2026-11-12 11:54:08
11 ᠰᠠᠷ᠎ᠠ᠎ᠶᠢᠨ 11᠎ᠤ᠋ ᠡᠳᠦᠷ᠂ ᠪᠥᠬᠥ ᠣᠷᠣᠨ᠎ᠤ ᠬᠥᠯ ᠪᠥᠮᠪᠥᠭᠡ᠎ᠶᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ ᠲᠡᠭᠡᠷ᠎ᠡ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠥᠯ ᠪᠥᠮᠪᠥᠭᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠬᠥᠯ ᠪᠥᠮᠪᠥᠭᠡ᠎ᠶᠢᠨ ᠠᠵᠢᠯ᠎ᠤᠨ ᠲᠤᠬᠠᠢ ᠰᠢᠷᠢᠰ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠦ᠂ ᠬᠥᠯ ᠪᠥᠮᠪᠥᠭᠡ᠎ᠶᠢᠨ ᠠᠵᠢᠯ᠎ᠤᠨ ᠨᠠᠮ ᠪᠠ ᠤᠯᠤᠰ᠎ᠤᠨ ᠠᠵᠢᠯ ᠦᠢᠯᠡᠰ᠎ᠦᠨ ᠪᠦᠬᠦ ᠲᠠᠯ᠎ᠠ ᠳᠠᠬᠢ ᠪᠠᠢᠷᠢ ᠲᠣᠭᠲᠠᠭᠠᠯᠲᠠ ᠶᠢ ᠣᠨᠣᠪᠴᠢᠲᠠᠶ ᠡᠵᠡᠮᠰᠢᠬᠦ ᠭᠡᠷᠡᠭᠲᠠᠢ; ᠬᠥᠯ ᠪᠥᠮᠪᠥᠭᠡ᠎ᠶᠢᠨ ᠠᠵᠢᠯ᠎ᠳᠠᠬᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠲᠣᠭ ᠲᠡᠮᠳᠡᠭ ᠲᠣᠳᠣᠷᠬᠠᠢ᠎ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠢᠮ᠎ᠡ ᠶᠣᠰᠣ᠌᠎ᠶᠢ ᠵᠢᠷᠤᠮᠯᠠᠨ᠂ ᠶᠡᠬᠡᠪᠡᠷ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠴᠦ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠭᠣᠣᠯ ᠵᠢᠭ᠍ᠰᠠᠭᠠᠯ᠎ᠤᠨ ᠭᠠᠵᠠᠷ᠎ᠢ ᠦᠷᠭᠦᠯᠵᠢᠯᠡᠨ ᠪᠡᠬᠢᠵᠢᠭᠦᠯᠵᠦ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲᠧᠮ᠎ᠤᠨ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠨ᠂ ᠣᠯᠠᠨ ᠲᠠᠰ ᠳᠠᠪᠬᠤᠷᠭ᠎ᠠ᠎ᠶᠢᠨ ᠤᠷᠤᠯᠳᠤᠭᠠᠨ᠎ᠤ ᠰᠢᠰᠲᠧᠮ᠎ᠢ ᠪᠦᠷᠢᠨᠰᠢᠭᠦᠯᠵᠦ᠂ ᠠᠵᠤ ᠦᠢᠯᠡᠰ᠎ᠦᠨ ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠤᠨ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠵᠢᠭᠦᠯᠵᠦ ᠬᠥᠯ ᠪᠥᠮᠪᠥᠭᠡ᠎ᠶᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠡᠭᠦᠷᠭᠡ᠎ᠶᠢ ᠨᠠᠢᠳᠠᠪᠤᠷᠢᠵᠢᠭᠤᠯᠵᠤ᠂ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠲᠦᠷᠭᠡᠳᠬᠡᠨ ᠠᠬᠢᠭᠤᠯᠬᠤ ᠭᠡᠷᠡᠭᠲᠠᠢ ᠭᠡᠵᠦ ᠵᠢᠭᠠᠵᠤ ᠭᠠᠷᠭᠠᠪᠠ᠃
ᠣᠢᠷ᠎ᠠ᠎ᠶᠢᠨ ᠵᠢᠯ᠎ᠦᠨ ᠲᠤᠷᠰᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠬᠦ ᠣᠷᠣᠨ᠎ᠵᠢᠡᠷ ᠵᠢᠡᠨ ᠬᠥᠯ ᠪᠥᠮᠪᠥᠭᠡ᠎ᠶᠢᠨ ᠠᠵᠢᠯ᠎ᠤᠨ ᠵᠢᠷᠤᠭ ᠲᠥᠰᠥᠪ᠎ᠢ ᠵᠢᠷᠤᠭᠯᠠᠵᠤ᠂ ᠲᠦᠭᠡᠮᠡᠯᠵᠢᠭᠦᠯᠬᠦ᠎ᠪᠡᠷ ᠰᠠᠭᠤᠷᠢ ᠪᠣᠯᠭᠠᠭᠰᠠᠨ᠂ ᠵᠠᠯᠠᠭᠤᠴᠤᠳ᠎ᠤᠨ ᠪᠣᠯᠪᠠᠰᠤᠷᠠᠯ᠎ᠢᠶᠠᠷ ᠦᠨᠳᠦᠰᠦ ᠪᠣᠯᠭᠠᠭᠰᠠᠨ᠂ ᠤᠷᠤᠯᠳᠤᠭᠠᠨ᠎ᠢᠶᠠᠷ ᠬᠥᠲᠥᠯᠥᠮᠵᠢ ᠪᠣᠯᠭᠠᠭᠰᠠᠨ᠂ ᠠᠭᠤᠰᠤᠯᠴᠠᠭᠤᠯᠬᠤ᠎ᠪᠠᠷ ᠵᠠᠮ ᠪᠣᠯᠭᠠᠭᠰᠠᠨ ᠬᠥᠯ ᠪᠥᠮᠪᠥᠭᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ᠎ᠶᠢᠨ ᠵᠠᠮ᠎ᠢ ᠬᠠᠢᠨ ᠰᠦᠪᠡᠭᠴᠢᠯᠡᠪᠡ᠃ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ ᠪᠠ ᠬᠥᠬᠡᠬᠣᠲᠠ᠂ ᠲᠦᠩᠯᠢᠶᠣᠣ᠂ ᠣᠷᠳᠣᠰ ᠵᠡᠷᠭᠡ ᠭᠤᠷᠪᠠᠨ ᠠᠢᠮᠠᠭ ᠬᠣᠲᠠ᠎ᠶᠢᠨ ᠲᠠᠰ᠎ᠤᠨ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠎ᠢ ᠪᠠᠢᠭᠤᠯᠤᠨ ᠳᠠᠭᠤᠰᠬᠠᠵᠤ ᠠᠰᠢᠬᠯᠠᠯᠳᠠ ᠳ᠋ᠤ ᠤᠷᠤᠭᠤᠯᠵᠤ᠂ ᠲᠦᠩᠯᠢᠶᠣᠣ ᠬᠣᠲᠠ ᠤᠯᠤᠰ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠤᠭᠰᠠᠨ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲᠧᠮ᠎ᠤᠨ ᠪᠠᠢᠭᠤᠯᠤᠯᠲᠠ᠎ᠶᠢᠨ ᠲᠤᠷᠰᠢᠯᠲᠠ᠎ᠶᠢᠨ ᠴᠡᠭ ᠵᠢᠡᠷ ᠵᠢᠭᠰᠠᠭᠠᠭᠳᠠᠵᠤ᠂ ᠤᠯᠤᠰ᠎ᠤᠨ ᠲᠠᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠶᠢ 1345 ᠪᠠᠢᠭᠤᠯᠪᠠ᠃
ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠦᠯ ᠪᠦᠮᠪᠦᠭᠡ᠎ᠶᠢᠨ ᠬᠡᠳᠦ ᠲᠡᠰ᠎ᠤᠨ ᠬᠤᠯᠪᠤᠭᠠᠳᠤ ᠤᠷᠤᠯᠳᠤᠭᠠᠨ ᠵᠡᠷᠭᠡ ᠨᠡᠢᠭᠡᠮ᠎ᠦᠨ ᠬᠥᠯ ᠪᠥᠮᠪᠥᠭᠡ᠎ᠶᠢᠨ ᠤᠷᠤᠯᠳᠤᠭᠠᠨ ᠬᠢᠭᠡᠳ U ᠰᠢᠷᠢᠰ ᠵᠠᠯᠠᠭᠤᠴᠤᠳ ᠪᠠᠭᠠᠴᠤᠳ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ ᠵᠡᠷᠭᠡ ᠣᠯᠠᠨ ᠲᠠᠰ ᠳᠠᠪᠬᠤᠷᠭ᠎ᠠ᠎ᠶᠢᠨ ᠤᠷᠤᠯᠳᠤᠭᠠᠨ᠎ᠤ ᠰᠢᠰᠲᠧᠮ᠎ᠢ ᠪᠠᠢᠭᠤᠯᠵᠤ᠂ ᠵᠢᠯ ᠳᠤᠮᠳᠠᠴᠢ᠎ᠪᠠᠷ ᠡᠯ᠎ᠡ ᠲᠥᠷᠥᠯ᠎ᠦᠨ ᠬᠥᠯ ᠪᠥᠮᠪᠥᠭᠡ᠎ᠶᠢᠨ ᠤᠷᠤᠯᠳᠤᠭᠠᠨ᠎ᠢ 2500 ᠭᠠᠷᠤᠢ ᠲᠠᠯᠠᠪᠤᠷ ᠡᠷᠭᠢᠯᠡᠵᠦ᠂ ᠬᠥᠯ ᠪᠥᠮᠪᠥᠭᠡ᠎ᠶᠢᠨ ᠬᠥᠳᠡᠯᠭᠡᠭᠡᠨ᠎ᠦ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠪᠡ᠃ ᠲᠠᠷᠠᠭᠠᠴᠢ᠎ᠪᠡᠷ ᠪᠥᠬᠥ ᠣᠷᠣᠨ᠎ᠢᠶᠠᠷ᠎ᠢᠶᠠᠨ ᠲᠣᠰ ᠤᠳᠠᠭᠠᠨ᠎ᠤ ᠬᠤᠷᠠᠯ᠎ᠤᠨ ᠱᠠᠭᠠᠷᠳᠠᠯᠭ᠎ᠠ ᠶᠣᠰᠣᠭᠠᠷ ᠥᠨᠳᠥᠷ ᠪᠦᠲᠦᠮᠵᠢᠲᠡᠶ᠎ᠪᠡᠷ ᠬᠠᠮᠵᠢᠯᠴᠠᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ᠎ᠦᠨ ᠠᠵᠢᠯ᠎ᠢ ᠪᠥᠬᠥ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃