ᠲᠡᠷᠢᠭᠦᠨ ᠨᠢᠭᠤᠷ>ᠨᠠᠭᠠᠳᠤᠮ ᠴᠡᠩᠬᠡᠭᠦᠨ>ᠮᠡᠳᠡᠭᠡ

2026-11-24 17:15:12

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ ᠠᠯᠪᠠᠨ ᠰᠦᠯᠵᠢᠶ᠎ᠡ᠎ᠶᠢᠨ ᠮᠡᠳᠡᠭᠡ ᠵᠢ ᠦᠨᠳᠦᠰᠦᠯᠡᠪᠡᠯ᠂ ᠲᠤᠬᠠᠶ᠎ᠶᠢᠨ ᠭᠠᠵᠠᠷ᠎ᠤᠨ ᠴᠠᠭ᠎ᠢᠶᠠᠷ 21᠎ᠦ ᠡᠳᠦᠷ᠂ ᠪᠥᠬᠥᠳᠡ ᠨᠠᠶ᠋ᠢᠷᠠᠮᠳᠠᠬᠤ ᠳ᠋ᠣᠮᠢᠨᠢᠺᠠ ᠤᠯᠤᠰ᠎ᠲᠤ᠌ ᠶᠠᠪᠤᠭᠳᠠᠭᠰᠠᠨ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ 40 ᠳ᠋ᠤᠭᠡᠷ ᠬᠤᠭᠤᠴᠠᠭᠠᠨ᠎ᠤ ᠲᠥᠯᠥᠭᠡᠯᠡᠭᠴᠢᠳ᠎ᠦᠨ ᠶᠡᠬᠡ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠠᠯᠠᠭᠠᠳᠠᠬᠤ ᠪᠥᠮᠪᠥᠭᠡ᠎ᠶᠢᠨ ᠠᠪᠤᠷᠭᠤ ᠯᠠᠩ ᠫᠢᠩ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠢᠨ᠎ᠦ ᠪᠤᠰᠤᠳ ᠳᠥᠷᠪᠡᠨ ᠭᠠᠷᠮᠠᠭᠠᠶ ᠬᠥᠮᠦᠰ᠎ᠲᠡᠶ ᠬᠠᠮᠲᠤ᠌ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ ᠬᠠᠮᠤᠭ᠎ᠤᠨ ᠳᠡᠭᠡᠳᠦ ᠢᠷᠠᠭᠤ ᠠᠯᠳᠠᠷ — 《ᠠᠯᠠᠭᠠᠳᠠᠬᠤ ᠪᠦᠮᠪᠦᠭᠡ ᠵᠢᠨ ᠤᠳᠤᠨ ᠳᠡᠮᠳᠡᠭ》᠎ᠢ ᠬᠦᠷᠲᠡᠪᠡ᠃



ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ ᠬᠢᠨ ᠱᠠᠩᠨᠠᠯ ᠣᠯᠭᠣᠬᠤ ᠦᠭᠡ᠎ᠳᠡᠭᠡᠨ᠂ ᠯᠠᠩ ᠫᠢᠩ ᠪᠣᠯ 《ᠤᠯᠠᠨ ᠤᠯᠤᠰ᠎ᠦᠨ ᠠᠯᠠᠭᠠᠳᠠᠬᠤ ᠪᠥᠮᠪᠥᠭᠡ᠎ᠶᠢᠨ ᠠᠪᠤᠷᠭᠤ》 ᠮᠥᠨ᠂ ᠲᠡᠭᠦᠨ᠎ᠤ ᠪᠥᠮᠪᠥᠭᠡᠴᠢᠨ ᠪᠠ ᠳᠠᠰᠬᠠᠯᠵᠢᠭᠤᠯᠤᠭᠴᠢ᠎ᠶᠢᠨ ᠬᠤᠪᠢ᠎ᠪᠠᠷ ᠣᠯᠤᠭᠰᠠᠨ ᠠᠮᠵᠢᠯᠲᠠ ᠪᠦᠲᠦᠮᠵᠢ ᠨᠢ ᠬᠡᠳᠦᠨ ᠦᠶ᠎ᠡ᠎ᠶᠢᠨ ᠬᠥᠮᠦᠰ᠎ᠢ ᠵᠣᠷᠢᠭᠵᠢᠭᠤᠯᠪᠠ᠃《ᠲᠡᠮᠦᠷ ᠯᠠᠩᠲᠤᠤ》 ᠬᠡᠮᠡᠭᠳᠡᠭᠰᠡᠨ ᠯᠠᠩ ᠫᠢᠩ ᠳᠤᠮᠳᠠᠳᠤ ᠤᠯᠤᠰ᠎ᠤᠨ ᠡᠮᠡᠭᠲᠡᠶ᠎ᠶᠢᠨ ᠠᠯᠠᠭᠠᠳᠠᠬᠤ ᠪᠥᠮᠪᠥᠭᠡ᠎ᠶᠢᠨ ᠠᠩᠭᠢ᠎ᠶᠢ ᠬᠠᠪᠰᠤᠷᠤᠨ 1984 ᠣᠨ᠎ᠤ ᠯᠠᠤᠰ ᠠᠩᠵᠸᠯᠸᠰ᠎ᠤᠨ ᠣᠯᠢᠮᠫᠢᠺ᠎ᠦᠨ ᠲᠠᠮᠢᠷ᠎ᠤᠨ ᠴᠤᠭᠯᠠᠭᠠᠨ ᠳᠡᠭᠡᠷ᠎ᠡ ᠠᠯᠲᠠᠨ ᠮᠧᠳᠠᠯ ᠣᠯᠵᠤ᠂ ᠲᠡᠭᠦᠨ᠎ᠡᠴᠡ ᠬᠣᠶ᠋ᠢᠰᠢ ᠪᠠᠰᠠ ᠭᠣᠣᠯ ᠳᠠᠰᠬᠠᠯᠵᠢᠭᠤᠯᠤᠭᠴᠢ᠎ᠶᠢᠨ ᠬᠤᠪᠢ᠎ᠪᠠᠷ ᠳᠤᠮᠳᠠᠳᠤ ᠤᠯᠤᠰ᠎ᠤᠨ ᠡᠮᠡᠭᠲᠡᠶ᠎ᠶᠢᠨ ᠠᠯᠠᠭᠠᠳᠠᠬᠤ ᠪᠥᠮᠪᠥᠭᠡ᠎ᠶᠢᠨ ᠠᠩᠭᠢ᠎ᠶᠢ ᠳᠠᠭᠠᠭᠤᠯᠤᠨ 2016 ᠣᠨ᠎ᠤ ᠷᠢᠦ᠋ ᠳ᠋ᠢ ᠿᠸᠨ᠋ᠸᠢ᠌ᠷᠦ᠋ ᠵᠢᠨ ᠣᠯᠢᠮᠫᠢᠺ᠎ᠦᠨ ᠲᠠᠮᠢᠷ᠎ᠤᠨ ᠴᠤᠭᠯᠠᠭᠠᠨ ᠳᠡᠭᠡᠷ᠎ᠡ ᠮᠠᠩᠯᠠᠶ᠋ᠢᠯᠠᠪᠠ᠃ ᠲᠡᠷᠡ ᠪᠠᠰᠠ ᠠᠮᠧᠷᠢᠺᠠ᠎ᠶᠢᠨ ᠡᠮᠡᠭᠲᠡᠶ᠎ᠶᠢᠨ ᠠᠯᠠᠭᠠᠳᠠᠬᠤ ᠪᠥᠮᠪᠥᠭᠡ᠎ᠶᠢᠨ ᠠᠩᠭᠢ᠎ᠶᠢᠨ ᠳᠠᠰᠬᠠᠯᠵᠢᠭᠤᠯᠤᠭᠴᠢ ᠪᠡᠷ 2008 ᠣᠨ᠎ᠤ ᠪᠡᠭᠡᠵᠢᠩ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ ᠳᠡᠭᠡᠷ᠎ᠡ ᠮᠥᠩᠭᠥᠨ ᠮᠧᠳᠠᠯ ᠭᠦᠷᠳᠡᠵᠦ ᠪᠠᠢᠪᠠ᠃ ᠯᠠᠩ ᠫᠢᠩ 2002 ᠣᠨ᠎ᠳᠤ ᠤᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠨᠡᠷᠡᠳᠤ ᠬᠥᠮᠦᠰ᠎ᠦᠨ ᠲᠠᠩᠬᠢᠮ᠎ᠳᠤ ᠰᠣᠩᠭᠣᠭᠳᠠᠭᠰᠠᠨ ᠪᠥᠭᠡᠳ 2025 ᠣᠨ᠎ᠳᠤ ᠤᠯᠠᠨ ᠤᠯᠤᠰ᠎ᠤᠨ ᠣᠯᠢᠮᠫᠢᠺ᠎ᠤᠨ ᠵᠥᠪᠯᠡᠯ᠎ᠦᠨ ᠳᠠᠰᠬᠠᠯᠵᠢᠭᠤᠯᠤᠭᠴᠢ᠎ᠶᠢᠨ ᠨᠠᠰᠤᠨ ᠲᠤᠷᠰᠢᠳᠠ᠎ᠶᠢᠨ ᠠᠮᠵᠢᠯᠲᠠ ᠪᠦᠲᠦᠮᠵᠢ᠎ᠶᠢᠨ ᠱᠠᠩᠨᠠᠯ᠎ᠢ ᠬᠦᠷᠳᠡᠪᠡ᠃




ᠯᠠᠩ ᠫᠢᠩ ᠱᠠᠩᠨᠠᠯ ᠣᠯᠤᠭᠰᠠᠨ ᠲᠥᠷᠥᠭᠳᠡᠯ᠎ᠳᠡᠭᠡᠨ᠂ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭᠠᠨ᠎ᠤ ᠭᠢᠨ ᠨᠠᠳᠠ ᠵᠢ ᠤᠷᠢᠬᠤ ᠵᠢᠨ ᠬᠠᠮᠳᠦ᠂ ᠨᠠᠳᠠ᠎ᠳᠤ 《ᠠᠯᠠᠭᠠᠳᠠᠬᠤ ᠪᠥᠮᠪᠥᠭᠡ᠎ᠶᠢᠨ ᠤᠳᠤᠨ ᠲᠡᠮᠳᠡᠭ》 ᠣᠯᠭᠣᠬᠰᠠᠨ᠎ᠳᠦ ᠳᠠᠯᠠᠷᠬᠠᠵᠤ ᠪᠠᠢᠨ᠎ᠠ᠃ ᠦᠨᠡᠨ᠎ᠢ ᠬᠡᠯᠡᠪᠡᠯ᠂ ᠥᠨᠥᠳᠦᠷ ᠡᠨᠳᠠ ᠪᠢ ᠭᠠᠭᠴᠠᠭᠠᠷ᠎ᠢᠶᠠᠨ ᠵᠣᠭᠰᠣᠵᠤ ᠪᠠᠢᠭ᠎ᠠ ᠪᠢᠰᠢ᠃ ᠮᠢᠨᠦ᠍ ᠳᠠᠰᠬᠠᠯᠵᠢᠭᠤᠯᠤᠭᠴᠢ᠂ ᠠᠩᠭᠢ᠎ᠶᠢᠨ ᠨᠠᠶ᠋ᠢᠵᠠ᠂ ᠮᠢᠨᠦ᠍ ᠵᠢᠭᠠᠵᠤ ᠥᠩᠭᠡᠷᠡᠭᠰᠡᠨ ᠪᠥᠮᠪᠥᠭᠡᠴᠢᠨ ᠵᠢᠴᠢ ᠣᠯᠠᠨ ᠵᠢᠯ᠎ᠦᠨ ᠲᠤᠷᠰᠢ ᠨᠠᠳᠠ᠎ᠲᠠᠶ ᠬᠠᠮᠲᠤ᠌ ᠠᠵᠢᠯᠯᠠᠵᠤ ᠥᠩᠭᠡᠷᠡᠭᠰᠡᠨ ᠬᠥᠮᠦᠨ ᠪᠣᠯᠭᠠᠨ ᠪᠦᠷ ᠨᠠᠳᠠ᠎ᠲᠠᠶ ᠬᠠᠮᠲᠤ᠌ ᠡᠨᠳᠡ ᠵᠣᠭᠰᠣᠵᠤ ᠪᠠᠢᠨ᠎ᠠ ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠤᠷᠢᠶ᠎ᠠ
兼容浏览器的HTML页面