ᠲᠡᠷᠢᠭᠦᠨ ᠨᠢᠭᠤᠷ>ᠨᠠᠭᠠᠳᠤᠮ ᠴᠡᠩᠬᠡᠭᠦᠨ>ᠵᠢᠷᠤᠭᠲᠤ ᠮᠡᠳᠡᠭᠡ

2026-11-16 11:42:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

  ᠥᠪᠥᠷ ᠮᠣᠩᠭᠣᠯ ᠎ᠤᠨ ᠲᠠᠷᠢᠶᠠᠯᠠᠩ ᠎ᠤᠨ ᠶᠡᠬᠡ ᠰᠤᠷᠭᠠᠭᠤᠯᠢ ᠎ᠶᠢᠨ ᠡᠷᠡᠭᠲᠡᠶ ᠎ᠶᠢᠨ ᠬᠥᠯ ᠪᠥᠮᠪᠥᠭᠡ᠎ᠶᠢᠨ ᠠᠩᠭᠢ 2026 ᠣᠨ᠎ᠤ ᠪᠥᠬᠥ᠌ ᠤᠯᠤᠰ᠎ᠤᠨ ᠤᠶᠤᠲᠠᠳ᠎ᠤᠨ ᠲᠠᠪᠤᠨ ᠬᠥᠮᠦᠨ ᠎ᠦ ᠳᠦᠷᠢᠮᠲᠦ᠍ ᠬᠥᠯ ᠪᠥᠮᠪᠥᠭᠡ᠎ᠶᠢᠨ ᠬᠣᠶᠠᠳᠤᠭᠠᠷ ᠳᠡᠰ᠎ᠤᠨ ᠬᠣᠯᠪᠣᠭᠠᠲᠤ᠌ ᠤᠷᠤᠯᠳᠤᠭᠠᠨ᠎ᠤ ᠶᠡᠷᠦᠩᠬᠡᠶ ᠰᠢᠢᠳᠪᠦᠷᠢᠲᠦ᠍ ᠤᠷᠤᠯᠳᠤᠭᠠᠨ᠎ᠳᠤ ᠢᠷᠠᠭᠤ ᠠᠯᠳᠠᠷᠲᠠᠶ᠎ᠪᠠᠷ ᠮᠠᠩᠯᠠᠶ᠋ᠢᠯᠠᠯ᠎ᠠ᠃  ᠪᠠᠶᠠᠷ ᠭᠦᠷᠭᠡᠶ᠎ᠠ!

  ᠲᠣᠰ ᠠᠩᠭᠢ᠎ᠶᠢᠨ ᠪᠥᠬᠥ᠌ ᠪᠠᠭᠰᠢ ᠰᠤᠷᠤᠭᠴᠢᠳ ᠬᠦᠴᠦᠷᠬᠡᠭ᠎ᠡᠴᠡ ᠰᠦᠷᠳᠡᠭᠦ ᠥᠬᠡᠶ᠂ ᠡᠷᠡᠯᠬᠡᠭᠯᠡᠨ ᠲᠡᠮᠡᠴᠡᠵᠦ᠍᠂ ᠳᠠᠪᠠᠭ᠎ᠠ ᠪᠦᠷᠢ ᠬᠦᠴᠢᠷ᠎ᠢ ᠳᠤᠭᠤᠯᠤᠨ ᠪᠡᠷᠬᠡ᠎ᠶᠢ ᠳᠠᠪᠠᠵᠤ᠂ ᠳᠠᠬᠢᠨᠲᠠ ᠲᠣᠰ ᠤᠷᠤᠯᠳᠤᠭᠠᠨ᠎ᠤ ᠮᠠᠩᠯᠠᠶ᠎ᠳᠤ ᠰᠢᠯᠭᠠᠷᠠᠵᠤ᠂ ᠮᠠᠨ᠎ᠤ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ᠎ᠤ ᠰᠢᠯᠢᠳᠡᠭ ᠪᠦᠲᠦᠮᠵᠢ᠎ᠶᠢ ᠳᠠᠬᠢᠨᠲᠠ ᠡᠭᠦᠳᠪᠡ᠃ ᠪᠥᠮᠪᠥᠭᠡᠨ ᠠᠩᠭᠢ ᠨᠢ ᠬᠠᠮᠤᠭ ᠰᠢᠯᠢᠳᠡᠭ ᠳᠠᠭᠠᠭᠤᠯᠤᠭᠴᠢ᠂ ᠰᠢᠯᠢᠳᠡᠭ ᠳᠠᠰᠬᠠᠯᠵᠢᠭᠤᠯᠤᠭᠴᠢ᠂ ᠬᠠᠮᠤᠭ ᠰᠢᠯᠢᠳᠡᠭ ᠲᠠᠮᠢᠷᠴᠢᠨ᠂ ᠬᠠᠮᠤᠭ ᠰᠢᠯᠢᠳᠡᠭ ᠬᠠᠭᠠᠯᠭᠠᠴᠢ ᠵᠡᠷᠭᠡ ᠠᠯᠢ ᠣᠯᠠᠨ ᠬᠤᠪᠢ ᠬᠥᠮᠦᠨ᠎ᠦ ᠢᠷᠠᠭᠤ ᠠᠯᠳᠠᠷ᠎ᠢ ᠭᠦᠷᠳᠡᠭᠰᠡᠨ ᠪᠠᠢᠨ᠎ᠠ᠃


 

 ᠲᠣᠰ ᠤᠳᠠᠭ᠎ᠠ ᠮᠠᠩᠯᠠᠶ᠋ᠢᠯᠠᠭᠰᠠᠨ ᠶᠠᠪᠤᠳᠠᠯ ᠪᠣᠯ ᠲᠣᠰ ᠰᠤᠷᠭᠠᠭᠤᠯᠢ 2025 ᠣᠨ᠎ᠤ 11 ᠰᠠᠷ᠎ᠠ᠎ᠳᠤ ᠠᠩᠬ᠎ᠠ ᠤᠳᠠᠭ᠎ᠠ ᠪᠥᠬᠥ᠌ ᠤᠯᠤᠰ᠎ᠤᠨ ᠤᠶᠤᠲᠠᠳ᠎ᠤᠨ ᠡᠷᠡᠭᠲᠡᠶ᠎ᠶᠢᠨ ᠲᠠᠪᠤᠨ ᠬᠥᠮᠦᠨ᠎ᠦ ᠳᠦᠷᠢᠮᠲᠦ᠍ ᠬᠥᠯ ᠪᠥᠮᠪᠥᠭᠡ᠎ᠶᠢᠨ ᠬᠣᠶᠠᠳᠤᠭᠠᠷ ᠳᠡᠰ᠎ᠤᠨ ᠬᠣᠯᠪᠣᠭᠠᠲᠤ᠌ ᠤᠷᠤᠯᠳᠤᠭᠠᠨ᠎ᠳᠤ ᠮᠠᠩᠯᠠᠶ᠋ᠢᠯᠠᠵᠤ᠂ 2026 ᠣᠨ᠎ᠤ 4 ᠰᠠᠷ᠎ᠠ᠎ᠳᠤ ᠳᠠᠬᠢᠨᠲᠠ ᠪᠥᠬᠥ᠌ ᠤᠯᠤᠰ᠎ᠤᠨ ᠤᠶᠤᠲᠠᠳ᠎ᠤᠨ ᠡᠷᠡᠭᠲᠡᠶ᠎ᠶᠢᠨ ᠠᠷᠪᠠᠨ ᠨᠢᠭᠡᠨ ᠬᠥᠮᠦᠨ᠎ᠦ ᠳᠦᠷᠢᠮᠲᠦ᠍ ᠬᠥᠯ ᠪᠥᠮᠪᠥᠭᠡ᠎ᠶᠢᠨ ᠬᠣᠶᠠᠳᠤᠭᠠᠷ ᠳᠡᠰ᠎ᠤᠨ ᠬᠣᠯᠪᠣᠭᠠᠲᠤ᠌ ᠤᠷᠤᠯᠳᠤᠭᠠᠨ᠎ᠳᠤ ᠮᠠᠩᠯᠠᠶ᠋ᠢᠯᠠᠵᠤ᠂  ᠮᠠᠨ᠎ᠤ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠲᠡᠦᠬᠡ᠎ᠶᠢᠨ ᠬᠠᠮᠤᠭ᠎ᠤᠨ ᠰᠠᠶ᠋ᠢᠨ ᠬᠢᠷᠢ ᠪᠦᠲᠦᠮᠵᠢ᠎ᠶᠢ ᠰᠢᠨᠡᠳᠬᠡᠭᠰᠡᠨ᠎ᠡᠴᠡ ᠨᠠᠭᠠᠰᠢ᠂ ᠳᠠᠬᠢᠨᠲᠠ ᠲᠠᠪᠤᠨ ᠬᠥᠮᠦᠨ᠎ᠦ ᠳᠦᠷᠢᠮᠲᠦ᠍ ᠭᠦᠯ ᠪᠦᠮᠪᠦᠭᠡ ᠵᠢᠨ ᠲᠥᠷᠥᠯ ᠵᠦᠢᠯ᠎ᠦᠨ ᠪᠥᠬᠥ᠌ ᠤᠯᠤᠰ᠎ᠤᠨ ᠮᠠᠩᠯᠠᠶ ᠪᠣᠯᠵᠠᠶ᠃ ᠡᠨᠡ ᠬᠦ᠌ ᠬᠢᠷᠢ ᠪᠦᠲᠦᠮᠵᠢ᠎ᠶᠢᠨ ᠠᠷᠤ᠎ᠳᠤ᠂ ᠪᠥᠬᠥ᠌ ᠣᠷᠣᠨ᠎ᠤ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠡᠪᠴᠢᠶ᠎ᠡ᠎ᠶᠢ ᠦᠷᠭᠡᠳᠭᠡᠨ ᠲᠦᠭᠡᠮᠡᠯᠵᠢᠭᠦᠯᠬᠦ᠌᠎ᠡᠴᠡ ᠶᠠᠰᠤ ᠴᠢᠨᠠᠷ᠎ᠢ ᠳᠡᠭᠡᠭᠰᠢᠯᠡᠭᠦᠯᠦᠭᠰᠡᠨ ᠪᠥᠬᠥ᠌ ᠲᠠᠯ᠎ᠠ᠎ᠶᠢᠨ ᠳᠠᠪᠰᠢᠯᠲᠠ᠎ᠶᠢ ᠭᠦᠢᠴᠡᠳ ᠢᠯᠡᠷᠡᠭᠦᠯᠵᠦ᠍᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠯᠠᠪᠳᠠᠭᠤᠨ ᠪᠠᠲᠤᠲᠠᠶ ᠬᠥᠮᠦᠵᠢᠭᠦᠯᠦᠯ᠎ᠦᠨ ᠰᠠᠭᠤᠷᠢ ᠪᠠ ᠬᠦᠴᠦᠷᠬᠡᠭ ᠬᠥᠭᠵᠢᠯᠲᠡ᠎ᠶᠢᠨ ᠪᠠᠶ᠋ᠢᠳᠠᠯ᠎ᠢ ᠢᠯᠡᠷᠡᠭᠦᠯᠪᠡ᠃

  ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠢᠰᠲ᠋ᠧᠮ᠎ᠢ ᠦᠷᠭᠦᠯᠵᠢᠯᠡᠨ ᠭᠦᠨᠵᠡᠭᠡᠶ ᠬᠥᠭᠵᠢᠭᠦᠯᠵᠦ᠍᠂ ᠪᠣᠯᠪᠠᠰᠤᠷᠠᠯ᠂ ᠤᠷᠤᠯᠳᠤᠭᠠᠨ ᠬᠢᠭᠡᠳ ᠴᠢᠳᠠᠪᠤᠷᠢᠲᠠᠨ ᠬᠥᠮᠦᠵᠢᠭᠦᠯᠬᠦ᠌ ᠲᠣᠭᠲᠠᠴᠠ᠎ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠨᠠᠩ ᠣᠯᠠᠨ ᠵᠠᠯᠠᠭᠤᠴᠤᠳ ᠪᠠᠭᠠᠴᠤᠳ᠎ᠢ ᠨᠣᠭᠣᠭᠠᠨ ᠳᠡᠪᠵᠢᠶᠠᠨ ᠳᠡᠭᠡᠷ᠎ᠡ ᠬᠡᠷᠡᠯ ᠭᠢᠯᠪᠠᠭ᠎ᠠ ᠰᠠᠴᠤᠷᠠᠭᠤᠯᠵᠤ᠂ ᠪᠥᠬᠥ᠌ ᠣᠷᠣᠨ᠎ᠤ ᠬᠥᠯ ᠪᠥᠮᠪᠥᠭᠡ᠎ᠶᠢᠨ ᠦᠢᠯᠡᠰ᠎ᠦᠨ ᠬᠥᠭᠵᠢᠯ ᠮᠠᠨᠳᠤᠯ᠎ᠳᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠦᠴᠦᠨ ᠴᠢᠳᠠᠯ᠎ᠢ ᠡᠷᠭᠦᠬᠦ ᠪᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面