ᠲᠡᠷᠢᠭᠦᠨ ᠨᠢᠭᠤᠷ>ᠨᠠᠭᠠᠳᠤᠮ ᠴᠡᠩᠬᠡᠭᠦᠨ>ᠮᠡᠳᠡᠭᠡ

2026-10-26 15:16:34

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 18 ᠤ᠋ ᠦᠳᠡ᠎ᠶᠢᠨ ᠡᠮᠦᠨ᠎ᠡ᠂ 2026 ᠣᠨ᠎ᠤ 《ᠨᠠᠰᠤᠲᠠᠢᠴᠤᠳ᠎ᠤᠨ ᠪᠠᠶᠠᠷ᠎ᠤᠨ ᠡᠳᠦᠷ》 ᠤ᠋ᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠭᠣᠣᠯ ᠰᠡᠳᠦᠪᠲᠦ ᠠᠵᠢᠯᠯᠠᠭ᠎ᠠ᠎ᠶᠢᠨ ᠥᠪᠥᠷ ᠮᠣᠩᠭᠣᠯ᠎ᠤᠨ ᠭᠣᠣᠯ ᠲᠠᠯᠠᠪᠤᠷ ᠠᠵᠢᠯᠯᠠᠭ᠎ᠠ ᠵᠢᠨ ᠡᠬᠢᠯᠡᠯᠲᠡ᠎ᠶᠢᠨ ᠶᠣᠰᠣᠯᠠᠯ ᠵᠢᠴᠢ 《ᠨᠠᠰᠤᠲᠠᠢᠴᠤᠳ᠎ᠤᠨ ᠪᠠᠶᠠᠷ᠎ᠤᠨ ᠡᠳᠦᠷ》᠎ᠤ᠋ᠨ ᠤᠯᠠᠭᠠᠨᠴᠠᠪ᠎ᠤᠨ ᠥᠨᠳᠥᠷ᠎ᠲᠦ ᠠᠪᠠᠷᠢᠨ ᠢᠳᠡᠷᠡᠭᠦᠨ ᠠᠯᠬᠤᠬᠤ ᠠᠵᠢᠯᠯᠠᠭ᠎ᠠ ᠤᠯᠠᠭᠠᠨᠴᠠᠪ ᠤ᠋ᠨ ᠬᠤᠪᠢᠰᠬᠠᠯᠳᠤ ᠳᠤᠷᠠᠰᠬᠠᠯ᠎ᠤᠨ ᠬᠦᠷᠢᠶᠡᠯᠡᠩ᠎ᠳᠦ ᠡᠬᠢᠯᠡᠪᠡ᠃

ᠲᠣᠰ ᠤᠳᠠᠭᠠᠨ᠎ᠤ ᠠᠵᠢᠯᠯᠠᠭ᠎ᠠ ᠨᠢ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ᠎ᠦ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ᠎ᠪᠠᠷ ᠭᠣᠣᠯ ᠰᠡᠳᠦᠪ ᠪᠣᠯᠭᠠᠵᠤ᠂ ᠥᠨᠳᠥᠷ᠎ᠲᠦ ᠠᠪᠠᠷᠢᠨ ᠢᠳᠡᠷᠡᠭᠦᠨ ᠠᠯᠬᠤᠬᠤ ᠪᠡᠷ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠢᠯᠠᠭᠠᠭᠳᠠᠬᠤᠨ᠎ᠢ ᠲᠦᠭᠡᠮᠡᠯᠵᠢᠭᠦᠯᠵᠦ᠂ ᠨᠠᠰᠤᠲᠠᠨ᠎ᠢᠶᠠᠨ ᠬᠦᠨᠳᠦᠯᠡᠬᠦ ᠡᠷᠬᠢᠮ ᠰᠤᠷᠲᠠᠯ᠎ᠢ ᠪᠠᠳᠠᠷᠠᠭᠤᠯᠤᠨ  ᠠᠭᠤᠰᠤᠯᠴᠠᠭᠤᠯᠵᠤ᠂ ᠪᠥᠬᠥ ᠣᠷᠣᠨ᠎ᠤ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠪᠡ᠃ ᠠᠵᠢᠯᠯᠠᠭ᠎ᠠ᠎ᠳᠦ ᠨᠡᠶ᠋ᠢᠲᠡ 4000 ᠭᠠᠷᠤᠢ ᠬᠥᠮᠥᠰ ᠢᠳᠡᠪᠬᠢᠲᠡᠢ ᠣᠷᠣᠯᠴᠠᠵᠠᠢ᠃

ᠲᠤᠰ ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ  ᠶ᠋ᠢᠨ ᠠᠶᠠᠰ ᠳᠤᠮᠳᠠ ᠵᠢᠩᠬᠢᠨᠢ᠎ᠪᠡᠷ ᠡᠬᠢᠯᠡᠪᠡ᠃ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠠᠵᠢᠯᠯᠠᠭ᠎ᠠ᠎ᠶᠢᠨ ᠬᠠᠷᠢᠭᠤᠴᠠᠯᠭᠠᠲᠠᠨ ᠡᠴᠡ ᠥᠷᠭᠡᠨ ᠤᠯᠠᠨ ᠲᠦᠮᠡᠨ᠎ᠳᠦ  ᠪᠠᠶᠠᠷ᠎ᠤᠨ ᠡᠳᠦᠷ᠎ᠤᠨ ᠰᠠᠢᠨ ᠰᠠᠢᠬᠠᠨ ᠵᠥᠩᠨᠡᠯ ᠳᠡᠪᠰᠢᠭᠦᠯᠵᠦ᠂ ᠪᠦᠬᠦ ᠨᠡᠢᠭᠡᠮ᠎ᠢᠶᠡᠷ᠎ᠢᠶᠡᠨ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠡᠷᠡᠭᠦᠯ ᠪᠣᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ᠎ᠶᠢ ᠤᠬᠠᠮᠰᠠᠷ᠎ᠠᠴᠠ᠎ᠪᠠᠨ ᠪᠤᠢ ᠪᠣᠯᠭᠠᠬᠤ᠎ᠶᠢ ᠤᠷᠢᠶᠠᠯᠠᠪᠠ᠃ ᠤᠢᠯᠠᠭᠠᠭᠰᠠᠨ᠎ᠶ᠋ᠢᠡᠷ᠂ ᠲᠠᠷᠠᠭᠠᠴᠢ᠎ᠶᠢᠨ ᠠᠯᠬᠤᠮ᠎ᠳᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠬᠢᠨ ᠣᠯᠠᠨ ᠲᠦᠮᠡᠨ᠎ᠦ ᠡᠷᠡᠭᠦᠯ ᠮᠡᠨᠳᠦ᠎ᠶᠢᠨ ᠬᠡᠷᠡᠭᠴᠡᠭᠡ ᠱᠠᠭᠠᠷᠳᠠᠯᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠲᠦᠮᠡᠨ᠎ᠲᠠᠢ ᠣᠢᠷᠠᠲᠤᠭᠰᠠᠨ᠂ ᠥᠪᠡᠷᠮᠢᠴᠡ ᠣᠨᠴᠠᠯᠢᠭ᠋᠎ᠲᠠᠢ᠂ ᠲᠦᠭᠡᠮᠡᠯ ᠬᠠᠷᠠᠭᠠᠯᠵᠠᠯ᠎ᠦᠵᠡᠬᠦᠯᠬᠦ ᠴᠢᠨᠠᠷ᠎ᠲᠠᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠭᠣᠣᠯ ᠰᠡᠳᠦᠪᠲᠦ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠣᠷᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ᠂ ᠭᠦᠨᠵᠡᠭᠡᠢᠷᠡᠨ ᠬᠥᠭᠵᠢᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠬᠤ ᠪᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面