ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠮᠡᠳᠡᠭᠡᠯᠡᠯ

2021-12-27 09:27:17

ᠵᠣᠬᠢᠶᠠᠭ᠍ᠴᠢ᠄ ᠪᠠᠢ ᠳ᠋ᠠᠨ ᠠᠨ ᠶᠢᠨ ᠳ᠋ᠦᠩ ᠬᠤᠸᠠᠩ ᠫᠥ ᠮᠧᠢ ᠱᠢᠶᠠᠨ ᠸᠠᠩ ᠶᠠ ᠵᠢᠩ ᠣᠩᠱᠢᠭ᠍ᠰᠠᠨ ᠣᠳᠠᠭ᠎ᠠ᠄ 3

ᠰᠢᠤᠢ ᠯᠢ ᠴᠢᠤᠸᠠᠨ ᠲᠤᠭᠤᠢᠯᠠᠡᠭ ᠲᠠᠭᠠᠭᠤᠯᠵᠠᠢ

ᠲᠥᠪ᠎ᠦᠨ ᠨᠢᠭᠡᠳᠦᠯᠲᠡᠢ ᠲᠤᠬᠢᠷᠠᠭᠤᠯᠤᠯᠳᠠ ᠶᠣᠰᠣᠭᠠᠷ᠂ 12 ᠰᠠᠷ᠎ᠠ᠎ᠶ᠋ᠢᠨ22ᠡᠴᠡ26ᠤ᠋ᠡᠳᠦᠷ ᠪᠣᠯᠲᠠᠯ᠎ᠠ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠥᠪ᠎ᠦᠨ ᠨᠢᠭᠡᠳᠦᠭᠡᠷ ᠵᠢᠯᠣᠭᠣᠳᠭᠤᠳᠤᠭᠤᠢᠯᠠᠩ ᠮᠠᠨ᠎ᠤ ᠣᠷᠣᠨ᠎ᠳᠤ ᠢᠷᠡᠵᠦ᠍ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠨᠡᠯᠡᠯᠲᠡ᠎ᠶ᠋ᠢᠨᠠᠵᠢᠯ ᠥᠷᠨᠢᠭᠦᠯᠵᠦ᠍᠂ ᠡᠯ᠎ᠡ ᠲᠠᠯ᠎ᠠ᠎ᠶ᠋ᠢᠨ ᠬᠢᠨ᠎ᠦ ᠦᠨᠡᠯᠡᠯᠲᠡ ᠪᠠ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ ᠪᠠ ᠦᠷ᠎ᠡᠪᠦᠲᠦᠮᠵᠢ᠎ᠶ᠋ᠢ ᠪᠦᠬᠦ᠌ ᠲᠠᠯ᠎ᠠ᠎ᠪᠠᠷ ᠪᠤᠰᠤᠳᠴᠢ᠎ᠪᠠᠷ ᠦᠨᠡᠯᠡᠨ ᠵᠢᠱ᠌ᠢᠪᠡ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠᠬᠥᠮᠦᠵᠢᠯ᠎ᠦᠨ ᠲᠥᠪ᠎ᠦᠨ ᠨᠢᠭᠡᠳᠦᠭᠡᠷ ᠵᠢᠯᠣᠭᠣᠳᠭᠤ ᠳᠤᠭᠤᠢᠯᠠᠩ᠎ᠤᠨ ᠳᠠᠷᠤᠭ᠎ᠠ ᠱᠢᠤᠢ ᠯᠢ ᠴᠢᠤᠸᠠᠨ ᠪᠦᠯᠬᠦᠮᠳᠠᠭᠠᠭᠤᠯᠤᠨ ᠦᠨᠡᠯᠡᠨ ᠵᠢᠱ᠌ᠢᠬᠦ᠌ ᠠᠵᠢᠯ ᠥᠷᠨᠢᠭᠦᠯᠪᠡ᠃ ᠦᠨᠡᠯᠡᠨ ᠵᠢᠱ᠌ᠢᠬᠦ᠌ ᠠᠵᠢᠯ ᠨᠢ ᠨᠠᠮ᠎ᠤᠨ ᠲᠡᠦᠬᠡ᠎ᠶ᠋ᠢᠨᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠡᠭᠦᠷᠭᠡ ᠪᠠ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠳᠦ ᠠᠩᠬᠠᠷᠤᠯ᠎ᠢᠶᠠᠨᠲᠥᠪᠯᠡᠷᠡᠭᠦᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢᠨᠢᠬᠡᠳᠤᠯᠳᠠᠢ ᠪᠠᠢᠯᠭᠠᠬᠤ ᠵᠢ ᠪᠠᠷᠢᠮᠲᠠᠯᠠᠵᠤ᠂ ᠴᠢᠨᠠᠷᠢ᠋ ᠦᠨᠡᠯᠡᠬᠦ᠌ ᠪᠠ ᠬᠡᠮᠵᠢᠶ᠎ᠡ᠎ᠶ᠋ᠢ ᠵᠠᠳᠠᠯᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ᠎ᠤᠨᠭᠡᠱᠢᠭᠦᠨ ᠺᠠᠳ᠋ᠷ᠎ᠤᠨ ᠰᠤᠷᠤᠯᠴᠠᠯᠭ᠎ᠠ᠎ᠶ᠋ᠢᠨ ᠪᠠᠢᠳᠠᠯ᠂ ᠰᠤᠷᠤᠯᠴᠠᠯᠭ᠎ᠠ ᠬᠥᠮᠦᠵᠢᠯ᠎ᠤᠨ ᠪᠦᠬᠦ᠌ ᠲᠠᠯ᠎ᠠ᠎ᠪᠠᠷᠪᠦᠲᠦᠮᠵᠢᠲᠡᠶ ᠬᠠᠮᠤᠷᠤᠭ᠍ᠰᠠᠨ ᠪᠠᠶ᠋ᠢᠳᠠᠯ᠂ ᠣᠯᠠᠨ ᠲᠦᠮᠡᠨ᠎ᠳᠦ ᠪᠣᠳᠠᠲᠤ ᠶᠠᠪᠤᠳᠠᠯ ᠰᠠᠢᠨ ᠶᠠᠪᠤᠳᠠᠯ ᠬᠢᠵᠦ᠍ᠥᠭ᠌ᠭᠦᠭ᠌ᠰᠡᠨ ᠪᠠᠶ᠋ᠢᠳᠠᠯ᠂ ᠲᠤᠰᠭᠠᠶ ᠰᠡᠳᠦᠪᠲᠦ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠢᠥᠷᠨᠢᠭᠦᠯᠦᠭ᠌ᠰᠡᠨ ᠪᠠᠶ᠋ᠢᠳᠠᠯ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠱᠢᠨ᠎ᠡ ᠠᠬᠢᠴᠠ ᠱᠢᠨ᠎ᠡ ᠡᠬᠦᠳᠤᠯᠳᠠ ᠵᠢ ᠠᠬᠢᠭᠤᠯᠤᠬᠰᠠᠨ ᠪᠠᠢᠳᠠᠯ ᠪᠠᠢᠳᠠᠯ᠂ ᠨᠠᠮ᠎ᠤᠨᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠬᠠᠷᠢᠭᠤᠴᠠᠯᠭ᠎ᠠ᠎ᠪᠠᠨᠭᠦᠶ᠋ᠴᠡᠳᠭᠡᠭ᠌ᠰᠡᠨ ᠪᠠᠢᠳᠠᠯ ᠵᠡᠷᠭᠡ ᠲᠠᠯ᠎ᠠ᠎ᠪᠠᠷ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨᠪᠠᠢᠳᠠᠯ᠎ᠢ ᠪᠦᠬᠦ ᠲᠠᠯ᠎ᠠ ᠪᠡᠷ ᠪᠤᠰᠤᠳᠴᠢ᠎ᠪᠠᠷ ᠦᠨᠡᠯᠡᠨ ᠵᠢᠱ᠌ᠢᠵᠤ᠂ ᠤᠯᠠᠮ ᠨᠢᠭᠡ ᠠᠯᠬᠤᠮ ᠲᠠᠨᠢᠯᠲᠠ᠎ᠪᠠᠨᠭᠦᠨᠵᠡᠭᠡᠢᠷᠡᠭᠦᠯᠵᠤ᠂ ᠦᠷ᠎ᠡ ᠪᠦᠲᠦᠮᠵᠢ ᠪᠠᠨ ᠡᠮᠬᠢᠯᠠᠵᠤ᠂ᠠᠯᠳᠠᠭ᠎ᠠ ᠳᠤᠲᠠᠭ᠍ᠳᠠᠯ᠎ᠢᠶᠠᠨ ᠨᠥᠬᠥᠪᠥᠷᠢᠯᠡᠵᠤ᠂ ᠲᠤᠷᠱᠢᠯᠭ᠎ᠠ᠎ᠪᠠᠨ ᠳ᠋ᠦᠩᠨᠡᠪᠠ ᠃

ᠦᠨᠡᠯᠡᠨ ᠵᠢᠱ᠌ᠢᠬᠦ᠌ ᠬᠤᠭᠤᠴᠠᠭᠠᠨ᠎ᠳᠤ᠂ᠵᠢᠯᠣᠭᠣᠳᠭᠤ ᠳᠤᠭᠤᠢᠯᠠᠩ᠎ᠦᠨ ᠬᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨᠬᠤᠷᠠᠯ᠎ᠤᠨ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠠᠢ᠎ᠶ᠋ᠢᠨ ᠸᠢᠳᠢᠣ᠋ ᠬᠤᠷᠠᠯ᠎ᠳᠤ ᠣᠷᠣᠯᠴᠠᠭ᠍ᠰᠠᠨᠪᠥᠭᠡᠳ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠬᠡᠰᠡᠭ ᠺᠠᠳ᠋ᠷ᠎ᠲᠠᠶ ᠶᠠᠷᠢᠯᠴᠠᠪᠠ᠃ ᠵᠢᠯᠣᠭᠣᠳᠭᠤ ᠳᠤᠭᠤᠢᠯᠠᠩᠪᠠᠰᠠ ᠤᠯᠠᠭᠠᠨᠴᠠᠪ ᠬᠤᠳᠠ᠂ ᠬᠥᠬᠡᠬᠣᠲᠠ᠎ᠪᠠᠷ ᠭᠦᠨᠵᠡᠭᠡᠢᠷᠡᠵᠦ᠂ ᠪᠠᠢᠭᠤᠯᠭ᠎ᠠ᠂ ᠠᠵᠤ ᠠᠬᠤᠢᠯᠠᠯ᠂ ᠵᠡᠭᠡᠯᠢ ᠭᠤᠳᠤᠮᠵᠢᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠺᠠᠳ᠋ᠷ ᠪᠣᠯᠤᠨ ᠦᠨᠳᠦᠰᠦᠨ ᠱᠠᠲᠤᠨ᠎ᠤ ᠤᠯᠠᠨ ᠲᠦᠮᠡᠨ᠎ᠲᠡᠶ ᠶᠠᠷᠢᠯᠴᠠᠬᠤᠬᠤᠷᠠᠯ ᠬᠢᠵᠦ᠍᠂ 《ᠨᠢᠭᠡ᠎ᠶᠢ ᠨᠢᠭᠡ ᠲᠠᠢ ᠬᠠᠷᠠᠭᠠᠯᠵᠠᠭᠤᠯᠵᠤ》 ᠰᠤᠷᠪᠤᠯᠵᠢᠯᠠᠨ ᠶᠠᠷᠢᠯᠴᠠᠬᠤᠪᠠ ᠰᠤᠭᠤᠴᠢᠨ ᠱᠢᠯᠭᠠᠨ ᠦᠨᠡᠯᠡᠵᠦ᠍᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠂ ᠦᠨᠳᠦᠰᠦᠨ ᠱᠠᠲᠤᠨ᠎ᠤ ᠤᠯᠠᠨᠲᠦᠮᠡᠨ᠎ᠦ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠢ ᠲᠤᠰᠭᠠᠯ ᠦᠨᠡᠯᠡᠯᠲᠡ ᠪᠣᠯᠤᠨ ᠰᠠᠨᠠᠯᠰᠠᠨᠠᠭᠤᠯᠭ᠎ᠠ᠎ᠶ᠋ᠢ ᠰᠣᠨᠣᠰᠴᠤ᠌᠂ ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨᠪᠠᠢᠳᠠᠯ ᠪᠣᠯᠤᠨ ᠪᠣᠳᠠᠲᠠᠢ ᠦᠷ᠎ᠡ ᠪᠦᠲᠦᠮᠵᠢ᠎ᠶ᠋ᠢ ᠭᠦᠨᠵᠡᠭᠡᠢ ᠣᠢᠯᠠᠭᠠᠪᠠ᠃ ᠵᠢᠯᠣᠭᠣᠳᠭᠤ ᠳᠤᠭᠤᠢᠯᠠᠩ ᠡᠴᠡᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ ᠪᠣᠯᠤᠨᠣᠯᠤᠭ᠍ᠰᠠᠨ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢᠥᠷᠨᠢᠭᠦᠯᠦᠭ᠌ᠰᠡᠨ᠎ᠡᠴᠡ ᠨᠠᠭᠠᠰᠢ᠂ ᠮᠠᠨ᠎ᠤ ᠣᠷᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠨᠠᠷᠢᠨᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ ᠳᠡᠭᠡᠳᠦ ᠪᠠᠢᠷᠢ᠎ᠡᠴᠡ ᠠᠬᠢᠭᠤᠯᠬᠤ᠎ᠶ᠋ᠢ ᠴᠢᠬᠤᠯᠠᠴᠢᠯᠠᠵᠤ᠂ ᠤᠨᠤᠯ᠎ᠢᠶᠠᠷᠵᠡᠪᠰᠡᠭ᠌ᠯᠡᠬᠦ᠌᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠤᠬᠠᠭᠤᠯᠤᠨ ᠲᠠᠢᠯᠪᠤᠷᠢᠯᠠᠬᠤ᠎ᠳᠤ ᠱᠢᠨ᠎ᠡᠠᠮᠵᠢᠯᠲᠠ ᠭᠠᠷᠭᠠᠵᠤ᠂ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ᠦᠭᠬᠦ》ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨᠪᠣᠳᠠᠲᠠᠢᠵᠢᠭᠤᠯᠵᠤ᠂ ᠨᠠᠮ᠎ᠤᠨ ᠭᠡᠱᠢᠭᠦᠨ ᠺᠠᠳ᠋ᠷ᠎ᠤᠨ ᠨᠠᠮᠴᠢ ᠴᠢᠨᠠᠷ᠎ᠤᠨ ᠪᠣᠯᠪᠠᠰᠤᠷᠠᠯ ᠦᠷᠭᠦᠯᠵᠢᠯᠡᠨ ᠴᠢᠩᠭᠠᠷᠠᠵᠤ᠂ᠡᠯ᠎ᠡ ᠵᠦᠢᠯ᠎ᠦᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯᠢᠯᠡᠳᠲᠡ ᠦᠷ᠎ᠡ ᠪᠦᠲᠦᠮᠵᠢ ᠤᠯᠵᠠᠢ ᠭᠡᠵᠦ᠍ ᠦᠵᠡᠪᠡ᠃ ᠵᠢᠯᠣᠭᠣᠳᠭᠤ ᠳᠤᠭᠤᠢᠯᠠᠩ᠎ᠡᠴᠡ᠂ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠭᠦᠨᠵᠡᠭᠡᠢᠷᠡᠭᠦᠯᠦᠨ ᠥᠷᠭᠡᠳᠭᠡᠵᠦ᠍᠂ᠨᠠᠮ᠎ᠤᠨ ᠭᠡᠱᠢᠭᠦᠨ ᠺᠠᠳ᠋ᠷ᠂ ᠦᠨᠳᠦᠰᠦᠨ ᠱᠠᠲᠤᠨ᠎ᠤ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠨᠠᠮ᠎ᠤᠨ ᠲᠡᠦᠬᠡ᠎ᠶ᠋ᠢᠨᠬᠥᠭ᠌ᠵᠢᠯᠲᠡ᠎ᠶ᠋ᠢᠨ ᠭᠤᠤᠯ ᠰᠡᠳᠦᠪ ᠭᠤᠤᠯ ᠱᠢᠵᠢᠮ᠂ ᠭᠤᠤᠯ ᠤᠷᠤᠰᠭᠠᠯ᠎ᠤᠨ ᠮᠥᠨ ᠴᠢᠨᠠᠷ᠎ᠢ ᠣᠨᠣᠪᠴᠢᠲᠠᠶ ᠡᠵᠡᠮᠱᠢᠭᠦᠯᠵᠦ᠍᠂ᠲᠡᠦᠬᠡ᠎ᠶ᠋ᠢ ᠰᠤᠷᠤᠯᠴᠠᠵᠤ ᠶᠣᠰᠣ ᠤᠴᠢᠷ᠎ᠢ ᠤᠢᠯᠠᠭᠠᠬᠤ᠂ ᠲᠡᠦᠬᠡ᠎ᠶ᠋ᠢ ᠰᠤᠷᠤᠯᠴᠠᠵᠤ ᠢᠳᠡᠭᠡᠯ ᠵᠢᠡᠨ ᠨᠡᠮᠡᠭ᠌ᠳᠡᠭᠦᠯᠬᠦ᠌᠂ ᠲᠡᠦᠬᠡ ᠵᠢ ᠰᠤᠷᠤᠯᠴᠠᠵᠤ ᠶᠣᠰᠣ ᠰᠤᠷᠳᠠᠬᠤᠨᠢ᠋ ᠡᠷᠬᠢᠮᠯᠡᠬᠦ᠌᠂ ᠲᠡᠦᠬᠡ ᠵᠢ ᠰᠤᠷᠤᠯᠴᠠᠵᠤ ᠴᠢᠷᠮᠠᠢᠨ ᠦᠢᠯᠡᠳᠦᠯᠭᠡᠵᠢᠭᠦᠯᠬᠦ ᠬᠡᠷᠡᠭ᠌ᠲᠡᠶ᠃ ᠨᠠᠮ᠎ᠤᠨ ᠲᠡᠦᠬᠡ᠎ᠶ᠋ᠢᠨᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶᠰᠤᠷᠤᠯᠴᠠᠨ ᠣᠢᠯᠠᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ ᠠᠵᠢᠯ᠎ᠢᠰᠠᠢᠲᠤᠷ ᠬᠢᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠳᠤᠮᠳᠠᠬᠢ ᠱᠢᠨ᠎ᠡ᠎ᠶ᠋ᠢ ᠡᠭᠦᠳᠦᠭ᠌ᠰᠡᠨᠠᠷᠭ᠎ᠠ ᠬᠢᠳᠡᠯ ᠪᠣᠯᠤᠨ ᠨᠡᠢᠲᠡᠯᠢᠭ ᠲᠤᠷᠱᠢᠯᠭ᠎ᠠ᠎ᠶ᠋ᠢ ᠪᠣᠯᠪᠠᠰᠤᠷᠠᠭᠤᠯᠵᠤ᠂ ᠬᠤᠷᠢᠶᠠᠩᠭᠤᠢᠯᠠᠨ ᠳ᠋ᠦᠩᠨᠡᠵᠦ᠍᠂ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠪᠠᠢ᠌ᠩᠭᠤᠵᠢᠭ᠍ᠰᠠᠨ᠂ ᠣᠷᠳᠣ ᠬᠤᠭᠤᠴᠠᠭᠠᠨ᠎ᠤ ᠪᠦᠲᠦᠮᠵᠢᠲᠡᠶᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠬᠤ ᠬᠡᠷᠡᠭ᠌ᠲᠡᠶ᠃ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨᠬᠤᠷᠠᠯ᠎ᠢ ᠨᠠᠷᠢᠨ ᠬᠢᠨᠠᠮᠠᠭᠠᠶ ᠵᠣᠬᠢᠶᠠᠨ ᠪᠠᠢᠭᠤᠯᠤᠨ ᠬᠤᠷᠠᠯᠳᠤᠭᠤᠯᠵᠤ᠂ ᠴᠢᠨᠠᠷ ᠰᠠᠢᠲᠠᠶ᠂ ᠥᠨᠳᠥᠷ ᠲᠦᠪᠱᠢᠨ᠎ᠢᠶᠡᠷᠴᠢᠷᠮᠠᠢᠨ ᠬᠤᠷᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢᠲᠠᠰᠤᠷᠠᠯᠲᠠ ᠥᠬᠡᠶ ᠪᠡᠷ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠦᠨᠡᠨ ᠬᠦ᠌ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面