2022-08-09 16:43:35
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠲᠤᠯᠭᠤᠷ ᠪᠢᠴᠢᠭ᠎ᠦᠨ ᠡᠮᠬᠢᠳᠭᠡᠯ 》 ᠤ᠋ᠨ ᠲᠦᠷᠦᠭᠦᠦ ᠪᠦᠯᠦᠭ᠎ᠦᠨ ᠠᠷᠪᠠᠨ ᠬᠣᠶᠠᠷ ᠪᠤᠳᠢ᠎ᠶ᠋ᠢ ᠬᠡᠪᠯᠡᠨ ᠲᠠᠷᠬᠠᠭᠠᠪᠠ
ᠱᠢᠨᠬᠤᠸᠠ ᠬᠣᠷᠢᠶᠠᠨ᠎ᠤ ᠪᠡᠭᠡᠵᠢᠩ᠎ᠦᠨ 8 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠂ ᠲᠥᠪ᠎ᠦᠨ ᠲᠠᠩᠰᠠ ᠡᠪᠬᠡᠮᠡᠯ᠎ᠦᠨ ᠣᠷᠳᠣᠨ᠎ᠡᠴᠡ ᠬᠠᠮᠲᠤᠷᠠᠨ ᠨᠠᠢᠷᠠᠭᠤᠯᠤᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠲᠤᠯᠭᠤᠷ ᠪᠢᠴᠢᠭ᠎ᠦᠨ ᠡᠮᠬᠢᠳᠭᠡᠯ》᠎ᠤ᠋ᠨ ᠲᠦᠷᠦᠭᠦᠦ ᠪᠦᠯᠦᠭ ᠲᠤᠯᠭᠤᠷ ᠪᠢᠴᠢᠭ᠎ᠦᠨ ᠡᠮᠬᠢᠳᠭᠡᠯᠢ ᠣᠢᠷ᠎ᠠ᠎ᠳᠤ ᠠᠷᠠᠳ᠎ᠤᠨ ᠬᠡᠪᠯᠡᠯ᠎ᠦᠨ ᠬᠣᠷᠢᠶ᠎ᠠ᠎ᠡᠴᠡ ᠬᠡᠪᠯᠡᠬᠦᠯᠤᠨ ᠲᠠᠷᠬᠠᠭᠠᠪᠠ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠲᠤᠯᠭᠤᠷ ᠪᠢᠴᠢᠭ᠎ᠦᠨ ᠡᠮᠬᠢᠳᠭᠡᠯ》ᠪᠣᠯ ᠨᠠᠮ᠎ᠤᠨ ᠲᠡᠦᠬᠡ᠎ᠶ᠋ᠢ ᠰᠤᠷᠤᠯᠴᠠᠨ ᠰᠤᠳᠤᠯᠬᠤ ᠨᠢᠭᠡᠨ ᠢᠵᠢ ᠡᠷᠬᠡ ᠰᠦᠷᠲᠦ ᠲᠤᠯᠭᠤᠷ ᠪᠢᠴᠢᠭ᠎ᠦᠨ ᠮᠠᠲ᠋ᠧᠷᠢᠶᠠᠯ᠎ᠤᠨ ᠲᠡᠬᠦᠪᠤᠷᠢ ᠮᠥᠨ᠃ ᠡᠨᠡ ᠤᠳᠠᠭ᠎ᠠ᠎ᠶ᠋ᠢᠨ ᠬᠡᠪᠯᠡᠭᠦᠯᠦᠭ᠌ᠰᠡᠨ ᠲᠦᠷᠦᠬᠦᠤ ᠪᠦᠯᠦᠭ ᠲᠤᠯᠭᠤᠷ ᠪᠢᠴᠢᠭ᠎ᠦᠨ ᠲᠡᠭᠦᠪᠦᠷᠢ᠎ᠳᠦ ᠭᠣᠣᠯᠳᠠᠭᠤ 1921 ᠣᠨ᠎ᠡᠴᠡ 1927 ᠣᠨ ᠪᠣᠯᠲᠠᠯᠠᠬᠢ ᠬᠤᠭᠤᠴᠠᠭᠠᠨ᠎ᠳᠠᠬᠢ ᠨᠠᠮ᠎ᠤᠨ ᠴᠢᠬᠤᠯᠠ ᠲᠤᠯᠭᠤᠷ ᠪᠢᠴᠢᠭ᠎ᠢ ᠪᠠᠭ᠍ᠲᠠᠭᠠᠵᠤ᠂ ᠨᠡᠢ᠌ᠳᠡ 12 ᠪᠤᠳᠢ᠂ 430 ᠭᠠᠷᠤᠶ ᠲᠦᠮᠡᠨ ᠦᠰᠦᠭ᠎ᠲᠡᠶ᠂ ᠨᠠᠮ ᠪᠠᠢᠭᠤᠯᠤᠭ᠍ᠳᠠᠬᠤ᠎ᠡᠴᠡ ᠡᠮᠦᠨ᠎ᠡ ᠪᠦᠷᠢᠯᠳᠦᠭ᠌ᠰᠡᠨ ᠨᠢᠭᠡ ᠪᠦᠯᠦᠭ ᠴᠢᠬᠤᠯᠠ ᠲᠤᠯᠭᠤᠷ ᠪᠢᠴᠢᠭ᠎ᠢ 《ᠲᠠᠭᠠᠯᠳᠠ ᠡᠮᠬᠢᠳᠭᠡᠯ》ᠵᠢᠡᠷ 1 ᠳ᠋ᠤᠭᠡᠷ ᠪᠤᠳᠢ᠎ᠳᠤ ᠣᠷᠣᠭᠤᠯᠪᠠ᠃ ᠲᠦᠷᠦᠭᠦᠦ ᠪᠦᠯᠦᠭ ᠬᠡᠪᠯᠡᠭ᠌ᠳᠡᠭ᠌ᠰᠡᠨ ᠡᠳᠡᠭᠡᠷ ᠴᠢᠬᠤᠯᠠ ᠲᠤᠯᠭᠤᠷ ᠪᠢᠴᠢᠭ ᠨᠢ ᠮᠠᠷᠺᠰ᠎ᠤᠨ ᠦᠵᠡᠯ ᠳᠤᠮᠳᠠᠳᠤ ᠤᠯᠤᠰ᠎ᠲᠤ ᠤᠯᠠᠮᠵᠢᠯᠠᠭ᠍ᠳᠠᠭᠰᠠᠨᠦ ᠲᠠᠷᠠᠭ᠎ᠠ ᠳᠤᠮᠳᠠᠳᠤ ᠤᠯᠤᠰ᠎ᠤᠨ ᠨᠡᠢᠭᠡᠮ᠎ᠳᠦ ᠯᠤᠲᠤ ᠶᠡᠬᠡ ᠨᠥᠯᠥᠭᠡ ᠦᠵᠡᠭᠦᠯᠦᠭ᠌ᠰᠡᠨ᠎ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠤᠰᠭᠠᠪᠠ; ᠲᠡᠷᠢᠭᠦᠨ᠎ᠦ ᠳᠤᠮᠳᠠᠳᠤᠴᠤᠳ ᠱᠢᠨᠵᠢᠯᠡᠬᠦ᠌ ᠤᠬᠠᠭᠠᠨᠴᠢ ᠣᠨᠣᠯ᠎ᠢ ᠰᠣᠩᠭᠣᠵᠤ᠂ ᠮᠠᠷᠺᠰ᠎ᠤᠨ ᠦᠵᠡᠯ᠎ᠦᠨ ᠢᠲᠡᠭᠡᠯ ᠪᠢᠱᠢᠷᠡᠯ᠎ᠢ ᠲᠣᠭ᠍ᠲᠠᠭᠠᠭ᠍ᠰᠠᠨ ᠦᠵᠡᠯ ᠰᠠᠨᠠᠭᠠᠨ᠎ᠤ ᠰᠤᠳᠠᠰᠤ᠎ᠶ᠋ᠢ ᠲᠤᠰᠭᠠᠪᠠ; ᠡᠷᠲᠡ ᠦᠶ᠎ᠡ᠎ᠶ᠋ᠢᠨ ᠡᠪ ᠬᠠᠮᠲᠤᠴᠤᠳ ᠮᠠᠷᠺᠰ ᠯᠧᠨᠢᠨ᠎ᠦ ᠦᠵᠡᠯ᠎ᠦᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠬᠤᠪᠢᠰᠭᠠᠯ᠎ᠤᠨ ᠦᠨᠳᠦᠰᠦᠨ ᠠᠰᠠᠭᠤᠳᠠᠯ᠎ᠤᠨ ᠲᠤᠬᠠᠶ ᠪᠦᠲᠦᠭᠡᠯᠴᠢ ᠴᠢᠨᠠᠷᠲᠠᠶ ᠬᠠᠢᠨ ᠰᠦᠪᠡᠭ᠌ᠴᠢᠯᠡᠯᠳᠡ ᠬᠢᠭ᠌ᠰᠡᠨ ᠵᠢᠴᠢ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠬᠢᠭ᠌ᠰᠡᠨ ᠡᠷᠡᠯᠬᠡᠭ ᠪᠠᠭᠠᠲᠤᠷᠯᠢᠭ ᠲᠡᠮᠡᠴᠡᠯ᠎ᠢ ᠲᠤᠰᠭᠠᠪᠠ᠃ ᠡᠳᠡᠭᠡᠷ ᠴᠢᠬᠤᠯᠠ ᠲᠤᠯᠭᠤᠷ ᠪᠢᠴᠢᠭ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠡᠯᠡᠳᠭᠡᠨ ᠪᠠᠢᠭᠤᠯᠬᠤ ᠪᠠ ᠡᠭᠦᠳᠦᠨ ᠪᠠᠢᠭᠤᠯᠬᠤ ᠪᠡᠷᠬᠡ ᠬᠠᠲᠠᠭᠤᠵᠢᠯᠲᠠᠢ ᠵᠠᠮ᠎ᠢ ᠲᠣᠳᠣᠷᠬᠠᠢ ᠲᠡᠮᠳᠡᠭ᠌ᠯᠡᠵᠦ᠍᠂ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠭ᠍ᠰᠠᠨ ᠲᠡᠦᠬᠡᠨ ᠶᠠᠪᠤᠴᠠ ᠳᠤᠮᠳᠠ ᠡᠯ᠎ᠡ ᠵᠦᠢᠯ᠎ᠦᠨ ᠪᠤᠷᠤᠭᠤ ᠦᠵᠡᠯ ᠰᠠᠨᠠᠭᠠᠨ᠎ᠤ ᠤᠷᠤᠰᠭᠠᠯ᠎ᠲᠠᠶ ᠬᠤᠷᠴᠠ ᠱᠢᠷᠦᠭᠦᠨ ᠲᠡᠮᠡᠴᠡᠯᠳᠦᠭ᠌ᠰᠡᠨᠢ ᠲᠡᠮᠳᠡᠭ᠌ᠯᠡᠵᠦ᠍᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠪᠡᠨ ᠲᠣᠭ᠍ᠲᠠᠭᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠭ᠌ᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠲᠡᠮᠳᠡᠭ᠌ᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠡᠷ᠎ᠦᠨ ᠪᠡᠶ᠎ᠠ ᠳ᠋ᠡᠭᠡᠨ ᠠᠭᠤᠤ ᠶᠡᠬᠡ ᠬᠤᠪᠢᠰᠭᠠᠯᠬᠢᠬᠦ ᠪᠠᠷ ᠲᠠᠮᠵᠢᠨ ᠠᠭᠤᠤ ᠶᠡᠬᠡ ᠨᠡᠢᠭᠡᠮ᠎ᠦᠨ ᠬᠤᠪᠢᠰᠭᠠᠯ᠎ᠢ ᠲᠠᠰᠤᠷᠠᠯᠲᠠ ᠦᠭᠡᠢ ᠬᠦᠲᠦᠯᠦᠨ ᠳᠠᠭᠠᠭᠤᠯᠤᠭ᠍ᠰᠠᠨ ᠰᠦᠷ ᠳᠠᠯᠠᠢᠴᠠᠲᠠᠢ ᠲᠡᠦᠬᠡ᠎ᠶ᠋ᠢ ᠲᠡᠮᠳᠡᠭ᠌ᠯᠡᠵᠦ᠍᠂ ᠡᠭᠦᠨ᠎ᠦ ᠬᠠᠮᠲᠤ ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠯᠬᠤᠮ ᠠᠯᠬᠤᠮ᠎ᠢᠶᠠᠷ ᠪᠦᠷᠢᠯᠳᠦᠭᠦᠯᠦᠭ᠌ᠰᠡᠨ ᠪᠥᠭᠡᠳ ᠡᠷᠡᠰ ᠪᠠᠲᠤ ᠦᠢᠯᠡᠳᠦᠯᠭᠡᠵᠢᠭᠦᠯᠦᠭ᠌ᠰᠡᠨ ᠨᠠᠮ ᠪᠠᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ᠎ᠶ᠋ᠢ ᠢᠯᠡᠷᠡᠭᠦᠯᠪᠡ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠲᠤᠯᠭᠤᠷ ᠪᠢᠴᠢᠭ᠎ᠦᠨ ᠡᠮᠬᠢᠳᠭᠡᠯ》᠎ᠢ᠋ ᠨᠠᠢᠷᠠᠭᠤᠯᠤᠨ ᠬᠡᠪᠯᠡᠭᠦᠯᠦᠭᠰᠡᠨ ᠨᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠥᠷᠭᠡᠳᠭᠡᠬᠦ᠌᠎ᠳᠦ ᠠᠱᠢᠭ᠍ᠲᠠᠢ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠂ ᠤᠯᠠᠨ ᠲᠦᠮᠡᠨ᠎ᠦ ᠨᠠᠮ᠎ᠤᠨ ᠲᠡᠦᠬᠡ᠎ᠡᠴᠡ ᠬᠦᠴᠦᠨ ᠴᠢᠳᠠᠯ ᠣᠯᠵᠤ᠂ ᠢᠲᠡᠭᠡᠯ ᠵᠣᠷᠢᠭ᠎ᠢᠶᠠᠨ ᠪᠠᠲᠤᠳᠭᠠᠨ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠴᠣ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠠᠱᠢᠭ᠍ᠲᠠᠢ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃