᠡᠢᠲᠡᠯᠡᠵᠦ᠂ ᠦᠦᠰᠢᠨ ᠬᠣᠰᠢᠭᠤᠨ ᠤ᠋ ᠤᠯᠠᠭᠠᠨᠮᠥ᠋ᠴᠢᠷ ᠡᠴᠡ ᠮᠡᠳᠡᠭᠦᠯᠦᠭᠰᠡᠨ《ᠵᠢᠶᠠᠩᠨᠠᠨ ᠤ᠋ ᠴᠠᠢ ᠵᠢᠨ ᠦᠨᠦᠷ ᠤᠮᠠᠷᠠᠲᠤ ᠬᠢᠯᠢ ᠳ᠋ᠤ ᠠᠩᠭᠢᠯᠤᠨ᠎ᠠ》 ᠂ 《 ᠯᠦ᠍ ᠾᠧ ᠭᠤᠤᠯ ᠎ᠢ ᠬᠡᠳᠦᠯᠬᠦ ᠵᠢ ᠬᠣᠷᠢᠭ᠍ᠯᠠᠬᠤ ᠳᠠᠢᠯᠠᠯᠳᠤᠭᠠᠨ》 ᠭᠡᠬᠦ ᠬᠣᠶᠠᠷ ᠪᠦᠲᠦᠭᠡᠯ ᠨᠢ ᠰᠦᠯᠵᠢᠶᠡᠨ ᠳᠡᠭᠡᠷᠡᠬᠢ ᠰᠢᠯᠢᠳᠡᠭ ᠪᠦᠲᠦᠭᠡᠯ ᠤ᠋ᠨ ᠱᠠᠩᠨᠠᠯ ᠢ᠋ ᠳᠤᠰᠪᠠ᠃

ᠣᠢᠯᠠᠭᠠᠭᠰᠠᠨ ᠶ᠋ᠢᠡᠷ᠂ ᠡᠨᠡ ᠬᠦ᠌ ᠬᠤᠶᠠᠷ ᠪᠦᠳᠦᠭᠡᠯ ᠢ᠋ ᠦᠦᠰᠢᠨ ᠬᠤᠰᠢᠭᠤᠨ ᠤ᠋ ᠤᠯᠠᠭᠠᠨᠮᠦ᠋ᠴᠢᠷ ᠡᠴᠡ ᠵᠤᠬᠢᠶᠠᠨ ᠪᠦᠳᠦᠭᠡᠨ ᠳᠤᠭᠯᠠᠵᠠᠢ᠃《ᠵᠢᠶᠠᠩᠨᠠᠨ ᠤ᠋ ᠴᠠᠢ ᠵᠢᠨ ᠦᠨᠦᠷ ᠤᠮᠠᠷᠠᠲᠤ ᠬᠢᠯᠢ ᠳ᠋ᠤ ᠠᠩᠭᠢᠯᠤᠨ᠎ᠠ 》 ᠭᠡᠬᠦ ᠪᠦᠳᠦᠭᠡᠯ ᠨᠢ ᠴᠠᠢ ᠵᠢᠨ ᠰᠣᠶᠣᠯ ᠶ᠋ᠢᠡᠷ ᠬᠣᠯᠪᠣᠭᠠᠰᠤ ᠪᠣᠯᠭᠠᠵᠤ᠂ ᠵᠢᠶᠠᠩᠨᠠᠨ ᠣᠷᠣᠨ ᠪᠣᠯᠣᠨ ᠤᠮᠠᠷᠠᠲᠤ ᠤᠷᠤᠨ ᠢ᠋ ᠨᠡᠪᠲᠡᠷᠡᠭᠦᠯᠦᠨ᠂ ᠦᠨᠳᠦᠰᠦᠲᠡᠨ ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠭᠦᠨ ᠵᠤᠵᠠᠭᠠᠨ ᠬᠠᠢᠷ᠎ᠠ ᠰᠡᠳᠬᠢᠯᠭᠡ ᠵᠢ ᠠᠮᠢᠳᠤᠯᠢᠭ᠋ ᠶ᠋ᠢᠡᠷ ᠢᠯᠡᠷᠡᠭᠦᠯᠵᠦ᠂ ᠣᠯᠠᠨ ᠡᠰᠢᠲᠦ ᠰᠣᠶᠣᠯ ᠤ᠋ᠨ ᠬᠠᠮᠲᠤ ᠪᠠᠷ ᠴᠡᠴᠡᠭᠯᠡᠨ ᠬᠥᠭᠵᠢᠬᠦ ᠥᠪᠡᠷᠮᠢᠴᠡ ᠷᠢᠳᠢ ᠰᠢᠳᠢ ᠵᠢ ᠢᠯᠡᠷᠡᠭᠦᠯᠪᠡ᠃

ᠬᠤᠪᠢᠰᠬᠠᠯᠲᠤ ᠵᠦᠴᠦᠭᠡ 《ᠯᠦ᠍ ᠡᡁᠧ ᠭᠣᠣᠯ᠎ᠢ ᠬᠡᠳᠦᠯᠬᠦ ᠵᠢ ᠬᠣᠷᠢᠭ᠍ᠯᠠᠬᠤ ᠳᠠᠢᠯᠠᠯᠳᠤᠭᠠᠨ》 ᠨᠢ 1947 ᠣᠨ ᠤ᠋ ᠦᠨᠡᠨ ᠪᠣᠳᠠᠲᠠᠢ ᠬᠤᠪᠢᠰᠬᠠᠯ ᠤ᠋ᠨ ᠲᠡᠦᠬᠡ ᠪᠡᠷ ᠰᠡᠳᠦᠪᠯᠡᠵᠦ᠂ ᠶᠡᠬᠡ ᠵᠤᠤ ᠠᠢᠮᠠᠭ ᠤ᠋ᠨ ᠮᠣᠩᠭᠣᠯ ᠬᠢᠲᠠᠳ ᠰᠠᠯᠪᠤᠷᠢ ᠠᠩᠭᠢ ᠵᠢᠨ ᠳᠠᠷᠤᠭ᠎ᠠ ᠪᠠᠢᠯᠳᠤᠭ᠍ᠴᠢᠳ ᠤ᠋ᠨ ᠴᠢᠰᠤ ᠤᠷᠤᠰᠬᠠᠨ ᠯᠦ᠍ ᠡᡁᠧ ᠭᠣᠣᠯ ᠢ᠋ ᠪᠠᠲᠤ ᠰᠠᠬᠢᠵᠤ᠂ ᠡᠷᠡᠯᠬᠡᠭ ᠪᠠᠭᠠᠲᠤᠷᠯᠢᠭ᠋ ᠶ᠋ᠢᠡᠷ ᠳᠠᠢᠰᠤᠨ ᠶ᠋ᠢᠡᠨ ᠳᠠᠢᠯᠦᠭᠰᠡᠨ ᠭᠠᠢᠬᠠᠮᠰᠢᠭ᠍ᠲᠤ ᠳᠡᠦᠬᠡ ᠵᠢ ᠳᠠᠬᠢᠨᠲᠠ ᠢᠯᠡᠷᠡᠭᠦᠯᠵᠦ᠂ ᠬᠤᠪᠢᠰᠬᠠᠯ ᠤ᠋ᠨ ᠵᠣᠷᠢᠭ᠋ ᠰᠠᠨᠠᠭ᠎ᠠ ᠵᠢ ᠤᠯᠠᠮᠵᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面