ᠲᠡᠷᠢᠭᠦᠨ ᠨᠢᠭᠤᠷ>ᠨᠠᠭᠠᠳᠤᠮ ᠴᠡᠩᠬᠡᠭᠦᠨ>ᠬᠦᠯ ᠪᠦᠮᠪᠦᠭᠡ

2026-11-23 11:04:16

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

—  ᠦᠪᠦᠷ ᠮᠤᠩᠭᠤᠯ᠎ᠤᠨ ᠬᠦᠯ ᠪᠦᠮᠪᠦᠭᠡ ᠵᠢᠨ ᠴᠢᠨᠠᠷ ᠰᠠᠢᠳᠠᠢ ᠬᠦᠭᠵᠢᠯᠳᠡ ᠵᠢ ᠲᠡᠮᠳᠡᠭᠯᠡᠪᠡ


ᠨᠠᠢᠷᠠᠭᠤᠯᠤᠭ᠍ᠴᠢ᠎ᠶᠢᠨ ᠦᠭᠡ᠄

ᠤᠢᠷ᠎ᠠ ᠳ᠋ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠠᠵᠢᠯ᠎ᠤᠨ ᠬᠤᠷᠠᠯ ᠬᠦᠬᠡᠬᠤᠳᠠ ᠳ᠋ᠤ ᠬᠤᠷᠠᠯᠳᠤᠵᠤ᠂ ᠬᠦᠯ ᠪᠦᠮᠪᠦᠭᠡ ᠵᠢ ᠬᠦᠭᠵᠢᠬᠦᠯᠦᠨ ᠮᠠᠨᠳᠤᠭᠤᠯᠬᠤ ᠲᠤᠬᠠᠢ ᠪᠠᠢᠷᠢᠯᠠᠭᠤᠯᠤᠯᠳᠠ ᠬᠢᠭᠰᠡᠨ ᠪᠠᠢᠨ᠎ᠠ᠃ ᠪᠥᠬᠥ ᠤᠯᠤᠰ᠎ᠤᠨ ᠠᠩᠬᠠᠳᠠᠭ᠍ᠴᠢ ᠬᠥᠯ ᠪᠥᠮᠪᠥᠭᠡ᠎ᠶᠢᠨ ᠥᠭᠡᠷᠡᠴᠢᠯᠡᠯᠲᠡ ᠬᠥᠭᠵᠢᠭᠦᠯᠦᠯᠲᠡ᠎ᠶᠢᠨ ᠲᠤᠷᠰᠢᠯᠲᠠ᠎ᠶᠢᠨ ᠮᠤᠵᠢ ᠣᠷᠣᠨ ᠪᠣᠯᠤᠭᠰᠠᠨ᠎ᠤ ᠬᠤᠪᠢ᠎ᠳᠤ ᠠᠷᠪᠠ ᠭᠠᠷᠤᠢ ᠵᠢᠯ᠎ᠦᠨ ᠲᠤᠷᠰᠢ ᠥᠪᠥᠷ ᠮᠣᠩᠭᠣᠯ ᠬᠥᠯ ᠪᠥᠮᠪᠥᠭᠡ᠎ᠶᠢᠨ ᠦᠢᠯᠡᠰ᠎ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ᠰᠤᠷᠭᠠᠭᠤᠯᠢ᠎ᠶᠢᠨ ᠬᠦᠷᠢᠶ᠎ᠡ᠎ᠳᠦ ᠲᠦᠭᠡᠮᠡᠯᠵᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠬᠦ᠎ᠡᠴᠡ ᠲᠠᠯᠠᠪᠤᠷ ᠭᠠᠵᠠᠷ᠎ᠤᠨ ᠪᠦᠲᠦᠭᠡᠨ ᠪᠠᠢᠭᠤᠯᠤᠯᠲᠠ᠂ ᠡᠯ᠎ᠡ ᠵᠦᠢᠯ᠎ᠤᠨ ᠤᠷᠤᠯᠳᠤᠭᠠᠨ᠎ᠢ ᠵᠤᠬᠢᠶᠠᠨ ᠪᠠᠢᠭᠤᠯᠤᠨ ᠥᠷᠨᠢᠭᠦᠯᠬᠦ ᠵᠢ ᠴᠢᠬᠤᠯᠠᠴᠢᠯᠠᠵᠤ᠂ ᠬᠦᠯ ᠪᠦᠮᠪᠦᠭᠡ ᠵᠢᠨ ᠦᠷᠨᠢᠬᠦᠨ ᠬᠦᠭᠵᠢᠯ᠎ᠤᠨ ᠰᠢᠨ᠎ᠡ ᠬᠠᠭᠤᠳᠠᠰᠤ ᠵᠢ ᠪᠢᠴᠢᠭᠯᠡᠭᠰᠡᠭᠡᠷ ᠢᠷᠡᠵᠡᠢ᠃


ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠬᠥᠭᠵᠢᠯᠲᠡ᠎ᠶᠢᠨ ᠬᠠᠮᠤᠭ᠎ᠤᠨ ᠶᠡᠬᠡ ᠬᠢᠯᠠᠰ ᠴᠡᠭ ᠪᠣᠯ ᠳᠠᠷᠤᠢ ᠦᠨᠳᠦᠰᠦᠨ ᠱᠠᠲᠤᠨ᠎ᠳᠤ ᠰᠠᠭᠤᠷᠢᠯᠠᠵᠤ᠂ ᠤᠷᠳᠤ ᠬᠤᠭᠤᠴᠠᠭ᠎ᠠ ᠪᠡᠷ ᠲᠡᠯᠭᠡᠷᠡᠬᠦᠯᠦᠨ ᠲᠦᠭᠡᠮᠡᠯᠵᠢᠭᠦᠯᠵᠦ ᠪᠠᠢᠭ᠎ᠠ᠎ᠳᠤ ᠪᠤᠢ᠃ ᠪᠦᠬᠦ ᠤᠯᠤᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠪᠦᠷᠬᠦᠴᠡ᠎ᠶᠢᠨ ᠨᠤᠷᠮ᠎ᠠ ᠵᠢᠨ ᠵᠢᠭᠰᠠᠭᠠᠯᠳᠠ᠂ ᠦᠷᠭᠦᠯᠵᠢᠯᠡᠨ ᠪᠤᠵᠠᠭᠠᠢᠷᠠᠵᠤ ᠪᠠᠢᠭ᠎ᠠ ᠵᠠᠯᠠᠭᠤᠴᠤᠳ ᠪᠠᠭᠠᠴᠤᠳ᠎ᠤᠨ ᠬᠦᠯ ᠪᠦᠮᠪᠦᠭᠡ ᠵᠢᠨ ᠴᠢᠳᠠᠪᠤᠷᠢᠲᠠᠨ᠎ᠤ ᠡᠩᠨᠡᠭᠡ᠂ ᠪᠠᠢᠩᠭᠤᠵᠢᠭᠰᠠᠨ ᠤᠯᠠᠨ ᠲᠦᠮᠡᠨᠴᠢ ᠤᠷᠤᠯᠳᠤᠭᠠᠨ᠎ᠤ ᠶᠠᠪᠤᠳᠠᠯ ᠨᠢ ᠬᠥᠯ ᠪᠥᠮᠪᠥᠭᠡ᠎ᠶᠢᠨ ᠬᠦᠳᠡᠯᠭᠡᠭᠡᠨ᠎ᠢ᠎ᠪᠦᠬᠦ ᠠᠷᠠᠳ᠎ᠢᠶᠠᠷ᠎ᠢᠶᠠᠨ ᠣᠷᠣᠯᠴᠠᠵᠤ ᠪᠣᠯᠬᠤ ᠪᠡᠶ᠎ᠡ᠎ᠶᠢᠨ ᠲᠠᠮᠢᠷ᠎ᠤᠨ ᠬᠦᠳᠡᠯᠭᠡᠭᠡᠨ ᠪᠤᠯᠭᠠᠵᠤ᠂ ᠠᠷᠠᠳ᠎ᠤᠨ ᠠᠮᠢᠳᠤᠷᠠᠯ᠎ᠳ᠋ᠤ ᠬᠦᠨᠵᠡᠭᠡᠢ ᠠᠭᠤᠰᠤᠯᠴᠠᠭᠤᠯᠵᠠᠢ᠃



ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ ᠪᠥᠬᠥ  ᠲᠠᠯ᠎ᠠ᠎ᠪᠠᠷ ᠥᠷᠨᠢᠵᠦ᠂ ᠲᠦᠭᠡᠮᠡᠯᠵᠢᠭᠰᠡᠨ ᠬᠡᠪᠴᠢᠶ᠎ᠡ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ

ᠬᠥᠯ ᠪᠥᠮᠪᠥᠭᠡ᠎ᠶᠢᠨ ᠬᠥᠭᠵᠢᠯᠲᠡ᠎ᠶᠢᠨ ᠰᠠᠭᠤᠷᠢ ᠨᠢ ᠲᠦᠭᠡᠮᠡᠯᠵᠢᠬᠦᠯᠬᠦ᠎ᠳᠦ ᠪᠣᠶ᠂ ᠢᠯᠠᠩᠭᠤᠶ᠎ᠠ ᠰᠤᠷᠭᠠᠭᠤᠯᠢ᠎ᠶᠢᠨ ᠬᠦᠷᠢᠶᠡᠨ᠎ᠳᠦ ᠲᠦᠭᠡᠮᠡᠯᠵᠢᠬᠦᠯᠬᠦ᠎ᠳᠦ ᠪᠣᠶ᠃ ᠣᠯᠠᠨ ᠵᠢᠯ᠎ᠦᠨ ᠲᠤᠷᠰᠢ᠂ ᠥᠪᠥᠷ ᠮᠣᠩᠭᠣᠯ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢ ᠬᠥᠯ ᠪᠥᠮᠪᠥᠭᠡ᠎ᠶᠢ ᠬᠥᠭᠵᠢᠭᠦᠯᠦᠨ ᠮᠠᠨᠳᠤᠭᠤᠯᠬᠤ᠎ᠶᠢᠨ ᠭᠣᠣᠯᠳᠠᠯᠭ᠎ᠠ ᠪᠣᠯᠭᠠᠵᠤ᠂ ᠬᠠᠮᠤᠷᠬᠤ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠨ ᠵᠢᠭᠠᠨ ᠰᠤᠷᠭᠠᠯᠲᠠ᠎ᠶᠢᠨ ᠨᠥᠬᠥᠴᠡᠯ᠎ᠢ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠯᠳᠠ ᠵᠢᠨ ᠲᠠᠪᠴᠠᠩ᠎ᠢ ᠪᠠᠢᠭᠤᠯᠤᠨ ᠨᠠᠩ ᠣᠯᠠᠨ ᠬᠡᠦᠬᠡᠳ᠎ᠢ ᠬᠥᠯ ᠪᠥᠮᠪᠥᠭᠡ᠎ᠲᠠᠢ ᠣᠢᠷᠠᠲᠤᠭᠤᠯᠵᠤ᠂ ᠬᠥᠯ ᠪᠥᠮᠪᠥᠭᠡ᠎ᠳᠦ ᠪᠠᠬᠠᠲᠠᠢ ᠪᠣᠯᠭᠠᠵᠤ᠂ ᠬᠥᠯ ᠪᠥᠮᠪᠥᠭᠡ᠎ᠶᠢᠨ ᠬᠦᠳᠡᠯᠭᠡᠭᠡᠨ᠎ᠳᠦ ᠣᠷᠣᠯᠴᠠᠭᠤᠯᠤᠭᠰᠠᠨ ᠪᠠᠢᠨ᠎ᠠ᠃

ᠣᠳᠣᠬᠠᠨ᠎ᠳᠤ  ᠪᠥᠬᠥ ᠣᠷᠣᠨ᠎ᠳ᠋ᠤ ᠤᠯᠤᠰ᠎ᠤᠨ ᠲᠠᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ 1345 ᠪᠣᠯᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ 46% ᠶ᠋ᠢ ᠡᠵᠡᠯᠡᠨ᠂ ᠣᠨᠴᠠᠯᠢᠭ᠍ᠲᠤ ᠰᠤᠷᠭᠠᠭᠤᠯᠢ᠎ᠶᠢᠨ ᠡᠵᠡᠯᠡᠬᠦ ᠬᠠᠷᠢᠴᠠᠯ ᠵᠢᠡᠷ ᠪᠥᠬᠥ ᠤᠯᠤᠰ᠎ᠲᠤ ᠲᠡᠷᠢᠭᠦᠯᠡᠵᠦ᠂ ᠡᠯ᠎ᠡ ᠠᠢᠮᠠᠭ ᠬᠣᠲᠠ᠂ ᠬᠣᠰᠢᠭᠤ ᠰᠢᠶᠠᠨ᠎ᠢ ᠥᠷᠭᠡᠨ᠎ᠢᠶᠡᠷ ᠬᠠᠮᠤᠷᠤᠭᠰᠠᠨ ᠪᠠᠢᠨ᠎ᠠ᠃ ᠪᠥᠬᠥ ᠣᠷᠣᠨ᠎ᠵᠢᠡᠷ ᠵᠢᠡᠨ ᠭᠡᠷ᠎ᠦᠨ ᠭᠠᠳᠠᠨᠠᠬᠢ ᠬᠥᠯ ᠪᠥᠮᠪᠥᠭᠡ᠎ᠶᠢᠨ ᠲᠠᠯᠠᠪᠤᠷ᠎ᠢ 3097᠂ ᠲᠤᠰᠬᠠᠢ ᠮᠡᠷᠭᠡᠵᠢᠯ᠎ᠦᠨ ᠬᠥᠯ ᠪᠥᠮᠪᠥᠭᠡ᠎ᠶᠢᠨ ᠣᠷᠳᠣᠨ᠎ᠢ 393᠂ ᠭᠡᠷ᠎ᠤᠨ ᠳᠣᠲᠣᠷᠠᠬᠢ ᠬᠥᠯ ᠪᠥᠮᠪᠥᠭᠡ᠎ᠶᠢᠨ ᠲᠠᠯᠠᠪᠤᠷ᠎ᠢ 420 ᠪᠠᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠦᠳᠡᠯᠭᠡᠭᠡᠨ᠎ᠤ ᠨᠥᠬᠥᠴᠡᠯ᠎ᠢ ᠦᠷᠭᠦᠯᠵᠢᠯᠡᠨ ᠲᠠᠰ ᠳᠡᠪᠰᠢᠭᠦᠯᠪᠡ᠃ 5 ᠤᠯᠤᠰ᠎ᠤᠨ ᠲᠠᠰ᠎ᠤᠨ᠂ 11 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ  ᠪᠣᠯᠪᠠᠰᠤᠷᠠᠯ᠎ᠤᠨ ᠰᠠᠭᠤᠷᠢᠨ᠎ᠳᠤ ᠲᠦᠰᠢᠭᠯᠡᠨ᠂ ᠪᠥᠬᠥ ᠣᠷᠣᠨ᠎ᠳᠤ ᠬᠥᠯ ᠪᠥᠮᠪᠥᠭᠡ᠎ᠶᠢᠨ ᠪᠣᠯᠪᠠᠰᠤᠷᠠᠯ᠂ ᠰᠤᠷᠭᠠᠭᠤᠯᠢ᠎ᠶᠢᠨ ᠳᠣᠲᠣᠭᠠᠳᠤ᠎ᠶᠢᠨ ᠬᠣᠯᠪᠣᠭᠠᠲᠤ ᠤᠷᠤᠯᠳᠤᠭᠠᠨ᠂ ᠰᠤᠷᠭᠠᠭᠤᠯᠢ᠎ᠶᠢᠨ ᠬᠣᠭᠣᠷᠣᠨᠳᠣᠬᠢ ᠰᠣᠯᠢᠯᠴᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ ᠵᠢ ᠬᠦᠭᠵᠢᠬᠦᠯᠬᠦ ᠰᠢᠰᠲᠧᠮᠵᠢᠭᠰᠡᠨ᠂ ᠪᠠᠢᠩᠭᠤᠵᠢᠭ᠍ᠰᠠᠨ ᠵᠠᠭᠪᠤᠷ᠎ᠢ ᠪᠣᠶ ᠪᠣᠯᠭᠠᠪᠠ᠃



ᠡᠭᠦᠨ᠎ᠦ ᠬᠠᠮᠲᠤ  ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠶᠡᠬᠡ ᠰᠤᠷᠭᠠᠭᠤᠯᠢ᠎ᠶᠢ ᠬᠣᠯᠪᠣᠭᠰᠠᠨ ᠪᠥᠬᠥ ᠰᠤᠷᠤᠯᠭ᠎ᠠ᠎ᠶᠢᠨ ᠱᠠᠲᠤ ᠵᠢ ᠬᠠᠮᠤᠷᠤᠭᠰᠠᠨ ᠳᠥᠷᠪᠡᠨ ᠳᠡᠰ᠎ᠤᠨ ᠬᠣᠯᠪᠣᠭᠠᠲᠤ ᠤᠷᠤᠯᠳᠤᠭᠠᠨ᠎ᠤ ᠰᠢᠰᠲᠧᠮ᠎ᠢ ᠪᠠᠢᠭᠤᠯᠵᠤ᠂ ᠱᠠᠲᠤ ᠱᠠᠲᠤ᠎ᠪᠠᠷ ᠰᠢᠯᠭᠠᠷᠠᠭᠤᠯᠤᠨ᠂ ᠱᠠᠲᠤ ᠱᠠᠲᠤ᠎ᠪᠠᠷ ᠲᠠᠰ ᠳᠡᠪᠰᠢᠭᠦᠯᠵᠦ᠂ 《ᠭᠠᠷᠠᠭ ᠪᠣᠯᠭᠠᠨ ᠪᠣᠯᠪᠠᠰᠤᠷᠠᠯ᠎ᠲᠠᠢ᠂ ᠰᠠᠷ᠎ᠠ ᠪᠣᠯᠭᠠᠨ ᠤᠷᠤᠯᠳᠤᠭᠠᠨ᠎ᠲᠠᠢ᠂ ᠵᠢᠯ ᠪᠣᠯᠭᠠᠨ ᠲᠡᠪᠰᠢᠬᠦᠯᠬᠦ》 ᠶ᠋ᠢ ᠦᠨᠡᠨ ᠬᠦ᠌ ᠪᠡᠶᠡᠯᠡᠭᠦᠯᠪᠡ᠃ ᠪᠥᠬᠥ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠳᠥᠷᠪᠡᠨ ᠳᠡᠰ᠎ᠤᠨ ᠬᠣᠯᠪᠣᠭᠠᠲᠤ ᠤᠷᠤᠯᠳᠤᠭᠠᠨ ᠨᠢ ᠵᠢᠯ ᠪᠦᠷᠢ 1500 ᠭᠠᠷᠤᠢ ᠤᠳᠠᠭ᠎ᠠ ᠠᠵᠢᠯᠯᠠᠭ᠎ᠠ ᠥᠷᠨᠢᠭᠦᠯᠵᠦ᠂ 10 ᠲᠦᠮᠡ ᠰᠢᠬᠠᠮ ᠰᠣᠷᠣᠭ᠍ᠴᠢ ᠵᠢ ᠤᠷᠤᠯᠳᠤᠭᠠᠨ᠎ᠳᠤ ᠣᠷᠣᠯᠴᠠᠭᠤᠯᠵᠤ᠂ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠪᠠᠬᠠᠳᠠᠳ ᠦᠷᠭᠦᠯᠵᠢᠯᠡᠨ ᠪᠤᠵᠠᠭᠠᠢᠷᠠᠵᠤ᠂ ᠲᠣᠰ ᠭᠠᠵᠠᠷ ᠣᠷᠣᠨ᠎ᠤ ᠬᠥᠯ ᠪᠥᠮᠪᠥᠭᠡ᠎ᠶᠢᠨ ᠴᠢᠳᠠᠪᠤᠷᠢᠲᠠᠨ᠎ᠤ ᠦᠰᠦᠨ ᠪᠤᠢᠵᠢᠯᠳᠠ ᠵᠢᠨ ᠰᠠᠭᠤᠷᠢ᠎ᠶᠢ ᠪᠠᠳᠤᠳᠬᠠᠪᠠ᠃

ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲ᠋ᠸᠮ ᠡᠳᠦᠷ ᠢᠷᠡᠬᠦᠶ᠎ᠡ ᠲᠡᠭᠦᠯᠳᠡᠷᠵᠢᠵᠦ᠂ ᠣᠷᠣᠨ ᠨᠤᠲᠤᠭ᠎ᠤᠨ ᠴᠢᠳᠠᠪᠤᠷᠢᠲᠠᠨ᠎ᠤ ᠨᠥᠭᠡᠴᠡ ᠬᠦᠴᠦᠨ ᠦᠷᠭᠦᠯᠵᠢᠯᠡᠨ ᠪᠤᠵᠠᠭᠠᠢᠷᠠᠪᠠ

ᠥᠪᠥᠷ ᠮᠣᠩᠭᠣᠯ ᠣᠷᠣᠨ ᠨᠤᠲᠤᠭ᠎ᠲᠠᠭᠠᠨ ᠰᠠᠭᠤᠷᠢᠯᠠᠨ ᠬᠥᠯ ᠪᠥᠮᠪᠥᠭᠡ᠎ᠶᠢᠨ ᠪᠡᠯᠡᠳᠬᠡᠯ ᠬᠦᠴᠦᠨ᠎ᠢ ᠬᠥᠮᠥᠵᠢᠭᠦᠯᠬᠦ᠎ᠶᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠲᠤᠤᠷ᠎ᠢ ᠲᠠᠰᠤᠷᠠᠯᠲᠠ ᠦᠭᠡᠢ ᠪᠦᠷᠢᠨᠰᠢᠭᠦᠯᠵᠦ᠂ ᠰᠢᠯᠢᠳᠡᠭ ᠬᠥᠯ ᠪᠥᠮᠪᠥᠭᠡ᠎ᠶᠢᠨ ᠲᠠᠮᠢᠷᠴᠢᠳ ᠲᠸ᠋ ᠭᠡᠷ᠎ᠦᠨ ᠡᠭᠦᠳᠡᠨ ᠳ᠋ᠡᠭᠡᠨ ᠲᠤᠰᠬᠠᠢ ᠮᠡᠷᠭᠡᠵᠢᠯ᠎ᠦᠨ ᠪᠣᠯᠪᠠᠰᠤᠷᠠᠯ ᠬᠦᠷᠲᠡᠬᠦ ᠵᠠᠪᠰᠢᠶᠠᠨ ᠬᠠᠩᠭᠠᠵᠠᠢ᠃




ᠣᠳᠣᠬᠢ ᠱᠠᠲᠤᠨ᠎ᠳᠤ ᠮᠠᠨ᠎ᠤ ᠣᠷᠣᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠯᠠᠭᠤᠴᠤᠳ᠎ᠤᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠲᠥᠪ᠎ᠢ ᠪᠠᠢᠭᠤᠯᠵᠤ᠂ ᠬᠥᠬᠡᠬᠣᠲᠠ᠂ ᠲᠦᠩᠯᠢᠶᠣᠣ᠂ ᠣᠷᠳᠣᠰ ᠵᠡᠷᠭᠡ 3 ᠠᠢᠮᠠᠭ ᠬᠣᠲᠠ᠎ᠶᠢᠨ ᠲᠠᠰ᠎ᠤᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠎ᠢ ᠲᠣᠭᠲᠠᠭᠤᠨ᠎ᠢᠶᠠᠷ ᠠᠵᠢᠯᠯᠠᠭᠤᠯᠵᠤ᠂ ᠪᠤᠭᠤᠲᠤ᠂ ᠤᠯᠠᠭᠠᠨᠬᠠᠳᠠ᠂ ᠬᠥᠯᠥᠨ ᠪᠣᠶ᠋ᠢᠷ᠂ ᠦᠬᠠᠢ ᠵᠡᠷᠭᠡ ᠣᠯᠠᠨ ᠠᠢᠮᠠᠭ ᠬᠣᠲᠠ ᠵᠢᠴᠢ ᠬᠣᠰᠢᠭᠤ ᠰᠢᠶᠠᠨ᠎ᠤ ᠱᠠᠲᠤᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠵᠢᠭ᠍ᠰᠠᠭᠠᠯ᠎ᠤᠨ ᠭᠠᠵᠠᠷ᠎ᠢ ᠠᠩᠬ᠎ᠠ ᠠᠯᠬᠤᠮ ᠬᠡᠪᠴᠢᠶᠡᠵᠢᠭᠦᠯᠵᠦ᠂ ᠪᠥᠬᠥ ᠬᠦᠷᠢᠶ᠎ᠡ ᠵᠢ ᠬᠠᠮᠤᠷᠤᠭᠰᠠᠨ᠂ ᠱᠠᠲᠤᠯᠢᠭ ᠵᠢᠡᠷ ᠵᠣᠯᠭᠠᠭᠤᠯᠤᠭᠰᠠᠨ ᠵᠠᠯᠠᠭᠤᠴᠤᠳ᠎ᠤᠨ ᠪᠣᠯᠪᠠᠰᠤᠷᠠᠯ᠎ᠤᠨ ᠪᠠᠢᠷᠢᠰᠢᠭᠤᠯᠤᠯᠲᠠ᠎ᠶᠢ ᠪᠣᠶ ᠪᠣᠯᠭᠠᠵᠠᠢ᠃ ᠡᠭᠦᠨ᠎ᠳᠦ᠂ ᠲᠦᠩᠯᠢᠶᠣᠣ ᠬᠣᠲᠠ ᠤᠯᠤᠰ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠵᠠᠯᠠᠭᠤᠴᠤᠳ᠎ᠤᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠲᠤᠷᠰᠢᠯᠲᠠ᠎ᠵᠢᠨ ᠴᠡᠭ ᠵᠢᠡᠷ ᠰᠣᠩᠭᠣᠭᠳᠠᠨ᠂ 12 ᠬᠣᠲᠠ᠎ᠶᠢᠨ ᠲᠠᠰ᠎ᠤᠨ ᠪᠡᠶ᠎ᠡ᠎ᠶᠢᠨ ᠲᠠᠮᠢᠷ᠎ᠤᠨ ᠰᠤᠷᠭᠠᠭᠤᠯᠢ᠂ 21 ᠬᠣᠰᠢᠭᠤ ᠰᠢᠶᠠᠨ᠎ᠤ ᠱᠠᠲᠤᠨ᠎ᠤ ᠪᠡᠶ᠎ᠡ᠎ᠶᠢᠨ ᠲᠠᠮᠢᠷ᠎ᠤᠨ ᠰᠤᠷᠭᠠᠭᠤᠯᠢ᠂ 76 ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠠᠩᠭᠢ᠎ᠶᠢ ᠪᠠᠢᠭᠤᠯᠵᠤ᠂ ᠵᠢᠯ ᠲᠤᠮᠳᠠᠴᠢ ᠪᠡᠷ 2000 ᠰᠢᠬᠠᠮ ᠵᠠᠯᠠᠭᠤᠴᠤᠳ ᠪᠠᠭᠠᠴᠤᠳ ᠲᠠᠮᠢᠷᠴᠢᠳ᠎ᠲᠸ᠋ ᠪᠤᠯᠪᠠᠰᠤᠷᠠᠯ ᠬᠦᠷᠳᠡᠭᠡᠵᠦ ᠪᠤᠢ᠃ ᠣᠲᠣ᠌ ᠪᠣᠯᠲᠠᠯ᠎ᠠ᠂ ᠪᠥᠬᠥ ᠣᠷᠣᠨ᠎ᠳ᠋ᠤ ᠳᠠᠩᠰᠠᠯᠠᠭᠤᠯᠤᠭᠰᠠᠨ ᠬᠥᠯ ᠪᠥᠮᠪᠥᠭᠡ᠎ᠶᠢᠨ ᠲᠠᠮᠢᠷᠴᠢᠨ 1.8  ᠲᠦᠮᠡ ᠭᠠᠷᠤᠢ ᠪᠠᠢᠵᠤ᠂ ᠵᠠᠯᠠᠭᠤᠴᠤᠳ ᠪᠠᠭᠠᠴᠤᠳ  ᠲᠠᠮᠢᠷᠴᠢᠨ 1.2 ᠲᠦᠮᠡ ᠰᠢᠬᠠᠮ᠎ᠢ ᠡᠵᠡᠯᠡᠵᠦ᠂ ᠲᠣᠰ ᠭᠠᠵᠠᠷ ᠣᠷᠣᠨ᠎ᠤ ᠪᠡᠯᠡᠳᠬᠡᠯ ᠴᠢᠳᠠᠪᠤᠷᠢᠲᠠᠨ᠎ᠤ ᠡᠩᠨᠡᠭᠡ ᠦᠷᠭᠦᠯᠵᠢᠯᠡᠨ ᠪᠤᠵᠠᠭᠠᠢᠷᠠᠵᠤ᠂ ᠬᠢᠯᠢ ᠬᠢᠵᠠᠭᠠᠷ ᠣᠷᠣᠨ᠎ᠤ ᠬᠥᠯ ᠪᠥᠮᠪᠥᠭᠡ᠎ᠶᠢᠨ ᠴᠢᠳᠠᠪᠤᠷᠢᠲᠠᠨ᠎ᠤ ᠨᠥᠭᠡᠴᠡ ᠬᠦᠴᠦᠨ ᠬᠦᠷᠦᠯᠴᠡᠬᠦ ᠦᠭᠡᠢ  ᠪᠠᠢᠬᠤ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃




ᠤᠷᠤᠯᠳᠤᠭᠠᠨ᠎ᠤ  ᠶᠠᠪᠤᠳᠠᠯ᠎ᠤᠨ ᠰᠢᠰᠲᠧᠮ ᠤᠯᠠᠨ ᠡᠰᠢᠵᠢᠵᠦ᠂ ᠤᠷᠤᠯᠳᠤᠭᠠᠨ ᠡᠷᠭᠢᠯᠡᠬᠦ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ

ᠣᠳᠣᠬᠠᠨ᠎ᠳᠤ ᠪᠥᠬᠥ ᠣᠷᠣᠨ᠎ᠳᠤ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠢᠶᠠᠷ ᠲᠣᠯᠣᠭᠠᠢᠯᠠᠭᠤᠯᠤᠭᠰᠠᠨ᠂ U ᠰᠢᠷᠢᠰ ᠵᠠᠯᠠᠭᠤᠴᠤᠳ ᠪᠠᠭᠠᠴᠤᠳ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠰᠤᠷᠭᠠᠭᠤᠯᠢ᠎ᠶᠢᠨ ᠬᠦᠷᠢᠶᠡᠨ᠎ᠦ ᠲᠠᠰ ᠬᠤᠪᠢᠶᠠᠭᠰᠠᠨ ᠤᠷᠤᠯᠳᠤᠭᠠᠨ᠂ ᠡᠯ᠎ᠡ ᠠᠵᠢᠯ ᠲᠥᠷᠥᠯ᠎ᠦᠨ ᠣᠯᠠᠨ ᠲᠦᠮᠡᠨᠴᠢ ᠬᠥᠯ ᠪᠥᠮᠪᠥᠭᠡ᠎ᠶᠢᠨ ᠤᠷᠤᠯᠳᠤᠭᠠᠨ᠂ ᠲᠠᠪᠤᠨ ᠬᠥᠮᠥᠨ᠎ᠦ ᠳᠦᠷᠢᠮᠲᠦ ᠬᠥᠯ ᠪᠥᠮᠪᠥᠭᠡ᠎ᠶᠢᠨ ᠤᠷᠤᠯᠳᠤᠭᠠᠨ᠂ ᠴᠠᠰᠤᠲᠤ ᠲᠠᠯ᠎ᠠ ᠡᠯᠡᠰᠦᠨ ᠲᠠᠩ᠎ᠤᠨ ᠣᠨᠴᠠᠯᠢᠭ᠍ᠲᠤ ᠬᠥᠯ ᠪᠥᠮᠪᠥᠭᠡ᠎ᠶᠢᠨ ᠤᠷᠤᠯᠳᠤᠭᠠᠨ᠎ᠢᠶᠠᠷ ᠨᠥᠬᠥᠪᠦᠷᠢ ᠪᠣᠯᠭᠠᠭᠰᠠᠨ ᠪᠦᠷᠢᠨ ᠪᠦᠲᠦᠨ ᠤᠷᠤᠯᠳᠤᠭᠠᠨ᠎ᠤ ᠰᠢᠰᠲᠧᠮ᠎ᠢ ᠪᠦᠷᠢᠯᠳᠦᠭᠦᠯᠵᠦ᠂ ᠵᠢᠯ ᠳᠤᠮᠳᠠᠴᠢ᠎ᠪᠠᠷ ᠡᠯ᠎ᠡ ᠲᠥᠷᠥᠯ᠎ᠦᠨ ᠬᠥᠯ ᠪᠥᠮᠪᠥᠭᠡ᠎ᠶᠢᠨ ᠤᠷᠤᠯᠳᠤᠭᠠᠨ᠎ᠢ 2500 ᠭᠠᠷᠤᠢ ᠲᠠᠯᠠᠪᠤᠷ ᠡᠷᠭᠢᠯᠡᠵᠦ᠂ ᠤᠷᠤᠯᠳᠤᠭᠠᠨ᠎ᠤ ᠲᠣᠭ᠎ᠠ ᠬᠡᠮᠵᠢᠶ᠎ᠡ ᠨᠢ ᠵᠢᠯ ᠡᠴᠡ ᠵᠢᠯ ᠨᠡᠮᠡᠭᠳᠡᠵᠦ ᠪᠤᠢ᠃ 2026 ᠣᠨ᠎ᠤ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ 79 ᠲᠠᠯᠠᠪᠤᠷ ᠤᠷᠤᠯᠳᠤᠭᠠᠨ᠎ᠢ ᠰᠤᠨᠢᠷᠬᠠᠭᠰᠠᠨ ᠬᠦᠮᠦᠨ᠎ᠤ ᠲᠤᠭ᠎ᠠ ᠨᠡᠢᠳᠡ1.52 ᠳ᠋ᠦᠩᠰᠢᠭᠤᠷ ᠬᠥᠮᠥᠨ ᠤᠳᠠᠭ᠎ᠠ᠎ᠳᠦ ᠬᠦᠷᠴᠦ᠂ ᠶᠡᠷᠦᠩᠬᠡᠢᠯᠡᠭᠰᠡᠨ ᠠᠵᠤ ᠠᠬᠤᠢ᠎ᠶᠢᠨ ᠦᠷ᠎ᠡ ᠠᠰᠢᠭ᠋ ᠢ᠋ 6.47 ᠳ᠋ᠦᠩᠰᠢᠭᠤᠷ ᠲᠥᠭᠥᠷᠢᠭ ᠳᠠᠶ᠋ᠢᠴᠢᠯᠠᠨ᠂ ᠨᠡᠢᠭᠡᠮ᠎ᠦᠨ ᠦᠷ᠎ᠡ ᠠᠰᠢᠭ᠋ ᠪᠠ ᠠᠵᠤ ᠠᠬᠤᠢ᠎ᠶᠢᠨ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠪᠡ᠃ ᠪᠥᠬᠥ ᠣᠷᠣᠨ᠎ᠳᠤ ᠪᠠᠰᠠ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠳᠡᠭᠡᠳᠦ ᠲᠠᠰ᠎ᠤᠨ ᠤᠷᠤᠯᠳᠤᠭᠠᠨ᠎ᠢ ᠣᠯᠠᠨ ᠤᠳᠠᠭ᠎ᠠ ᠳᠠᠭᠠᠭᠠᠴᠢᠯᠠᠨ ᠡᠷᠬᠢᠯᠡᠵᠦ᠂ ᠥᠪᠥᠷ ᠮᠣᠩᠭᠣᠯ᠎ᠤᠨ ᠬᠥᠯ ᠪᠥᠮᠪᠥᠭᠡ᠎ᠶᠢᠨ ᠤᠷᠤᠯᠳᠤᠭᠠᠨ ᠡᠷᠭᠢᠯᠡᠬᠦ ᠬᠢᠷᠢ ᠲᠦᠪᠰᠢᠨ ᠪᠠ ᠭᠠᠳᠠᠭᠠᠳᠤ᠎ᠳᠠᠬᠢ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃




ᠣᠢᠷ᠎ᠠ᠎ᠶᠢᠨ ᠬᠤᠭᠤᠴᠠᠭᠠᠨ᠎ᠳᠤ ᠪᠥᠬᠥ ᠣᠷᠣᠨ᠎ᠳᠤ ᠡᠷᠭᠢᠯᠡᠭᠰᠡᠨ ᠭᠡᠷ ᠳᠣᠲᠣᠷᠠᠬᠢ ᠲᠠᠪᠤᠨ ᠬᠥᠮᠥᠨ᠎ᠦ ᠳᠦᠷᠢᠮᠲᠦ ᠬᠥᠯ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠥᠬᠥ ᠣᠷᠣᠨ᠎ᠤ ᠬᠥᠯ ᠪᠥᠮᠪᠥᠭᠡ᠎ᠶᠢᠨ ᠠᠵᠢᠯ᠎ᠤᠨ ᠬᠤᠷᠠᠯ ᠨᠢ ᠣᠢᠷ᠎ᠠ᠎ᠶᠢᠨ ᠵᠢᠯ᠎ᠦᠨ ᠬᠥᠯ ᠪᠥᠮᠪᠥᠭᠡ᠎ᠶᠢᠨ ᠦᠷ᠎ᠡ ᠪᠦᠲᠦᠭᠡᠯ᠎ᠢ ᠲᠥᠪᠯᠡᠷᠡᠭᠦᠯᠦᠨ ᠰᠢᠯᠭᠠᠨ ᠪᠠᠢᠴᠠᠭᠠᠭᠰᠠᠨ ᠮᠥᠷᠲᠡᠭᠡᠨ ᠲᠠᠷᠠᠭᠠᠴᠢ᠎ᠶᠢᠨ ᠠᠯᠬᠤᠮ᠎ᠤᠨ ᠬᠥᠯ ᠪᠥᠮᠪᠥᠭᠡ᠎ᠶᠢᠨ ᠥᠭᠡᠷᠡᠴᠢᠯᠡᠯᠲᠡ᠂ ᠵᠠᠯᠠᠭᠤᠴᠤᠳ᠎ᠤᠨ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠠᠵᠤ ᠦᠢᠯᠡᠰ᠎ᠦᠨ ᠬᠥᠭᠵᠢᠯᠲᠡ᠎ᠶᠢᠨ ᠴᠢᠭᠯᠡᠯ᠎ᠢ ᠲᠣᠳᠣᠷᠬᠠᠢ ᠲᠣᠭᠲᠠᠭᠠᠭᠰᠠᠨ ᠪᠠᠢᠨ᠎ᠠ᠃ ᠣᠳᠣᠬᠠᠨ᠎ᠳᠤ ᠪᠦᠬᠦ ᠣᠷᠣᠨ᠎ᠳᠤ ᠡᠯ᠎ᠡ ᠲᠦᠷᠦᠯ᠎ᠦᠨ ᠬᠥᠯ ᠪᠥᠮᠪᠥᠭᠡ᠎ᠶᠢᠨ ᠲᠠᠯᠠᠪᠤᠷ 4738 ᠪᠠᠢᠵᠤ᠂ ᠲᠦᠮᠡᠨ ᠬᠥᠮᠥᠨ ᠪᠦᠷᠢ᠎ᠳᠦ 2 ᠬᠥᠯ ᠪᠥᠮᠪᠥᠭᠡ᠎ᠶᠢᠨ ᠲᠠᠯᠠᠪᠤᠷ ᠨᠣᠭᠳᠠᠵᠤ᠂ ᠬᠤᠳᠠ ᠬᠥᠳᠡᠭᠡ᠎ᠶᠢᠨ ᠤᠯᠠᠨ ᠲᠦᠮᠡᠨ᠎ᠤ ᠬᠦᠯ ᠪᠦᠮᠪᠦᠭᠡ᠎ᠶᠢᠨ ᠬᠦᠳᠡᠯᠭᠡᠭᠡᠨ᠎ᠳᠦ ᠤᠷᠤᠯᠴᠠᠬᠤ᠎ᠳᠦ ᠨᠡᠩ ᠲᠦᠭᠦᠮ ᠨᠦᠬᠦᠴᠡᠯ ᠬᠠᠩᠭᠠᠵᠤ᠂ ᠪᠦᠬᠦ ᠠᠷᠠᠳ᠎ᠢᠶᠠᠷ᠎ᠢᠶᠠᠨ ᠬᠥᠯ ᠪᠥᠮᠪᠥᠭᠡ᠎ᠶᠢᠨ ᠬᠥᠳᠡᠯᠭᠡᠭᠡᠨ᠎ᠳᠦ ᠣᠷᠣᠯᠴᠠᠬᠤ ᠠᠭᠤᠷ ᠠᠮᠢᠰᠬᠤᠯ ᠥᠳᠬᠡᠷᠡᠪᠠ ᠃




ᠤᠢᠯᠠᠭᠠᠭᠰᠠᠨ᠎ᠶ᠋ᠢᠡᠷ᠂ ᠬᠤᠢᠰᠢᠲᠠ᠂ ᠥᠪᠥᠷ ᠮᠣᠩᠭᠣᠯ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠲᠦᠭᠡᠮᠡᠯᠵᠢᠭᠦᠯᠬᠦ᠎ᠶᠢ ᠪᠠᠲᠤᠳᠬᠠᠵᠤ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲ᠋ᠸᠮ᠎ᠢ ᠬᠦᠴᠦᠷᠬᠡᠭᠵᠢᠭᠦᠯᠵᠦ᠂ ᠤᠷᠤᠯᠳᠤᠭᠠᠨ᠎ᠤ ᠶᠠᠪᠤᠳᠠᠯ᠎ᠢ ᠪᠠᠶᠠᠯᠢᠭ᠍ᠵᠢᠭᠤᠯᠵᠤ᠂  ᠬᠥᠯ ᠪᠥᠮᠪᠥᠭᠡ᠎ᠶᠢᠨ ᠣᠨᠴᠠᠯᠢᠭ᠍ᠲᠤ ᠲᠦᠷᠦᠯ ᠵᠦᠢᠯ᠎ᠢ ᠦᠷᠭᠦᠯᠵᠢᠯᠡᠨ ᠦᠨᠳᠦᠰᠦᠨ ᠱᠠᠲᠤᠨ᠎ᠳᠤ ᠦᠨᠳᠦᠰᠦᠯᠡᠭᠦᠯᠵᠦ᠂ ᠪᠦᠬᠦ ᠠᠷᠠᠳ᠎ᠲᠤ ᠠᠰᠢᠭ᠋ ᠬᠦᠷᠲᠡᠭᠡᠵᠦ᠂ ᠪᠦᠬᠦ ᠣᠷᠣᠨ᠎ᠤ ᠬᠥᠯ ᠪᠥᠮᠪᠥᠭᠡ᠎ᠶᠢᠨ ᠦᠢᠯᠡᠰ᠎ᠦᠨ ᠴᠢᠨᠠᠷ ᠰᠠᠢᠲᠠᠢ ᠬᠦᠭᠵᠢᠯᠲᠡ᠎ᠵᠢ ᠦᠷᠭᠦᠯᠵᠢᠯᠡᠨ ᠠᠬᠢᠭᠤᠯᠬᠤ ᠪᠣᠯᠣᠨ᠎ᠠ᠃

(ᠭᠡᠷᠡᠯ ᠵᠢᠷᠤᠭ᠎ᠤᠳ᠎ᠢ ᠰᠦᠯᠵᠢᠶ᠎ᠡ ᠡᠴᠡ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面