2026-11-11 11:25:14
11 ᠰᠠᠷ᠎ᠠ᠎ᠶᠢᠨ 8᠎ᠤ ᠡᠳᠦᠷ᠂ 2026 ᠣᠨ᠎ᠤ ᠠᠷᠪᠠᠳᠤᠭᠠᠷ ᠬᠤᠭᠤᠴᠠᠭᠠᠨ᠎ᠤ《ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ ︱ ᠱᠠᠩᠬᠠᠢ᠎ᠶᠢᠨ ᠮᠠᠰᠢᠨ ᠲᠡᠷᠭᠡᠨ᠎ᠦ ᠲᠦᠩ ᠶᠦᠩ ᠦ᠋ ᠯᠢᠩ ᠬᠤᠨᠳᠠᠭᠠᠲᠤ》ᠳᠤᠮᠳᠠᠳᠤ ᠤᠯᠤᠰ᠎ᠤᠨ ᠠᠵᠢᠯᠲᠠᠨ ᠠᠵᠢᠯᠴᠢᠨ᠎ᠤ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ (ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠬᠡᠳᠦ ᠤᠷᠤᠯᠳᠤᠭᠠᠨ ᠭᠡᠵᠦ ᠲᠤᠪᠴᠢᠯᠠᠨ᠎ᠠ )᠎ᠤ ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ ᠭᠤᠸᠠᠩᠰᠢ᠎ᠶᠢᠨ ᠯᠢᠤᠵᠸᠤ᠎ᠳᠤ ᠲᠡᠭᠦᠰᠪᠡ᠃
ᠥᠪᠥᠷ ᠮᠣᠩᠭᠣᠯ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠭᠰᠠᠨ ᠥᠪᠥᠷ ᠮᠣᠩᠭᠣᠯ᠎ᠤᠨ ᠲᠦᠩ ᠳ᠋ᠠ ᠭᠦᠩ ᠮᠤᠤ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠠᠵᠢᠯᠲᠠᠨ ᠠᠵᠢᠯᠴᠢᠨ᠎ᠤ ᠬᠥᠯ ᠪᠥᠮᠪᠥᠭᠡ᠎ᠶᠢᠨ ᠠᠩᠭᠢ 5 ᠡᠭᠡᠯᠵᠢ᠎ᠶᠢᠨ ᠰᠢᠷᠦᠭᠦᠨ ᠮᠥᠷᠥᠢᠴᠡᠭᠡᠨ ᠵᠢᠡᠷ ᠳᠠᠮᠵᠢᠨ ᠬᠡᠳᠦ ᠳᠡᠰ᠎ᠤᠨ ᠳᠤᠭᠤᠢᠯᠠᠩ᠎ᠤᠨ 8 ᠬᠥᠮᠥᠨ᠎ᠦ ᠳᠦᠷᠢᠮᠲᠦ ᠤᠷᠤᠯᠳᠤᠭᠠᠨ᠎ᠤ ᠪᠥᠬᠥ ᠤᠯᠤᠰ᠎ᠤᠨ ᠮᠠᠩᠯᠠᠢ ᠪᠣᠯᠵᠠᠢ᠂ ᠡᠨᠡ ᠨᠢ ᠮᠥᠨ ᠴᠦ᠍ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠬᠡᠳᠦ ᠤᠷᠤᠯᠳᠤᠭᠠᠨ᠎ᠳᠤ ᠤᠷᠤᠯᠴᠠᠭᠰᠠᠨ ᠡᠴᠡ ᠨᠠᠭᠠᠰᠢᠬᠢ 10 ᠭᠠᠷᠤᠢ ᠵᠢᠯ᠎ᠳᠤ ᠥᠪᠥᠷ ᠮᠣᠩᠭᠣᠯ᠎ᠤᠨ ᠠᠩᠭᠢ ᠠᠩᠬ᠎ᠠ ᠤᠳᠠᠭ᠎ᠠ ᠪᠥᠬᠥ ᠤᠯᠤᠰ᠎ᠤᠨ ᠶᠡᠷᠦᠩᠬᠡᠢ ᠮᠠᠩᠯᠠᠢ ᠪᠣᠯᠤᠭᠰᠠᠨ ᠶᠠᠪᠤᠳᠠᠯ ᠪᠣᠯᠣᠨ᠎ᠠ᠃ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠠᠩᠭᠢ ᠴᠤ᠌ ᠯᠠᠪᠳᠠᠭᠤᠨ ᠤᠷᠤᠯᠳᠤᠵᠤ᠂ ᠲᠣᠰ ᠳᠤᠭᠤᠢᠯᠠᠩ᠎ᠤᠨ ᠵᠢᠡᠨ ᠭᠤᠷᠪᠠᠳᠤᠭᠠᠷ᠎ᠲᠤ ᠤᠷᠤᠵᠤ᠂ ᠬᠣᠶᠠᠷ ᠠᠩᠭᠢ᠎ᠶᠢᠨ ᠬᠢᠨ ᠵᠡᠷᠭᠡ᠎ᠪᠡᠷ ᠱᠠᠩᠨᠠᠯ ᠤᠯᠭᠤᠬᠤ ᠲᠠᠢᠰᠠᠨ᠎ᠳᠤ ᠭᠠᠷᠴᠤ᠂ ᠥᠪᠥᠷ ᠮᠣᠩᠭᠣᠯ᠎ᠳᠤ ᠪᠠᠨ ᠢᠷᠠᠭᠤ ᠠᠯᠳᠠᠷ᠎ᠢ ᠲᠡᠮᠡᠴᠡᠨ ᠠᠪᠴᠢᠷᠠᠪᠠ᠃
ᠲᠤᠰ ᠬᠤᠭᠤᠴᠠᠭᠠᠨ᠎ᠤ ᠰᠢᠢᠳᠪᠦᠷᠢᠲᠦ ᠤᠷᠤᠯᠳᠤᠭᠠᠨ᠎ᠢ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠵᠤᠷᠭᠠᠨ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ᠂ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠨᠡᠢᠭᠡᠮ᠎ᠦᠨ ᠪᠡᠶ᠎ᠡ᠎ᠶᠢᠨ ᠲᠠᠮᠢᠷ᠎ᠤᠨ ᠵᠢᠯᠤᠭᠣᠳᠬᠤ ᠲᠥᠪ᠎ᠡᠴᠡ ᠳᠡᠮᠵᠢᠭᠰᠡᠨ ᠪᠠᠢᠨ᠎ᠠ᠃ ᠤᠷᠤᠯᠳᠤᠭᠠᠨ᠎ᠳᠤ 11 ᠬᠥᠮᠥᠨ᠎ᠦ ᠳᠦᠷᠢᠮᠲᠦ᠂ 8 ᠬᠥᠮᠥᠨ᠎ᠦ ᠳᠦᠷᠢᠮᠲᠦ ᠪᠠ 5 ᠬᠥᠮᠥᠨ᠎ᠦ ᠳᠦᠷᠢᠮᠲᠦ ᠵᠡᠷᠭᠡ 3 ᠲᠦᠷᠦᠯ ᠲᠣᠬᠢᠷᠠᠭᠤᠯᠵᠤ᠂ ᠪᠡᠭᠡᠵᠢᠩ᠂ ᠭᠤᠸᠠᠩᠰᠢ᠂ ᠵᠢᠶᠠᠩᠰᠤ ᠵᠡᠷᠭᠡ 16 ᠮᠤᠵᠢ (ᠣᠷᠣᠨ᠂ ᠬᠣᠲᠠ ) ᠵᠢᠴᠢ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ 26 ᠬᠣᠲᠠ ᠡᠴᠡ ᠢᠷᠡᠭᠰᠡᠨ 36 ᠪᠥᠮᠪᠥᠭᠡᠨ ᠠᠩᠭᠢ ᠣᠷᠣᠯᠴᠠᠨ 5 ᠡᠳᠦᠷ ᠤᠷᠤᠯᠳᠤᠵᠠᠢ᠃ ᠤᠷᠤᠯᠳᠤᠭᠠᠨ᠎ᠳᠤ ᠣᠷᠣᠯᠴᠠᠭᠰᠠᠳ ᠪᠤᠯ ᠮᠠᠰᠢᠨ ᠲᠡᠷᠭᠡ ᠦᠢᠯᠡᠳᠬᠦ᠂ ᠲᠡᠮᠦᠷᠯᠢᠭ ᠬᠠᠢᠯᠤᠭᠤᠯᠬᠤ᠂ ᠢᠨᠲᠧᠷ ᠰᠦᠯᠵᠢᠶ᠎ᠡ᠂ ᠲᠡᠮᠦᠷ ᠵᠠᠮ᠂ ᠨᠡᠭᠦᠷᠡᠰᠦ᠂ ᠳᠣᠲᠣᠭᠠᠳᠤ᠎ᠶᠢ ᠬᠠᠮᠠᠭᠠᠯᠠᠬᠤ ᠵᠡᠷᠭᠡ 42 ᠠᠵᠢᠯ ᠲᠥᠷᠥᠯ᠎ᠤᠨ ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠨ ᠠᠵᠢᠯᠴᠢᠨ ᠪᠣᠯᠣᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃