2022-03-01 11:16:46
ᠤᠢᠷ᠎ᠠ ᠵᠢᠨ ᠡᠳᠦᠷ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ ᠵᠢᠡᠨ ᠪᠥᠬᠥ᠌ ᠲᠠᠯ᠎ᠠ᠎ᠪᠠᠷ ᠳ᠋ᠦᠩᠨᠡᠵᠦ᠍᠂ ᠡᠨᠡ ᠵᠢᠯ᠎ᠦᠨ ᠨᠠᠮ᠎ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠲᠣᠬᠢᠷᠠᠭᠤᠯᠤᠨ ᠪᠠᠢᠷᠢᠯᠠᠭᠤᠯᠪᠠ᠃
ᠬᠤᠷᠠᠯ᠎ᠠᠴᠠ᠂ 2021 ᠣᠨ᠎ᠳᠤ ᠬᠦᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳᠠᠢᠴᠢᠯᠠᠯᠲᠠ᠎ᠶ᠋ᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠶ᠋ᠢ ᠡᠷᠡᠰ ᠲᠤᠭᠤᠱᠢᠯᠠᠭᠤᠯᠵᠦ᠂ 《ᠲᠡᠦᠬᠡ ᠵᠢ ᠰᠤᠷᠤᠯᠴᠠᠵᠤ ᠶᠣᠰᠣ ᠤᠴᠢᠷ ᠢ᠋ ᠮᠡᠳᠡᠬᠦ᠂ ᠲᠡᠦᠬᠡ ᠵᠢ ᠰᠤᠷᠤᠯᠴᠠᠵᠤ ᠢᠲᠡᠭᠡᠯ ᠵᠢᠡᠨ ᠨᠡᠮᠡᠭ᠌ᠳᠡᠬᠦᠯᠬᠦ᠂ ᠲᠡᠦᠬᠡ ᠵᠢ ᠰᠤᠷᠤᠯᠴᠠᠵᠤ ᠶᠤᠰᠤ ᠰᠤᠷᠳᠠᠬᠤᠨᠢ᠋ ᠲᠡᠭᠡᠳᠦᠯᠡᠬᠦ᠂ ᠲᠡᠦᠬᠡ ᠵᠢ ᠰᠤᠷᠤᠯᠴᠠᠵᠤ ᠦᠢᠯᠡᠳᠦᠯᠭᠡᠵᠢᠬᠦᠯᠬᠦ ᠪᠡᠷ ᠬᠦᠴᠦᠯᠡᠨ ᠴᠢᠷᠮᠠᠢᠬᠤ》 ᠶᠡᠷᠦᠩᠬᠡᠶ ᠱᠠᠭᠠᠷᠳᠠᠯᠭ᠎ᠠ ᠶᠤᠰᠤᠭᠠᠷ᠂ ᠨᠠᠮ᠎ᠤᠨ ᠶᠡᠷᠦᠩᠬᠡᠶ ᠡᠭᠦᠷ ᠨᠠᠷᠢᠨ ᠨᠢᠮᠪᠠᠶ ᠵᠣᠬᠢᠶᠠᠨ ᠪᠠᠢᠭᠤᠯᠤᠨ ᠬᠡᠷᠡᠭ᠌ᠵᠢᠭᠦᠯᠵᠦ᠂ ᠨᠠᠮ᠎ᠤᠨ ᠭᠡᠱᠢᠭᠦᠨ ᠺᠠᠳ᠋ᠷᠴᠤᠳ ᠢᠳᠡᠪᠬᠢᠳᠡᠢ ᠣᠷᠣᠯᠴᠠᠵᠤ᠂ 《ᠨᠠᠮ᠎ᠤᠨ ᠲᠡᠦᠬᠡ᠎ᠶ᠋ᠢ ᠰᠤᠷᠤᠯᠴᠠᠬᠤ》ᠳᠤᠮᠳᠠ ᠨᠠᠮᠴᠢ ᠴᠢᠨᠠᠷ ᠵᠢᠡᠨ ᠳᠠᠪᠲᠠᠨ ᠪᠣᠯᠪᠠᠰᠤᠷᠠᠭᠤᠯᠵᠦ᠂《ᠦᠵᠡᠯ ᠰᠠᠨᠠᠭ᠎ᠠ᠎ᠶ᠋ᠢ ᠤᠢᠯᠠᠭᠠᠬᠤ》 ᠳᠤᠮᠳᠠ ᠦᠨᠡᠨ ᠶᠣᠰᠣᠨ᠎ᠤ ᠬᠦᠴᠦᠨ᠎ᠢ ᠱᠢᠩᠭᠡᠭᠡᠵᠤ᠂ 《ᠪᠣᠳᠠᠲᠤ ᠶᠠᠪᠤᠳᠠᠯ ᠬᠢᠬᠦ᠌》 ᠳᠤᠮᠳᠠ ᠠᠷᠠᠳ᠎ᠤᠨ ᠲᠥᠯᠥᠭᠡ ᠭᠡᠬᠦ᠌ᠵᠣᠷᠢᠯᠲᠠᠶ᠋ᠢᠦᠶ᠋ᠯᠡᠳᠦᠯᠭᠡᠵᠢᠭᠦᠯᠵᠦ᠂《ᠱᠢᠨ᠎ᠡ ᠪᠠᠢᠳᠠᠯ᠎ᠢ ᠨᠡᠭᠡᠭᠡᠬᠦ᠌》ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠦ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶ᠋ᠢ ᠠᠬᠢᠭᠤᠯᠵᠠᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠵᠢᠯ ᠪᠣᠯᠤᠨ᠎ᠠ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ ᠨᠠᠮ ᠤᠨ ᠲᠡᠦᠬᠡ ᠶ᠋ᠢ ᠰᠠᠢᠲᠤᠷ ᠰᠤᠷᠤᠯᠴᠠᠬᠤ᠂ ᠨᠠᠮ᠎ᠤᠨ ᠲᠡᠦᠬᠡ᠎ᠶ᠋ᠢ ᠰᠠᠢᠲᠤᠷ ᠬᠡᠷᠡᠭ᠌ᠯᠡᠬᠦ᠌᠎ᠶ᠋ᠢ ᠤᠷᠳᠤ ᠬᠤᠭᠤᠴᠠᠭᠠᠨ᠎ᠤ ᠴᠢᠨᠠᠷᠲᠠᠢ ᠡᠭᠦᠷᠭᠡ ᠪᠣᠯᠭᠠᠨ ᠰᠠᠢᠲᠤᠷ ᠪᠣᠳᠠᠲᠠᠢ ᠠᠳᠭᠤᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠦᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠢ᠃ ᠣᠷᠣᠨ᠎ᠤ ᠲᠥᠪ᠎ᠦᠨ ᠬᠥᠭ᠌ᠵᠢᠯᠲᠡ ᠶ᠋ᠢᠨ ᠪᠠᠢᠷᠢ ᠲᠣᠭ᠍ᠲᠠᠭᠠᠯᠲᠠ ᠶ᠋ᠢ ᠣᠨᠣᠪᠴᠢᠲᠠᠶ ᠡᠵᠡᠮᠳᠡᠵᠦ᠂ ᠲᠣᠭ᠍ᠲᠠᠭᠤᠨ ᠪᠠᠢᠳᠠᠯ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠂ ᠬᠦᠨᠳᠦ ᠶᠡᠬᠡ ᠠᠶᠤᠯ ᠲᠦᠭ᠌ᠰᠢᠭᠦᠷᠢ ᠶ᠋ᠢ ᠰᠡᠷᠭᠡᠢᠯᠡᠨ ᠠᠷᠢᠯᠭᠠᠬᠤ ᠡᠯ᠎ᠡ ᠵᠦᠢᠯ ᠦᠨ ᠠᠵᠢᠯ ᠢ ᠰᠠᠢᠲᠤᠷ ᠠᠳᠭᠤᠵᠦ᠂ ᠠᠮᠤᠭᠤᠯᠠᠩᠳᠤ ᠲᠥᠪ ᠬᠣᠲᠠ ᠶ᠋ᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠦ᠂ ᠲᠣᠭ᠍ᠲᠠᠭᠤᠨ ᠡᠷᠡᠭᠦᠯ ᠠᠵᠤ ᠠᠬᠤᠶ ᠶ᠋ᠢᠨ ᠣᠷᠴᠢᠨ ᠲᠣᠭᠣᠷᠢᠨ᠂ ᠠᠮᠤᠷ ᠲᠦᠪᠱᠢᠨ ᠡᠶ᠎ᠡ ᠵᠣᠬᠢᠴᠠᠩᠭᠤᠢ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠣᠷᠴᠢᠨ ᠲᠣᠭᠣᠷᠢᠨ᠂ ᠲᠥᠪ ᠭᠣᠣᠯᠴᠢ ᠱᠢᠳᠤᠷᠭᠤ ᠶᠣᠰᠣᠨ ᠤ ᠬᠠᠤᠯᠢᠵᠢᠯ ᠤ᠋ᠨ ᠣᠷᠴᠢᠨ ᠲᠤᠭᠤᠷᠢᠨ᠎ᠢ ᠪᠦᠬᠦ ᠬᠦᠴᠦᠨ ᠵᠢᠡᠷ ᠵᠢᠡᠨ ᠪᠤᠢ ᠪᠤᠯᠭᠠᠵᠤ᠂ ᠣᠷᠣᠨ ᠤ ᠲᠥᠪ ᠦᠨ ᠴᠢᠨᠠᠷ ᠰᠠᠢᠲᠠᠶ ᠬᠥᠭ᠌ᠵᠢᠯᠲᠡ᠎ᠶ᠋ᠢ ᠤᠷᠢᠳ᠎ᠢᠶᠠᠷ ᠪᠡᠶᠡᠯᠡᠭᠦᠯᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ ᠶ᠋ᠢ ᠪᠠᠲᠤᠯᠠᠬᠤ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃