ᠲᠡᠷᠢᠭᠦᠨ ᠨᠢᠭᠤᠷ>ᠨᠠᠭᠠᠳᠤᠮ ᠴᠡᠩᠬᠡᠭᠦᠨ>ᠮᠡᠳᠡᠭᠡ

2026-11-10 09:05:18

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

—— 《ᠪᠡᠶ᠎ᠡ᠎ᠶ᠋ᠢᠨ ᠲᠠᠮᠢᠷ ✚ ᠰᠤᠷᠭᠠᠨ ᠬᠦᠮᠦᠵᠢᠯ》 ᠰᠢᠷᠢᠰ ᠮᠡᠳᠡᠭᠡᠯᠡᠯ  ⑩


ᠬᠢᠩᠭᠠᠨ ᠠᠢᠮᠠᠭ《ᠡᠷᠡᠭᠦᠯ ᠮᠡᠨᠳᠦ ᠵᠢ ᠲᠡᠷᠢᠭᠦᠨ᠎ᠳᠦ ᠲᠠᠯᠪᠢᠬᠤ》ᠰᠤᠷᠭᠠᠨ ᠬᠥᠮᠦᠵᠢᠯ᠎ᠦᠨ ᠤᠢᠯᠠᠭᠠᠭᠳᠠᠬᠤᠨ᠎ᠢ ᠪᠠᠷᠢᠮᠲᠠᠯᠠᠵᠤ᠂ ᠰᠤᠷᠭᠠᠨ ᠬᠥᠮᠦᠵᠢᠯ᠂ ᠪᠡᠶ᠎ᠡ᠎ᠶᠢᠨ ᠲᠠᠮᠢᠷ᠎ᠤᠨ ᠠᠭᠤᠰᠤᠯᠴᠠᠨ ᠬᠦᠭᠵᠢᠬᠦ᠎ᠶᠢ ᠨᠢᠭᠡᠳᠦᠯᠲᠡᠢ ᠲᠥᠯᠥᠪᠯᠡᠨ᠂ ᠲᠠᠯᠠᠪᠤᠷ ᠭᠠᠵᠠᠷ᠎ᠤᠨ ᠪᠦᠲᠦᠭᠡᠨ ᠪᠠᠢᠭᠤᠯᠤᠯᠲᠠ᠂ ᠪᠠᠭ᠍ᠰᠢ ᠵᠢ ᠬᠥᠮᠥᠵᠢᠭᠦᠯᠬᠦ ᠪᠠ ᠤᠷᠤᠯᠳᠤᠭᠠᠨ ᠡᠷᠬᠢᠯᠡᠬᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠳᠤᠮᠳᠠ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠵᠤ᠂ ᠵᠣᠷᠢᠭ᠋ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ ᠵᠢ ᠦᠷᠭᠦᠯᠵᠢᠯᠡᠨ ᠠᠬᠢᠭᠤᠯᠵᠦ ᠪᠤᠢ᠃




ᠲᠠᠯᠠᠪᠤᠷ ᠲᠥᠬᠦᠭᠡᠷᠦᠮᠵᠢ᠎ᠵᠢ ᠲᠡᠭᠦᠯᠳᠡᠷᠵᠢᠭᠦᠯᠵᠦ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠰᠠᠭᠤᠷᠢ᠎ᠶᠢ ᠪᠠᠳᠤᠳᠬᠠᠪᠠ

 ᠲᠠᠯᠠᠪᠤᠷ ᠲᠥᠬᠦᠭᠡᠷᠦᠮᠵᠢ ᠪᠣᠯ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠬᠦᠳᠡᠯᠭᠡᠭᠡᠨ᠎ᠢ ᠥᠷᠨᠢᠭᠦᠯᠵᠦ᠂ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠨᠠᠢᠳᠠᠪᠤᠷᠢᠵᠢᠭᠤᠯᠬᠤ᠎ᠶᠢᠨ ᠰᠠᠭᠤᠷᠢ ᠪᠠᠲᠤᠯᠠᠭ᠎ᠠ ᠮᠦᠨ᠃ ᠬᠢᠩᠭᠠᠨ ᠠᠢᠮᠠᠭ᠎ᠤᠨ ᠬᠢᠨ ᠬᠤᠳᠠ ᠬᠥᠳᠡᠭᠡ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠢ᠎ᠶᠢᠨ ᠳᠤᠲᠠᠭᠤᠳᠠᠯ᠎ᠢ ᠦᠷᠭᠦᠯᠵᠢᠯᠡᠨ ᠨᠥᠬᠥᠪᠦᠷᠢᠯᠡᠵᠦ᠂ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠲᠠᠯᠠᠪᠠᠢ᠂ ᠭᠡᠷ ᠳᠣᠲᠣᠷᠠᠬᠢ ᠪᠡᠶ᠎ᠡ᠎ᠶᠢᠨ ᠲᠠᠮᠢᠷ᠎ᠤᠨ ᠣᠷᠳᠣᠨ᠂ ᠮᠥᠰᠥ ᠴᠠᠰᠤᠨ᠎ᠤ   ᠲᠠᠯᠠᠪᠠᠢ᠂ ᠦᠨᠳᠦᠰᠦᠲᠡᠨ᠎ᠦ ᠪᠡᠶ᠎ᠡ᠎ᠶᠢᠨ ᠲᠠᠮᠢᠷ᠎ᠤᠨ ᠲᠠᠯᠠᠪᠠᠢ᠎ᠶᠢᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠨᠡᠶ᠋ᠢᠲᠡ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠢ᠎ᠶᠢ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠨᠡᠭᠡᠭᠡᠬᠦ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ᠂ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ《ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠡᠳᠦᠷ ᠪᠦᠷᠢ᠎ᠶᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠴᠠᠭ᠎ᠢ 2 ᠴᠠᠭ᠎ᠠᠴᠠ ᠳᠣᠣᠷ᠎ᠠ ᠪᠠᠢᠯᠭᠠᠬᠤ ᠦᠭᠡᠢ》 ᠱᠠᠭᠠᠷᠳᠠᠯᠭ᠎ᠠ᠎ᠶᠢ ᠪᠠᠷᠢᠮᠲᠠᠯᠠᠨ ᠨᠠᠢᠳᠠᠪᠤᠷᠢᠵᠢᠭᠤᠯᠵᠤ᠂ ᠪᠡᠶ᠎ᠡ᠎ᠶᠢᠨ ᠲᠠᠮᠢᠷ᠎ᠤᠨ ᠬᠢᠴᠢᠶᠡᠯ ᠂ ᠶᠡᠬᠡ ᠬᠢᠴᠢᠶᠡᠯ᠎ᠦᠨ ᠵᠠᠪᠰᠠᠷᠯᠠᠭ᠎ᠠ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡ᠂ ᠨᠡᠢᠭᠡᠮ᠎ᠦᠨ ᠪᠦᠯᠬᠦᠮ᠎ᠦᠨ ᠠᠵᠢᠯᠯᠠᠭ᠎ᠠ᠎ᠶᠢ ᠣᠷᠭᠠᠨᠢᠭ᠋᠎ᠢᠶᠠᠷ ᠵᠣᠯᠭᠠᠭᠤᠯᠬᠤ᠎ᠶᠢ ᠲᠦᠯᠬᠢᠨ ᠠᠬᠢᠭᠤᠯᠵᠤ ᠪᠤᠢ᠃

ᠣᠳᠣᠬᠠᠨ᠎ᠳᠤ ᠤᠯᠠᠭᠠᠨᠬᠣᠲᠠ᠎ᠶᠢᠨ ᠬᠡᠰᠡᠭ ᠳᠤᠮᠳᠠᠳᠤ ᠪᠠᠭ᠎ᠠ ᠰᠤᠷᠭᠠᠭᠤᠯᠢ AI ᠣᠶᠤᠨᠲᠤ ᠬᠥᠳᠡᠯᠭᠡᠭᠡᠨ᠎ᠦ ᠰᠢᠰᠲᠧᠮ᠎ᠢ ᠠᠰᠢᠭᠯᠠᠨ ᠲᠣᠭᠠᠴᠢᠯᠠᠭᠰᠠᠨ ᠲᠥᠬᠦᠭᠡᠷᠦᠮᠵᠢ᠎ᠳᠦ ᠲᠦᠰᠢᠭᠯᠡᠨ ᠳᠡᠭᠡᠰᠦ ᠦᠰᠦᠷᠬᠦ᠂ ᠲᠠᠮᠢᠷ ᠲᠡᠩᠬᠡᠭᠡ᠎ᠶᠢ ᠬᠢᠨᠠᠨ ᠬᠡᠮᠵᠢᠬᠦ ᠵᠡᠷᠭᠡ ᠵᠢᠭᠠᠨ ᠰᠤᠷᠭᠠᠯᠲᠠ᠎ᠶᠢᠨ ᠠᠵᠢᠯᠯᠠᠭ᠎ᠠ ᠥᠷᠨᠢᠭᠦᠯᠵᠦ᠂ ᠰᠤᠷᠤᠭ᠍ᠴᠢᠳ᠎ᠤᠨ ᠬᠥᠳᠡᠯᠭᠡᠭᠡᠨ᠎ᠦ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠴᠤᠭᠯᠠᠭᠤᠯᠵᠤ᠂ ᠪᠣᠯᠪᠠᠰᠤᠷᠠᠯ᠎ᠤᠨ ᠬᠦᠴᠦᠯᠡᠴᠡ᠎ᠶᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠪᠡᠶ᠎ᠡ᠎ᠶᠢᠨ ᠲᠠᠮᠢᠷ᠎ᠤᠨ ᠬᠢᠴᠢᠶᠡᠯ᠎ᠦᠨ ᠲᠠᠩᠬᠢᠮ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ ᠪᠤᠢ᠃ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠨᠴᠠᠯᠢᠭ᠋᠎ᠲᠤ ᠴᠢᠭᠯᠡᠭᠦᠯᠦᠨ᠂ ᠠᠢᠮᠠᠭ ᠬᠣᠰᠢᠭᠤ ᠬᠣᠶᠠᠷ ᠳᠡᠰ᠎ᠤᠨ ᠣᠯᠠᠨ ᠨᠡᠶ᠋ᠢᠲᠡ᠎ᠶᠢᠨ ᠮᠥᠰᠥ ᠴᠠᠰᠤᠨ᠎ᠤ ᠲᠠᠯᠠᠪᠠᠶ ᠎ᠶᠢ ᠮᠥᠰᠥ ᠴᠠᠰᠤᠨ᠎ᠤ ᠤᠯᠠᠷᠢᠯ᠎ᠳᠤ ᠪᠦᠬᠦ ᠠᠢᠮᠠᠭ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠵᠦ᠂ ᠷᠠᠰᠢᠶᠠᠨ᠂ ᠤᠯᠠᠭᠠᠨᠬᠣᠲᠠ ᠵᠡᠷᠭᠡ ᠭᠠᠵᠠᠷ᠎ᠤᠨ ᠮᠥᠰᠥ ᠴᠠᠰᠤᠨ᠎ᠤ ᠲᠠᠯᠠᠪᠠᠶ ᠣᠷᠳᠣᠨ  ᠰᠤᠷᠭᠠᠭᠤᠯᠢ᠎ᠶᠢᠨ ᠬᠦᠷᠢᠶᠡᠨ᠎ᠳᠦ ᠲᠦᠷᠭᠡᠨ ᠲᠡᠰᠢᠯᠲᠡ᠂ ᠴᠠᠨᠠᠯᠠᠯᠲᠠ᠂ ᠮᠥᠰᠥᠨ ᠪᠥᠮᠪᠥᠭᠡ᠎ᠶᠢᠨ ᠪᠡᠶᠡᠴᠢᠯᠡᠨ ᠣᠢᠯᠠᠭᠠᠬᠤ ᠬᠢᠴᠢᠶᠡᠯ ᠨᠡᠭᠡᠭᠡᠵᠦ᠂ ᠵᠢᠯ ᠪᠦᠷᠢ ᠵᠠᠯᠠᠭᠤᠴᠤᠳ ᠪᠠᠭᠠᠴᠤᠳ᠎ᠤᠨ ᠮᠥᠰᠥ ᠴᠠᠰᠤᠨ᠎ᠤ ᠪᠣᠯᠪᠠᠰᠤᠷᠠᠯ᠎ᠢ ᠣᠯᠠᠨ ᠬᠤᠭᠤᠴᠠᠭ᠎ᠠ ᠵᠣᠬᠢᠶᠠᠨ ᠪᠠᠢᠭᠤᠯᠵᠤ᠂ ᠨᠡᠶ᠋ᠢᠲᠡ ᠬᠡᠳᠦᠨ ᠵᠠᠭᠤᠨ ᠵᠠᠯᠠᠭᠤᠴᠤᠳ ᠪᠠᠭᠠᠴᠤᠳ᠎ᠲᠤ ᠦᠢᠯᠡᠴᠢᠯᠡᠨ᠂ ᠬᠣᠲᠠ ᠲᠣᠭᠣᠷᠢᠭ᠋᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠲᠸ᠋ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠢ ᠪᠡᠶᠡᠴᠢᠯᠡᠨ ᠣᠢᠯᠠᠭᠠᠭᠤᠯᠬᠤ ᠬᠠᠷᠠᠯᠲᠠ᠎ᠶᠢ ᠲᠣᠭᠲᠠᠭᠤᠨ᠎ᠢᠶᠠᠷ ᠲᠦᠯᠬᠢᠨ ᠠᠬᠢᠭᠤᠯᠵᠤ ᠪᠠᠢᠨ᠎ᠠ ᠃

ᠬᠥᠳᠡᠭᠡ ᠲᠣᠰᠬᠣᠨ ᠮᠠᠯᠵᠢᠬᠤ ᠣᠷᠣᠨ᠎ᠳᠤ ᠡᠯ᠎ᠡ ᠭᠠᠵᠠᠷ᠎ᠤᠨ ᠬᠢᠨ ᠲᠤᠬᠠᠢ᠎ᠶᠢᠨ ᠭᠠᠵᠠᠷ᠎ᠤᠨ ᠪᠠᠢᠳᠠᠯ᠎ᠳᠠᠭᠠᠨ ᠲᠣᠬᠢᠷᠠᠭᠤᠯᠤᠨ ᠣᠲᠣ᠌᠎ᠶᠢᠨ ᠪᠠᠢᠭ᠎ᠠ ᠲᠠᠯᠠᠪᠤᠷ ᠭᠠᠵᠠᠷ᠎ᠤᠨ ᠡᠬᠢ ᠪᠠᠶᠠᠯᠢᠭ᠋᠎ᠢ ᠠᠰᠢᠭᠯᠠᠵᠦ᠂ ᠪᠥᠬᠡ᠂ ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ ᠮᠣᠩᠭᠣᠯ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠲᠥᠷᠥᠯ ᠵᠦᠢᠯ᠎ᠢ ᠰᠤᠷᠭᠠᠭᠤᠯᠢ᠎ᠶᠢᠨ ᠬᠦᠷᠢᠶᠡᠨ᠎ᠳᠦ ᠠᠭᠤᠰᠬᠠᠨ ᠣᠷᠣᠭᠤᠯᠵᠤ᠂ ᠲᠥᠬᠥᠮ ᠠᠪᠰᠠᠷᠬᠠᠨ ᠪᠡᠶ᠎ᠡ᠎ᠶᠢᠨ ᠲᠠᠮᠢᠷ᠎ᠤᠨ ᠲᠠᠯᠠᠪᠤᠷ᠎ᠢ ᠥᠭᠡᠷᠡᠴᠢᠯᠡᠨ᠂ ᠮᠠᠯᠵᠢᠬᠤ ᠣᠷᠣᠨ᠎ᠤ ᠬᠡᠦᠬᠡᠳ᠎ᠢ ᠭᠡᠷ᠎ᠦᠨ ᠡᠭᠦᠳᠡᠨ ᠳ᠋ᠦ᠍ᠨᠢ ᠥᠪᠡᠷᠮᠢᠴᠡ ᠣᠨᠴᠠᠯᠢᠭ᠋᠎ᠲᠠᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ ᠪᠤᠯᠭᠠᠪᠠ᠃



 ᠪᠠᠭ᠍ᠰᠢ᠎ᠶᠢᠨ ᠡᠩᠨᠡᠭᠡ᠎ᠶᠢ ᠬᠦᠴᠦᠷᠬᠡᠭᠵᠢᠭᠦᠯᠵᠦ ᠦᠨᠳᠦᠰᠦᠨ ᠱᠠᠲᠤᠨ᠎ᠤ ᠪᠡᠶ᠎ᠡ᠎ᠶᠢᠨ ᠲᠠᠮᠢᠷ᠎ᠤᠨ ᠴᠢᠳᠠᠪᠤᠷᠢᠲᠠᠨ᠎ᠤ ᠳᠤᠲᠠᠭᠤᠳᠠᠯ᠎ᠢ ᠨᠥᠬᠥᠪᠦᠷᠢᠯᠡᠪᠡ

ᠪᠠᠭ᠍ᠰᠢ᠎ᠶᠢᠨ ᠬᠦᠴᠦᠨ ᠪᠠᠭᠤᠷᠠᠢ ᠪᠠᠢᠬᠤ ᠨᠢ ᠬᠢᠩᠭᠠᠨ ᠠᠢᠮᠠᠭ᠎ᠤᠨ ᠮᠠᠯᠵᠢᠬᠤ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠲᠣᠪᠣᠢᠮ᠎ᠠ ᠠᠰᠠᠭᠤᠳᠠᠯ ᠪᠣᠯᠵᠤ ᠪᠠᠢᠪᠠ᠃ ᠬᠢᠩᠭᠠᠨ ᠠᠢᠮᠠᠭ  ᠪᠡᠶ᠎ᠡ᠎ᠶᠢᠨ ᠲᠠᠮᠢᠷ᠎ᠤᠨ ᠪᠠᠭ᠍ᠰᠢ᠂ ᠳᠠᠰᠬᠠᠯᠵᠢᠭᠤᠯᠤᠭ᠍ᠴᠢ᠂ ᠬᠢᠨᠠᠭ᠍ᠴᠢ᠎ᠶᠢᠨ ᠪᠠᠢᠩᠭᠤᠵᠢᠭ᠍ᠰᠠᠨ ᠪᠣᠯᠪᠠᠰᠤᠷᠠᠯ᠎ᠤᠨ ᠰᠢᠰᠲ᠋ᠸᠮ᠎ᠢ ᠪᠠᠢᠭᠤᠯᠵᠤ᠂ ᠦᠨᠳᠦᠰᠦᠨ ᠱᠠᠲᠤᠨ᠎ᠤ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠲᠠ᠎ᠶᠢᠨ ᠡᠩᠨᠡᠭᠡ᠎ᠶᠢ ᠲᠠᠰᠤᠷᠠᠯᠲᠠ ᠦᠭᠡᠢ ᠪᠤᠵᠠᠭᠠᠢᠷᠠᠭᠤᠯᠪᠠ᠃ ᠬᠢᠩᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠠᠢᠮᠠᠭ᠎ᠤᠨ ᠪᠡᠶ᠎ᠡ᠎ᠶᠢᠨ ᠲᠠᠮᠢᠷ᠎ᠤᠨ ᠳᠤᠮᠳᠠᠳᠤ ᠰᠤᠷᠭᠠᠭᠤᠯᠢ᠎ᠳᠤ ᠲᠦᠰᠢᠭᠯᠡᠨ᠂ ᠬᠥᠯ ᠪᠥᠮᠪᠥᠭᠡ᠂ ᠮᠥᠰᠥ ᠴᠠᠰᠤ᠂ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠵᠡᠷᠭᠡ ᠲᠥᠷᠥᠯ ᠵᠦᠢᠯ᠎ᠦᠨ ᠲᠠᠰᠬᠠᠯᠵᠢᠭᠤᠯᠤᠭᠴᠢ᠂ ᠬᠢᠨᠠᠭ᠍ᠴᠢ᠎ᠶᠢᠨ ᠪᠣᠯᠪᠠᠰᠤᠷᠠᠯ᠎ᠤᠨ ᠠᠩᠭᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠵᠢᠯ ᠪᠦᠷᠢ ᠬᠥᠯ ᠪᠥᠮᠪᠥᠭᠡ᠎ᠶᠢᠨ ᠨᠡᠢᠭᠡᠮᠯᠢᠭ᠎ᠦᠨ D ᠲᠠᠰ᠂ E ᠲᠠᠰ᠎ᠤᠨ ᠲᠠᠰᠬᠠᠯᠵᠢᠭᠤᠯᠤᠭᠴᠢ ᠵᠢᠴᠢ ᠡᠯ᠎ᠡ ᠱᠠᠲᠤᠨ᠎ᠤ ᠬᠢᠨᠠᠭ᠍ᠴᠢ᠎ᠶᠢᠨ ᠪᠣᠯᠪᠠᠰᠤᠷᠠᠯ᠎ᠢ ᠵᠣᠬᠢᠶᠠᠨ ᠪᠠᠢᠭᠤᠯᠵᠤ᠂ ᠲᠣᠰ ᠭᠠᠵᠠᠷ ᠣᠷᠣᠨ᠎ᠤ ᠵᠢᠭᠠᠨ ᠰᠤᠷᠭᠠᠯᠳᠠ ᠵᠢᠨ  ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠪᠡ ᠃

ᠣᠷᠣᠨ ᠪᠦᠰᠡ ᠠᠯᠤᠰᠯᠠᠭᠰᠠᠨ ᠪᠡᠶ᠎ᠡ᠎ᠶᠢᠨ ᠲᠠᠮᠢᠷ᠎ᠤᠨ ᠰᠤᠷᠭᠠᠨ ᠬᠥᠮᠦᠵᠢᠯ᠎ᠢ ᠳᠡᠮᠵᠢᠬᠦ ᠬᠠᠮᠵᠢᠯᠴᠠᠭ᠎ᠠ ᠨᠢ ᠬᠢᠩᠭᠠᠨ ᠠᠢᠮᠠᠭ᠎ᠤᠨ ᠪᠡᠶ᠎ᠡ᠎ᠶᠢᠨ ᠲᠠᠮᠢᠷ  ᠰᠤᠷᠭᠠᠨ ᠬᠥᠮᠦᠵᠢᠯ᠎ᠢ ᠠᠭᠤᠰᠤᠯᠴᠠᠭᠤᠯᠬᠤ ᠴᠢᠬᠤᠯᠠ ᠭᠠᠷᠳᠠᠴᠠ ᠪᠣᠯᠪᠠ᠃ ᠣᠢᠷ᠎ᠠ᠎ᠶᠢᠨ ᠵᠢᠯ᠎ᠡᠴᠡ᠂ ᠬᠢᠩᠭᠠᠨ ᠠᠢᠮᠠᠭ᠎ᠤᠨ ᠬᠢᠨ ᠲᠢᠶᠠᠨᠵᠢᠨ ᠦᠪᠦᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠳᠠ ᠵᠢ ᠬᠠᠪᠰᠤᠷᠤᠨ ᠲᠡᠳᠬᠦᠬᠦ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠢᠶᠠᠨᠵᠢᠨ᠎ᠤ  ᠪᠡᠶ᠎ᠡ᠎ᠶᠢᠨ ᠲᠠᠮᠢᠷ᠎ᠤᠨ ᠳᠡᠭᠡᠳᠦ ᠰᠤᠷᠭᠠᠭᠤᠯᠢ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠤ ᠪᠦᠯᠬᠦᠮ᠎ᠵᠠᠯᠠᠢᠳ ᠬᠣᠰᠢᠭᠤ ᠵᠡᠷᠭᠡ ᠬᠣᠰᠢᠭᠤ ᠰᠢᠶᠠᠨ᠎ᠤ ᠳᠤᠮᠳᠠᠳᠤ ᠪᠠᠭ᠎ᠠ ᠰᠤᠷᠭᠠᠭᠤᠯᠢ᠎ᠳᠤ ᠬᠦᠨᠵᠡᠭᠡᠢᠷᠡᠨ᠂  50 ᠨᠡᠷᠡᠰ ᠪᠡᠶ᠎ᠡ᠎ᠶᠢᠨ  ᠲᠠᠮᠢᠷ᠎ᠤᠨ ᠰᠠᠢᠨ ᠳᠤᠷ᠎ᠠ᠎ᠶᠢᠨ ᠦᠢᠯᠡᠴᠢᠯᠡᠭᠴᠢ  ᠦᠨᠳᠦᠰᠦᠨ ᠱᠠᠲᠤᠨ᠎ᠤ 22 ᠳᠤᠮᠳᠠᠳᠤ ᠪᠠᠭ᠎ᠠ ᠰᠤᠷᠭᠠᠭᠤᠯᠢ᠎ᠳᠤ ᠬᠦᠷᠴᠦ᠂ 4 ᠰᠠᠷ᠎ᠠ᠎ᠶᠢᠨ ᠬᠤᠭᠤᠴᠠᠭ᠎ᠠ᠎ᠲᠠᠢ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠲᠠ᠎ᠶᠢᠨ ᠦᠢᠯᠡᠴᠢᠯᠡᠭᠡ ᠥᠷᠨᠢᠭᠦᠯᠵᠦ᠂ ᠵᠢᠷᠤᠮᠵᠢᠭ᠍ᠰᠠᠨ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠵᠢᠭᠠᠨ ᠰᠤᠷᠭᠠᠯᠲᠠ᠂ ᠰᠣᠨᠢᠷᠬᠠᠯᠳᠦ ᠦᠨᠳᠦᠰᠦᠲᠡᠨ᠎ᠦ ᠪᠡᠶ᠎ᠡ᠎ᠶᠢᠨ ᠲᠠᠮᠢᠷ᠎ᠤᠨ ᠬᠢᠴᠢᠶᠡᠯ᠎ᠢ ᠮᠠᠯᠵᠢᠬᠤ ᠣᠷᠣᠨ᠎ᠤ ᠰᠤᠷᠭᠠᠭᠤᠯᠢ᠎ᠶᠢᠨ ᠬᠦᠷᠢᠶᠡᠨ᠎ᠳᠦ ᠬᠦᠷᠭᠡᠪᠡ᠃ ᠣᠢᠷ᠎ᠠ᠎ᠶᠢᠨ ᠭᠤᠷᠪᠠᠨ ᠵᠢᠯ᠎ᠳᠦ ᠨᠡᠶ᠋ᠢᠲᠡ 310 ᠳᠡᠭᠡᠳᠦ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠪᠠᠭ᠍ᠰᠢ ᠰᠣᠷᠣᠭ᠍ᠴᠢ ᠬᠢᠨᠭᠭᠠᠨ ᠠᠢᠮᠠᠭ᠎ᠲᠤ ᠢᠷᠡᠵᠦ ᠰᠤᠷᠭᠠᠨ ᠬᠥᠮᠦᠵᠢᠯ᠎ᠢ ᠳᠡᠮᠵᠢᠵᠦ᠂ 150 ᠳᠤᠮᠳᠠᠳᠤ ᠪᠠᠭ᠎ᠠ ᠰᠤᠷᠭᠠᠭᠤᠯᠢ᠂ 12 ᠲᠦᠮᠡ ᠭᠠᠷᠤᠢ ᠪᠠᠭ᠍ᠰᠢ ᠰᠣᠷᠣᠭ᠍ᠴᠢ᠎ᠶᠢ ᠬᠠᠮᠤᠷᠴᠤ᠂ ᠬᠥᠳᠡᠭᠡ ᠲᠣᠰᠬᠣᠨ᠎ᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠪᠠᠭ᠍ᠰᠢ ᠳᠤᠲᠠᠭᠳᠠᠵᠤ ᠪᠠᠢᠭ᠎ᠠ ᠠᠰᠠᠭᠤᠳᠠᠯ᠎ᠢ ᠪᠦᠲᠦᠮᠵᠢᠲᠡᠶ ᠨᠠᠮᠳᠠᠭᠤᠯᠪᠠ᠃

ᠡᠭᠦᠨ᠎ᠦ ᠬᠠᠮᠲᠤ᠂  ᠲᠠᠮᠢᠷ᠎ᠤᠨ ᠰᠤᠷᠭᠠᠭᠤᠯᠢ᠂ ᠰᠤᠷᠭᠠᠭᠤᠯᠢ᠎ᠶᠢᠨ ᠴᠢᠳᠠᠪᠤᠷᠢᠲᠠᠨ᠎ᠤ ᠬᠣᠣᠰ ᠴᠢᠭᠯᠡᠯ᠎ᠢᠶᠡᠷ ᠰᠢᠯᠵᠢᠬᠦ ᠵᠠᠮ᠎ᠢ ᠨᠠᠪᠲᠠᠷᠡᠭᠦᠯᠵᠦ᠂ ᠠᠢᠮᠠᠭ᠎ᠤᠨ ᠪᠡᠶ᠎ᠡ᠎ᠶᠢᠨ ᠲᠠᠮᠢᠷ᠎ᠤᠨ ᠳᠤᠮᠳᠠᠳᠤ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠳᠠᠰᠬᠠᠯᠵᠢᠭᠤᠯᠤᠭ᠍ᠴᠢ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠪᠠᠭ᠍ᠰᠢ ᠨᠠᠷ᠎ᠢ ᠲᠠᠮᠢᠷ᠎ᠤᠨ ᠰᠤᠷᠭᠠᠭᠤᠯᠢ᠎ᠳᠤ ᠣᠷᠣᠭᠤᠯᠤᠨ ᠠᠵᠢᠯ᠎ᠤᠨ ᠪᠠᠢᠷᠢ ᠳᠠᠭᠠᠨ ᠰᠤᠷᠤᠯᠴᠠᠭᠤᠯᠵᠤ᠂ 《ᠤᠯᠠᠮᠵᠢᠯᠠᠬᠤ ᠬᠠᠪᠰᠤᠷᠬᠤ ᠳᠠᠭᠠᠭᠤᠯᠬᠤ》 ᠬᠥᠮᠥᠵᠢᠭᠦᠯᠬᠦ ᠲᠣᠭᠲᠠᠴᠠ᠎ᠶᠢ ᠪᠠᠢᠭᠤᠯᠪᠠ᠃ ᠡᠭᠦᠨ᠎ᠦ ᠵᠡᠷᠭᠡ ᠪᠡᠷ  ᠪᠡᠶ᠎ᠡ᠎ᠶᠢᠨ ᠲᠠᠮᠢᠷ᠎ᠤᠨ ᠣᠨᠴᠠ ᠴᠢᠳᠠᠪᠤᠷᠢ᠎ᠲᠠᠢ ᠰᠤᠷᠤᠭ᠍ᠴᠢᠳ᠎ᠢ ᠬᠥᠮᠥᠵᠢᠭᠦᠯᠬᠦ ᠲᠥᠰᠥᠯ᠎ᠢ ᠨᠡᠢᠲᠡᠯᠡᠵᠦ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠨᠴᠠ ᠴᠢᠳᠠᠪᠤᠷᠢ᠎ᠲᠠᠢ ᠰᠤᠷᠤᠭ᠍ᠴᠢᠳ᠎ᠤᠨ ᠰᠤᠷᠭᠠᠭᠤᠯᠢ᠎ᠳᠤ ᠳᠡᠪᠰᠢᠬᠦ ᠵᠠᠮ᠎ᠢ ᠨᠠᠪᠲᠠᠷᠡᠭᠦᠯᠵᠦ ᠥᠭᠴᠡᠢ᠃        




ᠤᠷᠤᠯᠳᠤᠭᠠᠨ᠎ᠤ ᠲᠠᠪᠴᠠᠩ᠎ᠢ ᠪᠠᠢᠭᠤᠯᠵᠤ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠳᠣᠲᠣᠭᠠᠳᠤ ᠬᠥᠳᠡᠯᠭᠡᠬᠦ  ᠬᠦᠴᠦᠨ᠎ᠢ ᠲᠠᠢᠴᠢᠯᠠᠪᠠ

 ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ ᠪᠤᠯ ᠬᠢᠩᠭᠠᠨ ᠠᠢᠮᠠᠭ᠎ᠤᠨ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠴᠢᠬᠤᠯᠠ ᠠᠷᠭ᠎ᠠ ᠪᠣᠯᠣᠨ᠎ᠠ᠃ ᠬᠢᠩᠭᠠᠨ ᠠᠢᠮᠠᠭ᠂ ᠬᠣᠰᠢᠭᠤ ᠰᠢᠶᠠᠨ ᠬᠣᠲᠠ᠂ ᠰᠤᠷᠭᠠᠭᠤᠯᠢ ᠭᠤᠷᠪᠠᠨ ᠱᠠᠲᠤᠨ᠎ᠤ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠬᠣᠯᠪᠣᠭᠠᠲᠤ ᠤᠷᠤᠯᠳᠤᠭᠠᠨ᠎ᠤ ᠰᠢᠰᠲᠧᠮ᠎ᠢ ᠪᠠᠢᠭᠤᠯᠵᠤ᠂ ᠰᠤᠷᠭᠠᠭᠤᠯᠢ᠎ᠶᠢᠨ ᠵᠠᠬᠢᠷᠤᠯ ᠬᠤᠨᠳᠠᠭᠠᠲᠤ᠂ ᠬᠣᠰᠢᠭᠤ ᠰᠢᠶᠠᠨ᠎ᠤ ᠳᠠᠷᠤᠭ᠎ᠠ ᠬᠤᠨᠳᠠᠭᠠᠲᠤ᠂ ᠠᠢᠮᠠᠭ᠎ᠤᠨ ᠳᠠᠷᠤᠭ᠎ᠠ ᠬᠤᠨᠳᠠᠭᠠᠲᠤ ᠵᠡᠷᠭᠡ ᠤᠷᠤᠯᠳᠤᠭᠠᠨ᠎ᠢ ᠡᠷᠬᠢᠯᠡᠨ ᠶᠠᠪᠤᠭᠳᠠᠭᠤᠯᠵᠦ᠂ ᠬᠥᠯ ᠪᠥᠮᠪᠥᠭᠡ᠂ ᠰᠠᠭᠰᠤᠨ ᠪᠥᠮᠪᠥᠭᠡ᠂ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠮᠥᠰᠥ ᠴᠠᠰᠤᠨ᠎ᠤ ᠤᠷᠤᠯᠳᠤᠭᠠᠨ᠂ ᠪᠥᠬᠡ ᠵᠡᠷᠭᠡ ᠣᠯᠠᠨ ᠲᠥᠷᠥᠯ ᠵᠦᠢᠯ᠎ᠢ ᠬᠠᠮᠤᠷᠴᠤ᠂ ᠰᠤᠷᠭᠠᠭᠤᠯᠢ᠎ᠶᠢᠨ ᠬᠦᠷᠢᠶᠡᠨ᠎ᠦ ᠤᠷᠤᠯᠳᠤᠭᠠᠨ᠎ᠢ ᠪᠠᠢᠩᠭᠤᠵᠢᠭᠤᠯᠪᠠ᠃ ᠲᠥᠯᠦᠪᠵᠢᠭᠦᠯᠭᠡ ᠶᠣᠰᠣᠭᠠᠷ᠂ ᠡᠯ᠎ᠡ ᠰᠤᠷᠭᠠᠭᠤᠯᠢ᠎ᠨᠤᠭᠤᠳ ᠵᠢᠯ ᠪᠦᠷᠢ ᠨᠢᠭᠡ ᠤᠳᠠᠭ᠎ᠠ ᠪᠡᠶ᠎ᠡ᠎ᠶᠢᠨ ᠲᠠᠮᠢᠷ᠎ᠤᠨ ᠴᠤᠭᠯᠠᠭᠠᠨ ᠪᠤᠶᠤ ᠶᠡᠷᠦᠩᠬᠡᠢᠯᠡᠭᠰᠡᠨ ᠴᠢᠨᠠᠷᠲᠠᠢ ᠪᠡᠶ᠎ᠡ᠎ᠶᠢᠨ ᠲᠠᠮᠢᠷ᠎ᠤᠨ ᠴᠤᠭᠯᠠᠭᠠᠨ ᠡᠷᠭᠢᠯᠡᠵᠦ᠂ ᠠᠢᠮᠠᠭ᠎ᠤᠨ ᠱᠠᠲᠤᠨ᠎ᠳᠤ ᠬᠣᠶᠠᠷ ᠵᠢᠯ ᠪᠦᠷᠢ ᠶᠡᠷᠦᠩᠬᠡᠢᠯᠡᠭᠰᠡᠨ ᠴᠢᠨᠠᠷᠲᠠᠢ ᠪᠡᠶ᠎ᠡ᠎ᠶᠢᠨ ᠲᠠᠮᠢᠷ᠎ᠤᠨ ᠴᠤᠭᠯᠠᠭᠠᠨ᠂ ᠮᠠᠩᠯᠠᠢ ᠰᠢᠯᠭᠠᠷᠠᠭᠤᠯᠬᠤ ᠤᠷᠤᠯᠳᠤᠭᠠᠨ ᠡᠷᠭᠢᠯᠡᠵᠦ᠂ ᠠᠳᠠᠯᠢ ᠪᠤᠰᠤ ᠨᠠᠰᠤᠨ᠎ᠤ ᠱᠠᠲᠤᠨ᠎ᠤ ᠰᠤᠷᠤᠭ᠍ᠴᠢᠳ᠎ᠲᠤ ᠤᠷᠤᠯᠳᠤᠭᠠᠨ᠎ᠤ ᠲᠠᠪᠴᠠᠩ᠎ᠢ ᠪᠠᠢᠭᠤᠯᠵᠤ ᠦᠭᠬᠦᠭᠰᠡᠨ ᠪᠠᠢᠨ᠎ᠠ᠃

ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠂ ᠷᠠᠰᠢᠶᠠᠨ᠎ᠤ ᠴᠠᠰᠤᠲᠤ ᠭᠠᠵᠠᠷ᠎ᠤᠨ ᠬᠥᠯ ᠪᠥᠮᠪᠥᠭᠡ᠎ᠶᠢᠨ ᠤᠷᠤᠯᠳᠤᠭᠠᠨ᠂ ᠵᠠᠯᠠᠭᠤᠴᠤᠳ ᠪᠠᠭᠠᠴᠤᠳ᠎ᠤᠨ ᠮᠥᠰᠥ ᠴᠠᠰᠤᠨ᠎ᠤ ᠪᠣᠯᠪᠠᠰᠤᠷᠠᠯ ᠵᠡᠷᠭᠡ ᠣᠨᠴᠠᠯᠢᠭ᠍ᠲᠤ ᠤᠷᠤᠯᠳᠤᠭᠠᠨ᠎ᠢ ᠦᠷᠭᠦᠯᠵᠢᠯᠡᠨ ᠥᠷᠨᠢᠭᠦᠯᠵᠦ᠂ ᠪᠠᠰᠠ ᠵᠡᠭᠦᠨ ᠲᠠᠪᠤᠨ ᠠᠢᠮᠠᠭ ᠬᠣᠲᠠ᠎ᠲᠠᠢ ᠬᠣᠯᠪᠤᠭᠠᠯᠠᠨ ᠣᠷᠣᠨ ᠪᠦᠰᠡ ᠠᠯᠤᠰᠯᠠᠭᠰᠠᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠰᠣᠯᠢᠯᠴᠠᠭᠠᠨ᠎ᠤ ᠤᠷᠤᠯᠳᠤᠭᠠᠨ᠎ᠢ ᠡᠷᠬᠢᠯᠡᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠵᠠᠯᠠᠢᠳ ᠬᠣᠰᠢᠭᠤ ᠵᠡᠷᠭᠡ ᠬᠣᠰᠢᠭᠤ ᠰᠢᠶᠠᠨ᠎ᠨᠤᠭᠤᠳ U ᠰᠢᠷᠢᠰ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠤᠷᠢᠯᠭ᠎ᠠ᠎ᠶᠢᠨ ᠤᠷᠤᠯᠳᠤᠭᠠᠨ᠎ᠢ ᠪᠠᠢᠩᠭᠤᠵᠢᠭᠤᠯᠤᠨ ᠡᠷᠭᠢᠯᠡᠵᠦ᠂ ᠡᠷᠬᠢᠨ ᠲᠣᠭᠣᠷᠢᠨ᠎ᠤ ᠠᠢᠮᠠᠭ ᠬᠣᠲᠠ᠎ᠶᠢᠨ ᠡᠩᠨᠡᠭᠡ᠎ᠶᠢ ᠲᠡᠳᠡᠨ ᠬᠠᠮᠲᠤ᠎ᠪᠠᠷ ᠤᠷᠤᠯᠳᠤᠭᠤᠯᠵᠤ᠂ ᠤᠷᠤᠯᠳᠤᠭᠠᠨ᠎ᠤ ᠳᠤᠮᠳᠠ ᠪᠡᠯᠡᠳᠬᠡᠯ ᠪᠡᠶ᠎ᠡ᠎ᠶᠢᠨ ᠲᠠᠮᠢᠷ᠎ᠤᠨ ᠴᠢᠳᠠᠪᠤᠷᠢᠲᠠᠨ᠎ᠢ ᠢᠯᠡᠷᠡᠭᠦᠯᠪᠡ᠃ ᠤᠷᠤᠯᠳᠤᠭᠠᠨ᠎ᠤ ᠰᠢᠯᠭᠠᠷᠠᠭᠤᠯᠤᠯᠲᠠ᠎ᠳᠤ ᠲᠦᠰᠢᠭᠯᠡᠨ᠂ ᠬᠢᠩᠭᠠᠨ ᠠᠢᠮᠠᠭ᠎ᠤᠨ ᠬᠢᠨ ᠥᠪᠡᠷᠲᠡᠭᠡᠨ ᠵᠠᠰᠠᠬᠤ ᠣᠷᠣᠨ᠎ᠳᠤ ᠮᠥᠰᠥ ᠴᠠᠰᠤ᠂ ᠬᠦᠨᠳᠦ ᠬᠥᠩᠭᠡᠨ ᠪᠡᠶ᠎ᠡ᠎ᠶᠢᠨ ᠲᠠᠮᠢᠷ᠂ ᠬᠥᠯ ᠪᠥᠮᠪᠥᠭᠡ ᠵᠡᠷᠭᠡ ᠲᠦᠷᠦᠯ ᠵᠦᠢᠯ᠎ᠦᠨ  ᠲᠠᠮᠢᠷᠴᠢᠳ᠎ᠢ ᠦᠷᠭᠦᠯᠵᠢᠯᠡᠨ ᠬᠦᠷᠭᠡᠪᠡ᠃

ᠳᠠᠷᠠᠭᠠᠴᠢ᠎ᠶᠢᠨ ᠠᠯᠬᠤᠮ᠎ᠳᠤ᠂ ᠬᠢᠩᠭᠠᠨ ᠠᠢᠮᠠᠭ᠎ᠤᠨ ᠬᠢᠨ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠢᠵᠢ ᠪᠦᠷᠢᠳᠦᠭᠰᠡᠨ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠯᠠᠪᠠᠢ᠎ᠶᠢᠨ ᠬᠠᠩᠭᠠᠯᠭ᠎ᠠ᠂ ᠪᠠᠭ᠍ᠰᠢ᠎ᠶᠢᠨ ᠪᠣᠯᠪᠠᠰᠤᠷᠠᠯ᠂ ᠤᠷᠤᠯᠳᠤᠭᠠᠨ᠎ᠤ ᠰᠢᠯᠭᠠᠷᠠᠭᠤᠯᠤᠯᠲᠠ᠂ ᠴᠢᠳᠠᠪᠤᠷᠢᠲᠠᠨ᠎ᠢ ᠬᠦᠷᠭᠡᠬᠦ ᠪᠦᠬᠦ ᠬᠡᠯᠬᠢᠶ᠎ᠡ᠎ᠶᠢᠨ ᠲᠣᠭᠲᠠᠴᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠂ ᠮᠥᠰᠥ ᠴᠠᠰᠤᠨ᠎ᠤ ᠪᠡᠶ᠎ᠡ᠎ᠶᠢᠨ ᠲᠠᠮᠢᠷ᠂ ᠰᠤᠷᠭᠠᠭᠤᠯᠢ᠎ᠶᠢᠨ ᠬᠦᠷᠢᠶᠡᠨ᠎ᠦ ᠰᠠᠭᠤᠷᠢ ᠲᠦᠷᠦᠯ ᠵᠦᠢᠯ᠎ᠦᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠪᠡᠶ᠎ᠡ᠎ᠶᠢᠨ ᠲᠠᠮᠢᠷ᠎ᠤᠨ ᠤᠨᠴᠠ  ᠴᠢᠳᠠᠪᠤᠷᠢ᠎ᠲᠠᠢ ᠪᠠᠭᠠᠴᠤᠳ᠎ᠤᠨ ᠦᠰᠦᠨ ᠪᠣᠶ᠋ᠢᠵᠢᠯᠲᠠ᠎ᠶᠢ ᠠᠬᠢᠭᠤᠯᠵᠤ᠂ ᠬᠢᠩᠭᠠᠨ ᠠᠢᠮᠠᠭ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠲᠦ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ ᠨᠡᠮᠡᠷᠢᠯᠡᠬᠦ ᠪᠤᠯᠤᠨ᠎ᠠ᠃

ᠰᠤᠷᠪᠤᠯᠵᠢᠯᠠᠬᠰᠠᠨ᠎ᠤ ᠲᠠᠷᠠᠭ᠎ᠠ᠄

ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠪᠣᠯ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠨᠠᠢᠳᠠᠪᠤᠷᠢᠵᠢᠭᠤᠯᠬᠤ᠎ᠶᠢᠨ ᠬᠦᠴᠦᠲᠡᠢ ᠭᠠᠷᠳᠠᠴᠠ ᠪᠣᠯᠬᠤ᠎ᠪᠠᠷ ᠪᠠᠷᠠᠬᠤ ᠦᠭᠡᠢ ᠪᠠᠰᠠ ᠴᠤ᠌ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠦᠮᠦᠵᠢᠬᠦᠯᠬᠦ᠂ ᠦᠨᠳᠦᠰᠦᠲᠡᠨ᠎ᠦ ᠪᠡᠶ᠎ᠡ᠎ᠶᠢᠨ ᠲᠠᠮᠢᠷ᠎ᠤᠨ ᠰᠣᠶᠣᠯ᠎ᠢ ᠤᠯᠠᠮᠵᠢᠯᠠᠨ ᠬᠦᠭᠵᠢᠬᠦᠯᠬᠦ ᠴᠢᠬᠤᠯᠠ ᠠᠷᠭ᠎ᠠ ᠵᠠᠮ ᠮᠥᠨ ᠃ ᠬᠢᠩᠭᠠᠨ ᠠᠢᠮᠠᠭ᠎ᠤᠨ ᠬᠢᠨ ᠤᠮᠠᠷᠠᠲᠤ ᠬᠢᠯᠢ᠎ᠶᠢᠨ ᠲᠠᠯ᠎ᠠ ᠨᠤᠲᠤᠭ᠎ᠤᠨ ᠣᠨᠴᠠᠯᠢᠭ᠋᠎ᠲᠤ ᠰᠠᠭᠤᠷᠢᠯᠠᠵᠤ᠂ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠂ ᠮᠥᠰᠥ ᠴᠠᠰᠤᠨ᠎ᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠣᠷᠭᠠᠨᠢᠭ᠋᠎ᠢᠶᠠᠷ ᠤᠶᠠᠯᠳᠤᠭᠤᠯᠵᠤ᠂ ᠲᠠᠯᠠᠪᠠᠶ᠎ᠶᠢᠨ ᠪᠦᠲᠦᠭᠡᠨ ᠪᠠᠢᠭᠤᠯᠤᠯᠲᠠ᠂ ᠪᠠᠭ᠍ᠰᠢ ᠵᠢ ᠬᠥᠮᠥᠵᠢᠭᠦᠯᠬᠦ᠂ ᠤᠷᠤᠯᠳᠤᠭᠠᠨ ᠡᠷᠬᠢᠯᠡᠬᠦ ᠵᠡᠷᠭᠡ ᠪᠦᠬᠦ ᠲᠠᠯ᠎ᠠ᠎ᠪᠠᠷ ᠲᠡᠭᠦᠯᠳᠡᠷᠵᠢᠭᠦᠯᠵᠦ᠂  ᠮᠠᠨ᠎ᠤ ᠤᠷᠤᠨ᠎ᠤ 《ᠪᠡᠶ᠎ᠡ ᠵᠢᠨ ᠲᠠᠮᠢᠷ ᠰᠤᠷᠭᠠᠨ ᠬᠦᠮᠦᠵᠢᠯ᠎ᠢ ᠬᠦᠨᠵᠡᠭᠡᠢ ᠠᠭᠤᠰᠤᠯᠴᠠᠭᠤᠯᠬᠤ》 ᠵᠢᠨ ᠨᠢᠭᠡᠨ ᠦᠯᠢᠭᠡᠷ ᠬᠡᠪ ᠪᠤᠯᠤᠭᠰᠠᠨ ᠪᠠᠢᠨ᠎ᠠ᠃ ᠡᠬᠦᠪᠡᠷ  ᠪᠢᠳᠡ ᠪᠠᠰᠠ《ᠪᠡᠶ᠎ᠡ᠎ᠶᠢᠨ ᠲᠠᠮᠢᠷ + ᠰᠤᠷᠭᠠᠨ ᠬᠥᠮᠦᠵᠢᠯ》ᠰᠢᠷᠢᠰ ᠮᠡᠳᠡᠭᠡᠯᠡᠯ  ᠵᠢᠡᠨ ᠦᠨᠳᠦᠷᠯᠡᠬᠦᠯᠬᠦ ᠪᠤᠯᠤᠯ᠎ᠠ᠃ ᠰᠢᠷᠢᠰ ᠮᠡᠳᠡᠭᠡᠯᠡᠯ ᠮᠠᠨᠢ ᠮᠠᠨ᠎ᠤ ᠤᠷᠤᠨ᠎ᠤ  10 ᠭᠠᠵᠠᠷ ᠤᠷᠤᠨ᠂ 10 ᠨᠡᠢᠳᠡᠯᠢᠭ ᠵᠢᠱ᠌ᠢᠶ᠎ᠡ ᠪᠡᠷ ᠡᠯ᠎ᠡ ᠭᠠᠵᠠᠷ᠎ᠤᠨ ᠪᠡᠶ᠎ᠡ ᠵᠢᠨ ᠲᠠᠮᠢᠷ ᠰᠤᠷᠭᠠᠨ ᠬᠦᠮᠦᠵᠢᠯ᠎ᠤᠨ ᠬᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠴᠠᠭ ᠦᠶ᠎ᠡ ᠵᠢᠨ ᠪᠦᠬᠦ ᠲᠠᠯ᠎ᠠ ᠪᠡᠷ ᠬᠦᠭᠵᠢᠭᠰᠡᠨ  ᠵᠠᠯᠠᠭᠤᠴᠤᠳ ᠪᠠᠭᠠᠴᠤᠳ᠎ᠢ ᠬᠦᠮᠦᠵᠢᠬᠦᠯᠬᠦ ᠳ᠋ᠤ ᠰᠠᠢᠨ ᠰᠠᠢᠬᠠᠨ ᠲᠠᠮᠵᠢᠭᠤᠯᠭ᠎ᠠ ᠪᠤᠯᠤᠭᠰᠠᠨ ᠪᠤᠯᠳᠤᠭᠠᠢ᠃

                   ( ᠭᠡᠷᠡᠯ  ᠵᠢᠷᠤᠭ᠎ᠤᠳ ᠎ᠢ   ᠰᠦᠯᠵᠢᠶ᠎ᠡ ᠡᠴᠡ   ᠠᠪᠤᠪᠠ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面