2026-10-29 11:52:04
ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 《ᠲᠠᠲᠠᠷᠠᠰᠢ ᠦᠬᠡᠢ ᠶᠡᠬᠡ ᠬᠠᠢᠷ᠎ᠠ · ᠨᠠᠮ᠎ᠵᠢᠡᠨ ᠮᠠᠬᠲᠠᠨ ᠳᠠᠭᠤᠯᠠᠨ᠎ᠠ》 ︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠤᠷᠠᠨ ᠰᠠᠢᠬᠠᠨ᠎ᠤ ᠲᠣᠭᠣᠷᠢᠨ ᠲᠣᠭᠯᠠᠯᠲᠠ ᠵᠢᠴᠢ ᠰᠢᠯᠢ᠎ᠶᠢᠨ ᠭᠣᠣᠯ ᠠᠢᠮᠠᠭ᠎ᠤᠨ ᠵᠡᠮᠳᠡᠭᠴᠦᠳ᠎ᠦᠨ ᠤᠷᠠᠯᠢᠭ᠋᠎ᠤᠨ ᠨᠠᠢᠷ 《ᠲᠠᠯ᠎ᠠ ᠨᠤᠲᠤᠭ᠎ᠤᠨ ᠥᠪᠡᠷ᠎ᠢ᠎ᠪᠡᠨ ᠬᠦᠴᠦᠷᠬᠡᠭᠵᠢᠭᠦᠯᠦᠭᠰᠡᠨ ᠵᠢᠱ᠌ᠢᠶᠡᠴᠢ》ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠣᠢᠷ᠎ᠠ᠎ᠳᠤ ᠰᠢᠯᠢᠩᠬᠣᠲᠠ᠎ᠳᠤ ᠶᠠᠪᠤᠬᠳᠠᠪᠠ᠃
ᠲᠤᠰ ᠤᠳᠠᠭ᠎ᠠ᠎ᠶᠢᠨ ᠠᠵᠢᠯᠯᠠᠭ᠎ᠠ ᠨᠢ ᠤᠷᠠᠨ ᠰᠠᠢᠬᠠᠨ᠎ᠤ ᠬᠠᠮᠲᠤᠷᠠᠬᠰᠠᠨ ᠲᠣᠭᠯᠠᠯᠲᠠ ᠪᠣᠯᠣᠨ ᠥᠪᠡᠷ᠎ᠢ᠎ᠪᠡᠨ ᠬᠦᠴᠦᠷᠬᠡᠭᠵᠢᠭᠦᠯᠦᠭᠰᠡᠨ ᠵᠢᠱ᠌ᠢᠶᠡᠴᠢ᠎ᠶᠢᠨ ᠤᠬᠠᠭᠤᠯᠤᠨ ᠲᠠᠢᠯᠪᠤᠷᠢᠯᠠᠬᠤ᠎ᠶᠢ ᠭᠦᠨᠵᠡᠭᠡᠢ ᠠᠭᠤᠰᠤᠯᠴᠠᠭᠤᠯᠵᠤ᠂ ᠤᠷᠮᠠᠰᠢᠭᠤᠯᠤᠨ ᠵᠣᠷᠢᠭ᠍ᠵᠢᠭᠤᠯᠬᠤ ᠦᠯᠢᠭᠡᠷ᠂ ᠵᠡᠮᠳᠡᠭᠴᠦᠳ᠎ᠢ ᠲᠤᠰᠠᠯᠠᠬᠰᠠᠨ ᠦᠢᠯᠡᠳᠦᠯᠭᠡ᠎ᠶᠢ ᠤᠷᠠᠯᠢᠭ᠋᠎ᠤᠨ ᠲᠠᠪᠴᠠᠩ᠎ᠳᠤ ᠭᠠᠷᠭᠠᠪᠠ᠃ ᠠᠵᠢᠯᠯᠠᠭ᠎ᠠ᠎ᠨᠢ ᠭᠤᠷᠪᠠᠨ ᠲᠣᠮᠣ᠌ ᠪᠦᠯᠦᠭ ᠵᠢᠡᠷ ᠪᠦᠷᠢᠯᠳᠦᠵᠦ᠂ ᠥᠪᠥᠷ ᠮᠣᠩᠭᠣᠯ᠎ᠤᠨ ᠵᠡᠮᠳᠡᠭᠴᠦᠳ᠎ᠦᠨ ᠤᠷᠠᠯᠢᠭ᠋᠎ᠤᠨ ᠪᠦᠯᠬᠦᠮ᠂ ᠰᠢᠯᠢ᠎ᠶᠢᠨ ᠭᠣᠣᠯ ᠠᠢᠮᠠᠭ᠎ᠤᠨ ᠤᠯᠠᠭᠠᠨᠮᠥ᠋ᠴᠢᠷ ᠵᠡᠷᠭᠡ ᠣᠯᠠᠨ ᠨᠢᠭᠡᠴᠢ ᠡᠴᠡ ᠪᠥᠵᠢᠭ᠂ ᠮᠣᠷᠢᠨ ᠬᠤᠭᠤᠷ᠂ ᠳᠠᠭᠤᠤ ᠬᠦᠭᠵᠢᠮ᠂ ᠤᠷᠠᠨ ᠤᠩᠰᠢᠯᠭ᠎ᠠ ᠵᠡᠷᠭᠡ ᠲᠣᠭᠯᠠᠯᠲᠠ ᠭᠠᠷᠭᠠᠵᠠᠢ᠃ ᠲᠣᠭᠯᠠᠯᠲᠠ᠎ᠶᠢᠨ ᠵᠠᠪᠰᠠᠷ᠎ᠲᠤ᠂ ᠵᠡᠮᠳᠡᠭᠴᠦᠳ᠎ᠦᠨ ᠦᠢᠯᠡᠰ ᠪᠤᠰᠬᠠᠬᠴᠢ᠂ ᠦᠨᠳᠦᠰᠦᠨ ᠱᠠᠲᠤᠨ᠎ᠤ ᠵᠡᠮᠳᠡᠭᠴᠦᠳ᠎ᠦᠨ ᠬᠣᠯᠪᠣᠭ᠎ᠠ᠎ᠵᠢᠨ ᠠᠵᠢᠯᠲᠠᠨ᠂ ᠬᠠᠯᠠᠭᠤᠨ ᠰᠡᠳᠬᠢᠯᠲᠦ ᠠᠵᠤ ᠠᠬᠤᠢᠯᠠᠯ᠎ᠤᠨ ᠲᠥᠯᠥᠭᠡᠯᠡᠭᠴᠢᠳ ᠬᠣᠢᠨ᠎ᠠ ᠬᠣᠢᠨ᠎ᠠ ᠠ᠋ᠴᠠ᠎ᠪᠠᠨ ᠲᠠᠢᠰᠠᠨ᠎ᠳᠤ ᠭᠠᠷᠴᠤ᠂ ᠦᠢᠯᠡᠰ ᠪᠤᠰᠬᠠᠵᠦ ᠬᠦᠰᠡᠯ ᠵᠡᠭᠦᠳᠦ᠎ᠪᠡᠨ ᠬᠥᠭᠡᠭᠡᠴᠡᠯᠳᠦᠭᠰᠡᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠵᠡᠮᠳᠡᠭᠴᠦᠳ᠎ᠢ ᠲᠤᠰᠠᠯᠠᠬᠰᠠᠨ᠂ ᠠᠵᠤ ᠦᠢᠯᠡᠰ᠎ᠢᠶᠡᠷ ᠬᠠᠪᠰᠤᠷᠤᠨ ᠲᠡᠳᠬᠦᠭᠰᠡᠨ ᠦᠨᠡᠨ ᠪᠣᠳᠠᠲᠠᠢ ᠥᠯᠢᠭᠡᠷ᠎ᠵᠢᠡᠨ ᠬᠤᠪᠢᠶᠠᠯᠴᠠᠵᠦ᠂ᠦᠵᠡᠭᠴᠢᠳ᠎ᠲᠦ ᠲᠣᠭᠯᠠᠯᠲᠠ ᠰᠣᠨᠢᠷᠬᠠᠭᠤᠯᠬᠤ᠎ᠶᠢᠨ ᠬᠠᠮᠲᠤ ᠵᠡᠮᠳᠡᠭᠴᠦᠳ᠎ᠦᠨ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ ᠣᠶᠤᠨ ᠰᠠᠨᠠᠭᠠᠨ᠎ᠤ ᠬᠦᠴᠦᠨ ᠢ᠋ ᠦᠨᠡᠨ ᠬᠦ᠌ ᠮᠡᠳᠡᠷᠡᠭᠦᠯᠵᠦ᠂ ᠵᠡᠮᠳᠡᠭᠴᠦᠳ ᠢ᠋ ᠲᠡᠳᠬᠦᠨ ᠵᠡᠮᠳᠡᠭᠴᠦᠳ ᠢ᠋ ᠲᠤᠰᠠᠯᠠᠬᠤ ᠬᠠᠮᠲᠤᠷᠠᠯ ᠬᠦᠴᠦᠨ ᠢ᠋ ᠨᠢᠭ᠍ᠲᠠᠷᠠᠭᠤᠯᠪᠡ᠃ ᠠᠵᠢᠯᠯᠠᠭ᠎ᠠ᠎ᠳᠤ ᠪᠠᠰᠠ ᠵᠡᠮᠳᠡᠭᠴᠦᠳ᠎ᠦᠨ ᠤᠷᠠᠨ ᠰᠠᠢᠬᠠᠨ᠎ᠤ ᠪᠦᠲᠦᠭᠡᠯ᠎ᠦᠨ ᠦᠵᠡᠬᠦᠯᠭᠡ᠎ᠵᠢ ᠵᠡᠷᠭᠡ ᠪᠡᠷ ᠥᠷᠨᠢᠭᠦᠯᠵᠦ᠂ᠤᠷᠠᠨ ᠪᠢᠴᠢᠯᠭᠡ᠂ ᠤᠷᠠᠨ ᠵᠢᠷᠤᠭ᠂ ᠦᠨᠳᠦᠰᠦᠲᠡᠨ᠎ᠦ ᠭᠠᠷ ᠤᠷᠠᠯᠠᠯ ᠵᠡᠷᠭᠡ ᠵᠡᠮᠳᠡᠭᠴᠦᠳ᠎ᠦᠨ ᠰᠢᠯᠢᠳᠡᠭ ᠤᠷᠠᠯᠢᠭ᠋᠎ᠤᠨ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃
ᠲᠤᠰ ᠤᠳᠠᠭ᠎ᠠ᠎ᠶᠢᠨ ᠠᠵᠢᠯᠯᠠᠭ᠎ᠠ ᠪᠣᠯ ᠮᠠᠨ᠎ᠤ ᠣᠷᠣᠨ᠎ᠤ ᠵᠡᠮᠳᠡᠭᠴᠦᠳ᠎ᠦᠨ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠰᠢᠨ᠎ᠡ᠎ᠶᠢ ᠡᠭᠦᠳᠬᠦ ᠦᠢᠯᠡᠳᠦᠯᠭᠡ ᠪᠣᠯᠣᠨ᠎ᠠ᠃ ᠲᠠᠷᠠᠭᠠᠴᠢ᠎ᠶᠢᠨ ᠠᠯᠬᠤᠮ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠣᠯᠪᠣᠭ᠎ᠠ᠎ᠶᠢᠨ ᠬᠢᠨ ᠵᠡᠮᠳᠡᠭᠴᠦᠳ᠎ᠦᠨ ᠣᠶᠤᠨ ᠰᠠᠨᠠᠭ᠎ᠠ ᠰᠣᠶᠣᠯ᠎ᠤᠨ ᠬᠠᠩᠭᠠᠯᠭ᠎ᠠ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠵᠤ᠂ ᠪᠠᠲᠤᠯᠠᠭ᠎ᠠ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠦᠨ᠂ ᠵᠡᠮᠳᠡᠭᠴᠤᠳ ᠪᠠ ᠡᠷᠡᠬᠦᠯ ᠬᠦᠮᠦᠰ ᠬᠠᠮᠲᠤ᠎ᠪᠠᠷ ᠠᠭᠤᠰᠤᠯᠴᠠᠭᠰᠠᠨ ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ᠎ᠢ ᠦᠷᠭᠦᠯᠵᠢᠯᠡᠨ ᠪᠣᠶ ᠪᠣᠯᠭᠠᠵᠤ᠂ ᠵᠡᠮᠳᠡᠭᠴᠦᠳ᠎ᠦᠨ ᠦᠢᠯᠡᠰ᠎ᠦᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃