ᠲᠡᠷᠢᠭᠦᠨ ᠨᠢᠭᠤᠷ>ᠨᠠᠭᠠᠳᠤᠮ ᠴᠡᠩᠬᠡᠭᠦᠨ>ᠮᠡᠳᠡᠭᠡ

2026-11-16 14:00:45

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

  ᠰᠤᠷᠪᠤᠯᠵᠢᠯᠠᠭ᠍ᠴᠢ 11 ᠰᠠᠷ᠎ᠠ᠎ᠶᠢᠨ 11᠎ᠦ ᠡᠳᠦᠷ ᠬᠥᠬᠡᠬᠣᠲᠠ᠎ᠳᠤ ᠬᠤᠷᠠᠯᠳᠤᠭᠰᠠᠨ ᠪᠥᠬᠥ ᠣᠷᠣᠨ᠎ᠤ ᠬᠥᠯ ᠪᠥᠮᠪᠥᠭᠡ᠎ᠶᠢᠨ ᠠᠵᠢᠯ᠎ᠤᠨ ᠬᠤᠷᠠᠯ᠎ᠠᠴᠠ ᠣᠢᠯᠠᠭᠠᠭᠰᠠᠨ᠎ᠢᠶᠠᠷ᠂ 2026 ᠣᠨ ᠪᠣᠯᠲᠠᠯ᠎ᠠ᠂ ᠥᠪᠥᠷ ᠮᠣᠩᠭᠣᠯ ᠤᠯᠤᠰ᠎ᠤᠨ ᠲᠠᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠶᠢ ᠨᠡᠶ᠋ᠢᠲᠡ 1345 ᠰᠢᠯᠢᠨ ᠰᠣᠩᠭᠣᠵᠤ ᠪᠦᠲᠦᠭᠡᠨ ᠪᠠᠢᠭᠤᠯᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠶᠡᠷᠦᠩᠬᠡᠢ ᠲᠣᠭᠠᠨ᠎ᠤ 46% ᠶ᠋ᠢ ᠡᠵᠡᠯᠡᠨ᠂ ᠡᠵᠡᠯᠡᠬᠦ ᠬᠠᠷᠢᠴᠠᠯ ᠵᠢᠡᠷ ᠵᠢᠡᠨ ᠪᠥᠬᠥ ᠤᠯᠤᠰ᠎ᠲᠤ ᠲᠦᠷᠦᠭᠦᠯᠡᠪᠡ᠃

  ᠣᠢᠯᠠᠭᠠᠭᠰᠠᠨ᠎ᠢᠶᠠᠷ᠂ ᠣᠢᠷ᠎ᠠ᠎ᠶᠢᠨ ᠵᠢᠯ᠎ᠳᠦ ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠲᠦᠭᠡᠮᠡᠯᠵᠢᠯ᠎ᠦᠨ ᠰᠠᠭᠤᠷᠢ ᠦᠷᠭᠦᠯᠵᠢᠯᠡᠨ ᠪᠡᠬᠢᠵᠢᠵᠦ᠂ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ ᠪᠥᠬᠥ ᠤᠯᠤᠰ᠎ᠲᠤ ᠲᠦᠷᠦᠭᠦᠯᠡᠪᠡ᠃ ᠥᠪᠥᠷ ᠮᠣᠩᠭᠣᠯ 5 ᠤᠯᠤᠰ᠎ᠤᠨ ᠲᠠᠰ᠎ᠤᠨ ᠪᠠ 11 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠪᠣᠯᠪᠠᠰᠤᠷᠠᠯ᠎ᠤᠨ ᠬᠤᠸᠠᠷᠠᠨ ᠎ᠤ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠴᠢᠶᠡᠯ᠎ᠦᠨ ᠭᠠᠳᠠᠨᠠᠬᠢ ᠪᠣᠯᠪᠠᠰᠤᠷᠠᠯ᠎ᠤᠨ ᠤᠷᠤᠯᠳᠤᠭᠠᠨ ᠪᠠ ᠰᠣᠯᠢᠯᠴᠠᠭᠠᠨ᠎ᠤ ᠠᠵᠢᠯᠯᠠᠭ᠎ᠠ᠎ᠶᠢ ᠪᠠᠢᠩᠭᠤᠵᠢᠭᠤᠯᠪᠠ︔ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠲᠠᠯᠠᠪᠤᠷ ᠣᠷᠳᠣᠨ᠎ᠤ ᠪᠦᠲᠦᠭᠡᠨ ᠪᠠᠢᠭᠤᠯᠤᠯᠲᠠ᠎ᠶᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ 2025 ᠣᠨ ᠪᠣᠯᠲᠠᠯ᠎ᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠡᠯ᠎ᠡ ᠲᠥᠷᠥᠯ᠎ᠦᠨ ᠭᠡᠷ᠎ᠦᠨ ᠭᠠᠳᠠᠨᠠᠬᠢ ᠬᠥᠯ ᠪᠥᠮᠪᠥᠭᠡ᠎ᠶᠢᠨ ᠲᠠᠯᠠᠪᠤᠷ᠎ᠢ 3097᠂ ᠬᠥᠯ ᠪᠥᠮᠪᠥᠭᠡ᠎ᠶᠢᠨ ᠣᠷᠳᠣᠨ᠎ᠢ 393᠂ ᠣᠷᠳᠣᠨ᠎ᠤ ᠳᠣᠲᠣᠷᠠᠬᠢ ᠬᠥᠯ ᠪᠥᠮᠪᠥᠭᠡ᠎ᠶᠢᠨ ᠲᠠᠯᠠᠪᠤᠷ᠎ᠢ 420 ᠪᠠᠢᠭᠤᠯᠵᠤ᠂ ᠵᠢᠭᠠᠨ ᠰᠤᠷᠭᠠᠯᠲᠠ ᠪᠣᠯᠪᠠᠰᠤᠷᠠᠯ ᠤᠷᠤᠯᠳᠤᠭᠠᠨ᠎ᠤ ᠨᠥᠬᠥᠴᠡᠯ᠎ᠢ ᠲᠤᠢᠯ᠎ᠤᠨ ᠶᠡᠬᠡ᠎ᠪᠡᠷ ᠰᠠᠢᠵᠢᠷᠠᠭᠤᠯᠪᠠ᠃

  ᠣᠳᠣᠬᠠᠨ᠎ᠳᠤ᠂ ᠥᠪᠥᠷ ᠮᠣᠩᠭᠣᠯ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ᠎ᠤ ᠰᠢᠰᠲᠧᠮ ᠪᠥᠬᠥ ᠲᠠᠯ᠎ᠠ᠎ᠪᠠᠷ ᠪᠦᠷᠢᠯᠳᠦᠵᠦ᠂ ᠬᠥᠮᠥᠨ ᠬᠥᠮᠥᠵᠢᠭᠦᠯᠬᠦ ᠴᠢᠳᠠᠮᠵᠢ᠎ᠶᠢ ᠭᠦᠢᠴᠡᠳ ᠢᠯᠡᠷᠡᠭᠦᠯᠪᠡ᠃ ᠥᠪᠥᠷ ᠮᠣᠩᠭᠣᠯ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠥᠷᠢᠰᠦᠯᠳᠦᠭᠡᠨ᠎ᠦ ᠪᠣᠯᠪᠠᠰᠤᠷᠠᠯ᠎ᠤᠨ ᠵᠠᠭᠪᠤᠷ᠎ᠤᠨ ᠰᠢᠨ᠎ᠡ᠎ᠶᠢ ᠡᠭᠦᠳᠴᠦ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠥᠨᠳᠥᠷ ᠳᠤᠮᠳᠠᠳᠤ (ᠳᠤᠮᠳᠠ ᠵᠡᠷᠭᠡ᠎ᠶᠢᠨ ᠠᠵᠢᠯ ᠮᠡᠷᠭᠡᠵᠢᠯ )᠂ ᠶᠡᠬᠡ ᠰᠤᠷᠭᠠᠭᠤᠯᠢ᠎ᠶᠢᠨ ᠪᠥᠬᠥ ᠰᠤᠷᠤᠯᠭ᠎ᠠ᠎ᠶᠢᠨ ᠬᠡᠰᠡᠭ᠎ᠢ ᠨᠡᠪᠲᠡᠷᠡᠭᠦᠯᠦᠨ᠂ ᠰᠤᠷᠭᠠᠭᠤᠯᠢ᠎ᠶᠢᠨ ᠵᠠᠬᠢᠷᠤᠯ ᠬᠤᠨᠳᠠᠭᠠᠲᠤ᠂ ᠬᠣᠰᠢᠭᠤ ᠰᠢᠶᠠᠨ ᠲᠣᠭᠣᠷᠢᠭ᠋᠎ᠤᠨ ᠳᠠᠷᠤᠭ᠎ᠠ ᠬᠤᠨᠳᠠᠭᠠᠲᠤ᠂ ᠠᠢᠮᠠᠭ ᠬᠣᠲᠠ᠎ᠶᠢᠨ ᠳᠠᠷᠤᠭ᠎ᠠ ᠬᠤᠨᠳᠠᠭᠠᠲᠤ᠂ ᠲᠡᠷᠢᠭᠦᠯᠡᠭᠴᠢ᠎ᠶᠢᠨ ᠬᠤᠨᠳᠠᠭᠠᠲᠤ᠎ᠶᠢ ᠵᠣᠯᠭᠠᠭᠤᠯᠤᠨ ᠱᠠᠲᠤ ᠳᠠᠷᠠᠭᠠᠯᠠᠨ ᠲᠠᠰ ᠳᠡᠪᠰᠢᠭᠰᠡᠨ《ᠬᠣᠣᠰ ᠳᠥᠷᠪᠡᠨ ᠳᠡᠰ》᠎ᠤᠨ ᠬᠣᠯᠪᠣᠭᠠᠲᠤ ᠤᠷᠤᠯᠳᠤᠭᠠᠨ᠎ᠤ ᠰᠢᠰᠲᠧᠮ᠎ᠢ ᠪᠠᠢᠭᠤᠯᠵᠤ᠂《ᠭᠠᠷᠠᠭ ᠪᠦᠷᠢ ᠤᠷᠤᠯᠳᠤᠭᠠᠨ᠎ᠲᠠᠢ᠂ ᠰᠠᠷ᠎ᠠ ᠪᠦᠷᠢ ᠬᠥᠳᠡᠯᠭᠡᠭᠡᠨ᠎ᠲᠠᠢ》 ᠪᠠᠢᠬᠤ᠎ᠶᠢ ᠪᠡᠶᠡᠯᠡᠭᠦᠯᠪᠡ᠃ ᠵᠢᠯ ᠪᠦᠷᠢ ᠡᠯ᠎ᠡ ᠱᠠᠲᠤᠨ ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ᠎ᠤ ᠠᠵᠢᠯᠯᠠᠭ᠎ᠠ᠎ᠶᠢ 1500 ᠭᠠᠷᠤᠢ ᠵᠦᠢᠯ ᠤᠳᠠᠭ᠎ᠠ ᠡᠷᠭᠢᠯᠡᠵᠦ᠂ ᠳᠥᠷᠪᠡᠳᠦᠭᠡᠷ ᠳᠡᠰ᠎ᠤᠨ ᠬᠣᠯᠪᠣᠭᠠᠲᠤ ᠤᠷᠤᠯᠳᠤᠭᠠᠨ᠎ᠳᠤ ᠵᠢᠯ ᠪᠦᠷᠢ ᠰᠢᠭᠤᠳ ᠤᠷᠤᠯᠴᠠᠵᠤ ᠪᠤᠢ ᠰᠤᠷᠤᠭᠴᠢ 10 ᠲᠦᠮᠡᠨ ᠬᠦᠮᠦᠨ ᠤᠳᠠᠭ᠎ᠠ ᠎ᠳᠤ ᠬᠦᠷᠴᠡᠢ᠃《ᠨᠢᠭᠡ ᠪᠦᠰᠡ ᠨᠢᠭᠡ ᠵᠠᠮ》᠎ᠤᠨ ᠳᠤᠮᠳᠠᠳᠤ ᠣᠷᠣᠰ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ ᠵᠢᠴᠢ ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ᠂ ᠤᠮᠠᠷᠠᠲᠤ ᠣᠷᠣᠨ᠎ᠤ ᠲᠠᠪᠤᠨ ᠮᠤᠵᠢ ᠬᠣᠲᠠ ᠣᠷᠣᠨ᠂ ᠬᠥᠬᠡᠬᠣᠲᠠ ᠪᠤᠭᠤᠲᠤ ᠣᠷᠳᠣᠰ ᠦᠬᠠᠢ᠎ᠶᠢᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠵᠤᠰᠠᠯᠠᠩ᠎ᠤᠨ ᠲᠦᠷᠦᠯ ᠲᠡᠮᠳᠡᠭ᠎ᠢ ᠠᠮᠵᠢᠯᠲᠠ ᠲᠠᠢ ᠪᠣᠶ ᠪᠣᠯᠭᠠᠵᠤ᠂ ᠤᠯᠤᠰ ᠵᠢᠠᠨ ᠬᠠᠢᠷᠠᠯᠠᠬᠤ ᠦᠵᠡᠯ᠂ ᠨᠡᠢᠲᠡᠴᠢ ᠦᠵᠡᠯ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ ᠎ᠢ ᠬᠥᠯ ᠪᠥᠮᠪᠥᠭᠡ᠎ᠶᠢᠨ ᠬᠢᠴᠢᠶᠡᠯ ᠪᠠ ᠤᠷᠤᠯᠳᠤᠭᠠᠨ᠎ᠤ ᠠᠵᠢᠯᠯᠠᠭ᠎ᠠ᠎ᠶᠢᠨ ᠪᠥᠬᠥ ᠶᠠᠪᠤᠴᠠ᠎ᠳᠤ ᠠᠭᠤᠰᠬᠠᠨ ᠣᠷᠣᠭᠤᠯᠵᠤ᠂ ᠪᠥᠬᠥ ᠬᠥᠮᠥᠰ ᠣᠷᠣᠯᠴᠠᠭᠰᠠᠨ᠂ ᠪᠥᠬᠥ ᠵᠢᠯ᠎ᠳᠦ ᠲᠤᠭᠤᠰᠢᠯᠠᠭᠰᠠᠨ᠂ ᠣᠷᠣᠨ ᠪᠦᠰᠡ ᠬᠠᠮᠵᠢᠯᠴᠠᠭᠰᠠᠨ ᠬᠥᠯ ᠪᠥᠮᠪᠥᠭᠡ᠎ᠶᠢᠨ ᠬᠥᠮᠥᠨ ᠬᠥᠮᠥᠵᠢᠭᠦᠯᠬᠦ ᠠᠮᠢ ᠠᠬᠤᠢ᠎ᠶᠢ ᠪᠣᠶ ᠪᠣᠯᠭᠠᠵᠤ ᠪᠠᠢᠨ᠎ᠠ᠃

 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面