2026-11-11 16:29:50
ᠤᠢᠷ᠎ᠠ ᠳ᠋ᠤ᠂ ᠦᠪᠡᠷᠳᠡᠭᠡᠨ ᠵᠠᠰᠠᠬᠤ ᠤᠷᠤᠨ ᠤ᠋ ᠰᠢᠭᠤᠳ ᠬᠠᠷᠢᠶ᠎ᠠ ᠤᠯᠠᠭᠠᠨᠮᠥ᠋ᠴᠢᠷ ᠤ᠋ᠨ ᠵᠤᠬᠢᠶᠠᠨ ᠪᠦᠳᠦᠭᠡᠵᠦ ᠲᠤᠭᠯᠠᠭᠰᠠᠨ 《ᠪᠢ ᠲᠠᠯ᠎ᠠ ᠨᠤᠲᠤᠭ ᠡᠴᠡ ᠢᠷᠡᠯ᠎ᠠ》 ᠭᠡᠬᠦ ᠲᠣᠭᠯᠠᠯᠲᠠ ᠵᠢᠨ ᠪᠥᠬᠥ ᠤᠯᠤᠰ ᠲᠡᠬᠢ ᠲᠣᠭᠣᠷᠢᠨ ᠲᠣᠭᠯᠠᠯᠲᠠ ᠡᠬᠢᠯᠡᠪᠡ᠃ ᠲᠤᠰ ᠲᠤᠭᠯᠠᠯᠳᠠ ᠨᠢ ᠳᠣᠯᠣᠳᠤᠭᠠᠷ ᠬᠤᠭᠤᠴᠠᠭᠠᠨ ᠤ᠋ ᠪᠥᠬᠥ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠤᠷᠠᠨ ᠰᠠᠢᠬᠠᠨ ᠤ᠋ ᠬᠠᠮᠲᠤᠷᠠᠭᠰᠠᠨ ᠲᠣᠭᠯᠠᠯᠲᠠ ᠳ᠋ᠦ ᠰᠤᠩᠭᠤᠭᠳᠠᠵᠦ᠂ ᠤᠯᠠᠨ ᠤ᠋ ᠠᠩᠬᠠᠷᠤᠯ ᠢ᠋ ᠶᠡᠬᠡᠳᠡ ᠳᠠᠳᠠᠭᠰᠠᠨ ᠶᠤᠮ᠃
ᠲᠣᠰ ᠤᠳᠠᠭ᠎ᠠ ᠶ᠋ᠢᠨ ᠲᠣᠭᠣᠷᠢᠨ ᠲᠣᠭᠯᠠᠯᠲᠠ ᠵᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠭᠣᠣᠯᠯᠠᠨ ᠡᠷᠭᠢᠯᠡᠵᠦ᠂ ᠱᠠᠩᠬᠠᠢ᠂ ᠬᠠᠩᠵᠧᠦ᠂ ᠭᠤᠧᠠᠩᠵᠧᠦ᠂ ᠱᠧᠨᠵᠧᠨ᠂ ᠳ᠋ᠦᠩᠭᠤᠧᠠᠨ ᠵᠡᠷᠭᠡ ᠬᠤᠳᠠ ᠳ᠋ᠦ ᠨᠡᠢᠳᠡ 11 ᠲᠠᠯᠠᠪᠠᠢ ᠤᠷᠠᠨ ᠰᠠᠢᠬᠠᠨ ᠤ᠋ ᠦᠵᠡᠭᠦᠯᠭᠡ ᠶ᠋ᠢᠨ ᠲᠣᠭᠯᠠᠯᠲᠠ ᠭᠠᠷᠭᠠᠬᠤ ᠶ᠋ᠢᠨ ᠬᠠᠮᠳᠤ ᠲᠤᠬᠠᠢ ᠶ᠋ᠢᠨ ᠭᠠᠵᠠᠷ ᠤ᠋ᠨ ᠬᠤᠪᠢᠰᠬᠠᠯ ᠤ᠋ᠨ ᠰᠤᠷᠤᠯᠴᠠᠯᠭ᠎ᠠ᠂ ᠰᠤᠷᠭᠠᠭᠤᠯᠢ ᠪᠠ ᠣᠷᠣᠨ ᠨᠤᠲᠤᠭ ᠤ᠋ᠨ ᠰᠣᠶᠣᠯ ᠤ᠋ᠨ ᠰᠣᠯᠢᠯᠴᠠᠭ᠎ᠠ᠂ ᠤᠷᠠᠯᠢᠭ᠋ ᠤ᠋ᠨ ᠬᠠᠷᠢᠯᠴᠠᠨ ᠦᠢᠯᠡᠳᠦᠯᠴᠡᠬᠦ ᠭᠢᠯᠪᠢᠭᠡᠨ ᠵᠦᠴᠦᠭᠡ ᠵᠡᠷᠭᠡ ᠰᠢᠷᠢᠰ ᠠᠵᠢᠯᠯᠠᠭ᠎ᠠ ᠥᠷᠨᠢᠭᠦᠯᠵᠦ᠂ ᠤᠳᠬ᠎ᠠ ᠤᠷᠠᠯᠢᠭ᠋ ᠢ᠋ᠶ᠋ᠠᠷ ᠬᠥᠭᠥᠷᠭᠡ ᠪᠣᠯᠭᠠᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠵᠤ᠂ ᠤᠯᠠᠭᠠᠨᠮᠥ᠋ᠴᠢᠷ ᠤ᠋ᠨ《ᠬᠤᠪᠢᠰᠬᠠᠯᠲᠤ ᠤᠳᠬ᠎ᠠ ᠤᠷᠠᠯᠢᠭ᠋ ᠤ᠋ᠨ ᠬᠥᠩᠭᠡᠨ ᠮᠣᠷᠢᠲᠤ ᠴᠡᠷᠢᠭ》 ᠭᠡᠬᠦ ᠨᠡᠷ᠎ᠠ ᠠᠯᠳᠠᠷ ᠢ᠋ ᠤᠯᠠᠮ ᠠᠯᠳᠠᠷᠰᠢᠭᠤᠯᠵᠦ᠂ ᠰᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤ᠋ᠨ ᠥᠯᠢᠭᠡᠷ ᠢ᠋ ᠰᠠᠢᠲᠤᠷ ᠶᠠᠷᠢᠬᠤ ᠪᠤᠯᠤᠨ᠎ᠠ᠃
ᠲᠣᠰ ᠤᠳᠠᠭ᠎ᠠ ᠵᠢᠨ ᠲᠣᠭᠣᠷᠢᠨ ᠲᠣᠭᠯᠠᠯᠲᠠ ᠨᠢ ᠬᠣᠷᠢᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠱᠠᠩᠬᠠᠢ ᠶ᠋ᠢᠨ ᠣᠯᠠᠨ ᠤᠯᠤᠰ ᠤ᠋ᠨ ᠤᠷᠠᠯᠢᠭ᠋ ᠤ᠋ᠨ ᠨᠠᠢᠷ᠂ ᠵᠢᠷᠭᠤᠳᠤᠭᠠᠷ ᠬᠤᠭᠤᠴᠠᠭᠠᠨ ᠤ᠋ ᠭᠤᠸᠠᠩᠳᠦ᠋ᠩ ᠰᠢᠶᠠᠩᠭᠠᠩ ᠣᠣᠮᠧᠨ ᠤ᠋ ᠶᠡᠬᠡ ᠪᠤᠯᠤᠩ ᠤ᠋ᠨ ᠣᠷᠣᠨ ᠤ᠋ ᠰᠣᠶᠣᠯ ᠤᠷᠠᠯᠢᠭ᠋ ᠤ᠋ᠨ ᠨᠠᠢᠷ ᠵᠡᠷᠭᠡ 2 ᠶᠡᠬᠡ ᠪᠦᠬᠦ ᠤᠯᠤᠰ ᠤ᠋ᠨ ᠴᠢᠨᠠᠷᠲᠠᠢ ᠰᠣᠶᠣᠯ ᠤ᠋ᠨ ᠦᠪᠡᠳᠡᠭᠰᠢ ᠴᠤᠭᠯᠠᠭᠠᠨ ᠳ᠋ᠦ ᠤᠷᠢᠯᠭ᠎ᠠ ᠪᠡᠷ ᠤᠷᠤᠯᠴᠠᠵᠦ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠰᠢᠶᠠᠩᠭᠠᠩ ᠣᠣᠮᠧᠨ ᠤ᠋ ᠠᠵᠤ ᠠᠬᠤᠢ ᠰᠣᠶᠣᠯ ᠤ᠋ᠨ 2 ᠶᠡᠬᠡ ᠥᠨᠳᠥᠷᠯᠢᠭ ᠢ᠋ ᠲᠤᠭᠤᠯᠤᠨ᠂ ᠭᠣᠢᠳᠠ ᠰᠠᠢᠬᠠᠨ ᠲᠣᠭᠯᠠᠯᠲᠠ ᠵᠢ ᠶᠡᠬᠡ ᠰᠤᠷᠭᠠᠭᠤᠯᠢ᠂ ᠬᠣᠲᠠ ᠶ᠋ᠢᠨ ᠠᠭᠤᠳᠠᠮ ᠲᠠᠯᠠᠪᠠᠢ᠂ ᠨᠡᠢᠭᠡᠮ ᠲᠣᠭᠣᠷᠢᠭ᠂ ᠵᠡᠭᠡᠯᠢ ᠭᠤᠳᠤᠮᠵᠢ᠂ ᠬᠤᠳᠠᠯᠳᠤᠭᠠᠨ ᠤ᠋ ᠵᠡᠭᠡᠯᠢ ᠲᠣᠭᠣᠷᠢᠭ᠋ ᠪᠠ ᠲᠢᠶᠠᠲᠷ ᠲᠦ᠍ ᠤᠷᠤᠭᠤᠯᠵᠤ᠂ ᠠᠷᠠᠳ ᠲᠦ᠍ ᠠᠰᠢᠭ᠋ ᠬᠦᠷᠲᠡᠭᠡᠬᠦ ᠲᠣᠭᠯᠠᠯᠲᠠ᠂ ᠰᠣᠶᠣᠯ ᠤ᠋ᠨ ᠭᠢᠯᠪᠢᠬᠡᠨ ᠵᠦᠴᠦᠬᠡ᠂ ᠤᠷᠠᠯᠢᠭ᠋ ᠤ᠋ᠨ ᠬᠠᠷᠢᠯᠴᠠᠭ᠎ᠠ ᠰᠣᠯᠢᠯᠴᠠᠭ᠎ᠠ ᠪᠡᠷ ᠲᠠᠮᠵᠢᠨ ᠤᠯᠠᠭᠠᠨᠮᠥ᠋ᠴᠢᠷ ᠤ᠋ᠨ ᠲᠤᠭᠯᠠᠯᠳᠠ ᠵᠢᠨ 《ᠠᠪᠰᠠᠷ ᠪᠦᠭᠡᠳᠡᠯᠠ ᠰᠢᠯᠢᠳᠡᠭ᠂ ᠠᠮᠢᠳᠤᠯᠢᠭ᠋ ᠪᠥᠭᠡᠳ ᠭᠤᠶᠤ》 ᠤᠷᠠᠯᠢᠭ᠋ ᠤ᠋ᠨ ᠣᠨᠴᠠᠯᠢᠭ᠋ ᠢ᠋ ᠢᠯᠡᠷᠡᠬᠦᠯᠵᠦ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠳᠤᠮᠳᠠ ᠡᠬᠡ ᠤᠯᠤᠰ ᠤ᠋ᠨ ᠤᠮᠠᠷᠠᠲᠤ ᠣᠷᠣᠨ ᠪᠣᠯᠣᠨ ᠵᠢᠶᠠᠩᠨᠠᠨ ᠤᠷᠤᠨ ᠤ᠋ ᠰᠣᠶᠣᠯ ᠤᠷᠠᠯᠢᠭ᠋ ᠤ᠋ᠨ ᠡᠷᠴᠢ ᠬᠦᠴᠦ ᠵᠢ ᠤᠯᠠᠮ ᠡᠷᠴᠢᠯᠡᠬᠦ ᠪᠤᠯᠤᠨ᠎ᠠ᠃
ᠲᠤᠭᠤᠷᠢᠨ ᠲᠤᠭᠯᠠᠯᠳᠠ ᠵᠢᠨ ᠦᠳᠡᠰᠢᠯᠡᠭᠡ ᠳ᠋ᠦ ᠳᠠᠭᠤᠤ ᠪᠥᠵᠢᠭ᠂ ᠤᠷᠳᠤ ᠶ᠋ᠢᠨ ᠳᠠᠭᠤᠤ᠂ ᠬᠥᠭᠡᠮᠡᠢ᠂ ᠮᠣᠷᠢᠨ ᠬᠤᠭᠤᠷ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠥᠵᠢᠭ᠂ ᠦᠨᠳᠦᠰᠦᠲᠡᠨ ᠨᠤᠭᠦᠳ ᠤ᠋ᠨ ᠠᠷᠠᠳ ᠤ᠋ᠨ ᠳᠠᠭᠤᠤ ᠶ᠋ᠢᠨ ᠴᠦᠷᠭᠡᠯᠡᠬᠡ ᠳᠠᠭᠤᠤ ᠵᠡᠷᠭᠡ ᠤᠯᠠᠨ ᠡᠰᠢᠲᠦ ᠤᠷᠠᠯᠢᠭ᠋ ᠤ᠋ᠨ ᠬᠡᠯᠪᠡᠷᠢ ᠵᠢ ᠲᠥᠪᠯᠡᠷᠡᠭᠦᠯᠵᠦ᠂ 《ᠮᠠᠭᠲᠠᠭᠠᠯ ᠳᠠᠭᠤᠤ》᠂ 《ᠬᠤᠨ ᠭᠠᠯᠠᠭᠤ》᠂ 《ᠮᠤᠨᠠ ᠠᠭᠤᠯᠠ》 ᠵᠡᠷᠭᠡ ᠰᠣᠩᠭᠣᠳᠠᠭ ᠳᠠᠭᠤᠤ ᠪᠠᠢᠬᠤ ᠪᠥᠭᠡᠳ ᠪᠠᠰᠠ ᠣᠷᠳᠣᠰ ᠬᠤᠷᠢᠮ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠥᠵᠢᠭ 《ᠡᠭᠦᠳᠡᠳᠠᠷᠤᠵᠦ ᠬᠦᠷᠭᠡᠨ ᠤᠭᠲᠤᠬᠤ》 ᠵᠡᠷᠭᠡ ᠣᠨᠴᠠᠯᠢᠭ᠍ᠲᠤ ᠲᠣᠭᠯᠠᠯᠲᠠ ᠲᠠᠢ ᠪᠠᠢᠵᠤ᠂ ᠳᠤᠮᠳᠠᠳᠤ ᠶ᠋ᠢᠨ ᠦᠨᠳᠦᠰᠦᠲᠡᠨ ᠤ᠋ ᠤᠯᠠᠨ ᠡᠰᠢᠲᠦ ᠨᠢᠭᠡ ᠴᠣᠭᠴᠠᠵᠢᠭ᠍ᠰᠠᠨ ᠰᠣᠶᠣᠯ ᠤ᠋ᠨ ᠳᠦᠷᠰᠦ ᠪᠠᠢᠳᠠᠯ ᠢ᠋ ᠠᠮᠢᠳᠤᠯᠢᠭ᠋ ᠢ᠋ᠶ᠋ᠠᠷ ᠢᠯᠡᠷᠡᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠴᠠᠭ ᠦᠶ᠎ᠡ ᠶ᠋ᠢᠨ ᠠᠭᠤᠯᠤᠭᠳᠠᠬᠤᠨ ᠢ᠋ ᠲᠠᠢᠯᠪᠤᠷᠢᠯᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃