ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠮᠡᠳᠡᠭᠡᠯᠡᠯ

2022-05-23 09:24:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶᠠᠨ᠎ᠤ ᠪᠡᠭᠡᠵᠢᠩ᠎ᠦᠨ 5 ᠰᠠᠷ᠎ᠠ᠎ᠶ᠋ᠢᠨ21ᠤ᠋ᠴᠠᠬᠢᠯᠭᠠᠨ ᠮᠡᠳᠡᠭᠡ ᠲᠥᠪ᠎ᠦᠨ ᠴᠡᠷᠢᠭ᠎ᠦᠨ ᠶᠠᠪᠤᠳᠠᠯ᠎ᠤᠨᠬᠣᠷᠢᠶᠠᠨ᠎ᠤ ᠵᠥᠪᠱᠢᠶᠡᠷᠡᠯ᠎ᠢᠶᠡᠷ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠴᠡᠷᠢᠭ ᠠᠩᠭᠢ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨᠣᠷᠳᠣ ᠬᠤᠭᠤᠴᠠᠭ᠎ᠠ ᠪᠦᠳᠦᠮᠵᠢᠳᠡᠢ ᠪᠠᠢᠬᠤ᠎ᠶ᠋ᠢ ᠠᠬᠢᠭᠤᠯᠬᠤ ᠲᠤᠬᠠᠶ ᠰᠠᠨᠠᠯ》 ᠢ᠋ ᠳᠠᠷᠤᠮᠠᠯᠯᠠᠨ ᠲᠠᠷᠬᠠᠭᠠᠪᠠ᠃

《ᠰᠠᠨᠠᠯ》 ᠳ᠋ᠤ᠂ ᠨᠠᠮ᠎ᠤᠨ ᠲᠡᠦᠬᠡ᠎ᠶ᠋ᠢ ᠵᠠᠪᠠᠯᠰᠤᠷᠬᠤ ᠬᠢᠴᠢᠶᠡᠯ᠂ ᠪᠠᠢᠩᠭᠤ ᠰᠤᠷᠬᠤ ᠬᠢᠴᠢᠶᠡᠯ ᠪᠣᠯᠭᠠᠵᠤ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠬᠤ ᠳᠡᠭᠡᠷ᠎ᠡᠬᠦᠴᠦ᠍ ᠲᠠᠯᠪᠢᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠬᠡᠷᠡᠯ ᠰᠠᠴᠤᠷᠠᠩᠭᠤᠶ ᠥᠩᠭᠡᠷᠡᠯᠲᠡ᠎ᠶ᠋ᠢ ᠰᠤᠷᠤᠯᠴᠠᠨᠡᠵᠡᠮᠰᠢᠵᠦ ᠨᠡᠪᠲᠡᠷᠡᠲᠡᠯ᠎ᠡ ᠣᠢᠯᠠᠭᠠᠵᠤ᠂ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠬᠤᠡᠷᠡᠰ ᠪᠠᠲᠤ ᠲᠡᠮᠡᠴᠡᠯ᠎ᠢ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠢᠯᠠᠭᠠᠵᠤ᠂ ᠨᠠᠮ᠎ᠤᠨ ᠵᠠᠭᠤᠨ ᠵᠢᠯ᠎ᠦᠨᠲᠡᠮᠡᠴᠡᠯ᠎ᠦᠨ ᠲᠡᠦᠬᠡᠲᠦ ᠠᠴᠢ ᠬᠣᠯᠪᠣᠭ᠍ᠳᠠᠯ ᠪᠠ ᠲᠡᠦᠬᠡᠨ ᠲᠤᠷᠱᠢᠯᠭ᠎ᠠ᠎ᠶ᠋ᠢ ᠰᠤᠷᠤᠯᠴᠠᠨ ᠡᠵᠡᠮᠰᠢᠵᠦ ᠨᠡᠪᠲᠡᠷᠡᠲᠡᠯ᠎ᠡᠣᠢᠯᠠᠭᠠᠵᠤ᠂ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠬᠦ᠌ ᠴᠢᠬᠤᠯᠠ ᠱᠠᠭᠠᠷᠳᠠᠯᠭ᠎ᠠ᠎ᠶ᠋ᠢᠰᠤᠷᠤᠯᠴᠠᠨ ᠡᠵᠡᠮᠰᠢᠵᠦ᠂ ᠣᠶᠤᠨ ᠤᠬᠠᠭᠠᠨ᠎ᠢᠶᠠᠨ ᠳᠡᠭᠡᠭᠰᠢᠯᠡᠭᠦᠯᠬᠦ᠌᠂ ᠪᠦᠯᠬᠦᠮᠳᠡᠯ᠎ᠢᠶᠡᠨ ᠴᠢᠩᠭᠠᠳᠭᠠᠬᠤ᠂ᠢᠲᠡᠭᠡᠯ ᠵᠣᠷᠢᠭ᠎ᠢᠶᠠᠨ ᠨᠡᠮᠡᠭ᠌ᠳᠡᠭᠦᠯᠬᠦ᠌᠂ ᠲᠡᠮᠡᠴᠡᠯ᠎ᠦᠨ ᠵᠣᠷᠢᠭ᠎ᠢᠶᠠᠨ ᠴᠢᠨᠭᠭᠠᠷᠠᠭᠤᠯᠬᠤ ᠲᠡᠬᠡᠷ᠎ᠡ ᠨᠠᠩᠰᠠᠢᠳᠤᠷ ᠬᠡᠷᠡᠭ᠌ᠯᠡᠬᠦ᠌ ᠬᠡᠷᠡᠭ᠌ᠲᠡᠶ᠃ ᠨᠠᠮ᠎ᠤᠨ ᠲᠡᠦᠬᠡ᠎ᠶ᠋ᠢ ᠰᠤᠷᠤᠯᠴᠠᠬᠤ ᠪᠠ ᠦᠵᠡᠯ ᠰᠠᠨᠠᠭ᠎ᠠ᠎ᠪᠠᠨ ᠰᠡᠬᠡᠬᠡᠷᠡᠬᠦᠯᠬᠦᠵᠢ ᠨᠢᠭᠡᠳᠭᠡᠬᠦ᠌᠎ᠶ᠋ᠢ ᠠᠬᠢᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠬᠤ ᠳᠡᠭᠡᠷ᠎ᠡ ᠬᠦᠴᠦ᠍ ᠲᠠᠯᠪᠢᠵᠤ᠂ ᠰᠢ ᠵᠢᠨᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠣᠣᠯᠳᠠᠯᠭ᠎ᠠ᠎ᠲᠠᠶ ᠰᠠᠢᠲᠤᠷ ᠰᠤᠷᠤᠯᠴᠠᠵᠤ᠂ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠤᠨᠤᠯ᠎ᠤᠨ ᠬᠡᠪ ᠪᠣᠯᠪᠠᠰᠤᠷᠠᠯ᠎ᠢᠶᠠᠨ ᠴᠢᠩᠭᠠᠳᠭᠠᠵᠤ᠂ ᠡᠷᠳᠡᠮᠴᠢᠳᠠᠪᠤᠷᠢ᠎ᠶ᠋ᠢ ᠡᠵᠡᠮᠱᠢᠬᠦ᠌ ᠬᠡᠷᠡᠭ᠌ᠲᠡᠢ᠃ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠬᠦ᠌᠎ᠶ᠋ᠢᠳᠣᠪᠣᠢᠯᠭᠠᠵᠤ᠂ 《ᠬᠣᠶᠠᠷ᠎ᠢ ᠲᠣᠭ᠍ᠲᠠᠭᠠᠭᠰᠠᠨ》 ᠱᠢᠶ᠋ᠳᠪᠦᠷᠢᠯᠡᠬᠦ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠬᠤ᠂ ᠴᠡᠷᠢᠭ᠎ᠦᠨ ᠶᠠᠪᠤᠳᠠᠯ᠎ᠤᠨᠬᠣᠷᠢᠶᠠᠨ᠎ᠤ ᠲᠡᠷᠢᠭᠦᠯᠡᠭ᠌ᠴᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠭᠦᠨᠵᠡᠭᠡᠶ ᠲᠤᠭᠤᠱᠢᠯᠠᠭᠤᠯᠬᠤ ᠳᠡᠭᠡᠷ᠎ᠡᠬᠦᠴᠦ᠍ ᠲᠠᠯᠪᠢᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ᠤᠯᠤᠰ ᠲᠥᠷᠥ᠎ᠶ᠋ᠢᠨ ᠬᠦᠢᠴᠡᠳᠬᠡᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠨᠠᠮ ᠪᠠᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷᠪᠠᠳᠠᠷᠠᠭᠤᠯᠵᠤ᠂ ᠬᠤᠪᠢᠰᠭᠠᠯᠲᠤ᠎ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠵᠤ᠂ ᠴᠡᠷᠢᠭ᠎ᠢ ᠬᠦᠴᠦᠷᠬᠡᠭ᠌ᠵᠢᠭᠦᠯᠬᠦ᠌ᠢᠯᠠᠯᠲᠠ᠎ᠶ᠋ᠢ ᠤᠯᠬᠤ᠎ᠪᠠᠷ ᠵᠣᠷᠢᠭ ᠱᠢᠭᠤᠳᠭᠤ ᠳᠡᠭᠡᠷ᠎ᠡ ᠬᠦᠴᠦ᠍ ᠲᠠᠯᠪᠢᠵᠤ᠂ ᠮᠠᠨ᠎ᠤ ᠨᠠᠮ ᠮᠠᠨ᠎ᠤ ᠴᠡᠷᠢᠭ᠎ᠦᠨᠢᠷᠠᠭᠤ ᠠᠯᠳᠠᠷᠲᠤ ᠤᠯᠠᠮᠵᠢᠯᠠᠯ᠎ᠢ ᠵᠠᠯᠭᠠᠮᠵᠢᠯᠠᠵᠤ᠂ ᠵᠣᠷᠢᠭ᠍ᠲᠠᠢ᠎ᠪᠠᠷ ᠪᠠᠢᠯᠳᠤᠵᠤ ᠵᠠᠪᠠᠯ ᠢᠯᠠᠯᠲᠠ ᠤᠯᠬᠤᠢᠲᠡᠭᠡᠯ ᠵᠣᠷᠢᠭ᠎ᠢᠶᠠᠨ ᠴᠢᠩᠭᠠᠳᠭᠠᠵᠤ᠂ ᠡᠷᠡᠮᠡᠬᠡᠢᠯᠡᠨ ᠲᠡᠮᠡᠴᠡᠬᠦ᠌᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤᠱᠢᠯᠢᠳᠡᠭ ᠰᠤᠷᠲᠠᠯ᠎ᠢ ᠪᠠᠲᠤᠯᠠᠵᠤ᠂ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ᠳᠠᠷᠤᠭ᠎ᠠ ᠪᠠᠢᠯᠳᠤᠭ᠍ᠴᠢᠳ᠎ᠤᠨ ᠬᠦᠴᠢᠷ ᠠᠰᠠᠭᠤᠳᠠᠯ᠎ᠢ ᠦᠨᠡᠨ ᠰᠡᠳᠭᠢᠯ ᠪᠦᠬᠦ᠌ ᠬᠦᠴᠦᠨ᠎ᠢᠶᠡᠷ᠎ᠢᠶᠡᠨ ᠱᠢᠢᠳᠪᠦᠷᠢᠯᠡᠵᠦ᠍ᠪᠣᠳᠠᠲᠠᠢ ᠶᠠᠪᠤᠳᠠᠯ ᠬᠢᠬᠦ᠌ ᠬᠡᠷᠡᠭ᠌ᠲᠡᠢ᠃ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠡᠷᠡᠰ ᠠᠬᠢᠭᠤᠯᠵᠤ᠂ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠪᠦᠬᠦ᠌ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ ᠳᠡᠭᠡᠷ᠎ᠡᠬᠦᠴᠦ᠍ ᠲᠠᠯᠪᠢᠵᠤ᠂ ᠬᠠᠤᠯᠢ ᠶᠣᠰᠣᠭᠠᠷ ᠴᠡᠷᠢᠭ᠎ᠢ ᠵᠠᠰᠠᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠰᠤᠷᠲᠠᠯ᠎ᠢᠵᠠᠯᠠᠷᠠᠭᠤᠯᠵᠤ ᠭᠡᠮ ᠰᠣᠭᠣᠭ᠎ᠢ ᠵᠠᠰᠠᠬᠤ᠎ᠶ᠋ᠢ ᠴᠥᠬᠥᠷᠡᠰᠢ ᠦᠭᠡᠢ ᠪᠠᠷᠢᠮᠲᠠᠯᠠᠬᠤ ᠬᠡᠷᠡᠭ᠌ᠲᠡᠢ ᠭᠡᠵᠦ ᠵᠢᠭᠠᠵᠤᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面