2022-09-25 17:37:25
ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠥᠳᠡᠭᠡ ᠲᠣᠰᠭᠣᠨ᠎ᠤ ᠵᠠᠰᠠᠯᠲᠠ᠎ᠶ᠋ᠢᠨ ᠱᠢᠰᠲ᠋ᠧᠮ᠎ᠳᠡᠬᠢ ᠭᠤᠤᠯᠯᠠᠭ᠍ᠴᠢ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ《ᠵᠠᠰᠠᠯᠲᠠ ᠪᠦᠲᠦᠮᠵᠢᠲᠡᠶ》ᠪᠠᠢᠬᠤ᠎ᠶ᠋ᠢ ᠦᠨᠡᠨ ᠬᠦ᠌ ᠪᠡᠶᠡᠯᠡᠭᠦᠯᠬᠦ᠌᠎ᠶ᠋ᠢᠨ ᠲᠥᠯᠥᠭᠡ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ《ᠲᠦᠱᠢᠭ ᠲᠤᠯᠭᠠᠭᠤᠷᠢ》᠎ᠶ᠋ᠢᠨ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠭᠠᠳᠠᠨ᠎ᠠ᠎ᠠᠴᠠ ᠤᠷᠤᠭᠤᠯᠤᠨ ᠠᠪᠴᠢᠷᠠᠬᠤ ᠪᠠ ᠳᠣᠲᠣᠭᠠᠳᠤ᠎ᠳᠠᠭᠠᠨ ᠬᠦᠮᠦᠵᠢᠬᠦᠯᠬᠦ᠎ᠶ᠋ᠢ ᠵᠡᠷᠭᠡ᠎ᠪᠡᠷ ᠴᠢᠬᠤᠯᠠᠴᠢᠯᠠᠬᠤ᠂《ᠴᠢᠰᠤ ᠶᠡᠭᠦᠯᠡᠬᠦ᠌》ᠪᠠ《ᠴᠢᠰᠤ ᠪᠦᠲᠦᠭᠡᠬᠦ᠌》᠎ᠶ᠋ᠢ ᠵᠡᠷᠭᠡ᠎ᠪᠡᠷ ᠴᠢᠬᠤᠯᠠᠴᠢᠯᠠᠬᠤ᠂ ᠬᠢᠵᠠᠭᠠᠷᠯᠠᠬᠤ ᠪᠠ ᠤᠷᠮᠠᠱᠢᠭᠤᠯᠬᠤ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠨ᠂ ᠦᠨᠳᠦᠰᠦᠨ ᠱᠠᠳᠤᠨ᠎ᠤ ᠵᠣᠬᠢᠶᠠᠨ ᠪᠠᠢᠭᠤᠯᠤᠯᠳᠠ ᠵᠢ ᠬᠥᠴᠦᠷᠭᠡᠭᠵᠢᠬᠦᠯᠬᠦᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠲᠥᠯᠥᠨ ᠳᠠᠭᠠᠭᠤᠯᠪᠠ᠃
《ᠲᠡᠵᠢᠭᠡᠪᠤᠷᠢ ᠵᠢᠨ ᠲᠣᠮᠣ ᠡᠷᠦᠬᠡ ᠬᠤ᠌ ᠮᠢᠩ》᠂《ᠡᠯᠧᠺᠲ᠋ᠷᠣᠨ ᠬᠤᠳᠠᠯᠳᠤᠭᠠᠨ᠎ᠤ ᠴᠢᠳᠠᠪᠤᠷᠢᠲᠠᠨ ᠭᠦᠸᠧ ᠴᠧᠨ ᠬᠣᠶ》᠂《ᠢᠷᠭᠡᠳ ᠤ᠋ᠨ ᠰᠠᠭᠤᠷᠢᠰᠢᠯ ᠤ᠋ᠨ ᠲᠤᠰᠭᠠᠶ ᠮᠡᠷᠭᠡᠵᠢᠯᠲᠡᠨ ᠲᠠᠨ᠎ᠠ》᠁ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠳᠤ᠂ ᠨᠤᠲᠤᠭ᠎ᠲᠠᠭᠠᠨ ᠪᠤᠴᠠᠵᠤ ᠦᠢᠯᠡᠰ ᠪᠤᠰᠬᠠᠵᠤ ᠪᠠᠢᠭ᠎ᠠ ᠴᠢᠳᠠᠪᠤᠷᠢᠲᠠᠨ ᠣᠯᠠᠨ ᠪᠤᠢ᠃ ᠬᠥᠳᠡᠭᠡ ᠲᠣᠰᠭᠣᠨ᠎ᠤ ᠴᠢᠨᠠᠷ ᠰᠠᠢᠲᠠᠶ ᠬᠥᠭ᠌ᠵᠢᠯᠲᠡ ᠳ᠋ᠤ ᠡᠩ ᠲᠡᠷᠢᠬᠦᠨ ᠳ᠋ᠤ ᠴᠢᠳᠠᠪᠤᠷᠢᠲᠠᠨ ᠪᠠᠢᠬᠤ ᠬᠡᠷᠡᠭᠳᠡᠢ᠂ ᠡᠢᠨ ᠬᠦ᠌ ᠲᠤᠰ ᠬᠣᠱᠢᠭᠤ《ᠨᠤᠲᠤᠭ᠎ᠲᠠᠭᠠᠨ ᠪᠤᠴᠠᠭ᠍ᠰᠠᠨ ᠣᠶᠤᠲᠠᠨ》᠂ 《ᠨᠢᠭᠡᠳᠦᠭᠡᠷ ᠱᠦᠵᠢ》᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ》᠎ᠤ᠋ᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠴᠢᠬᠤᠯᠠ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠬᠦᠴᠦᠨ᠎ᠢᠶᠡᠷ ᠢᠶᠡᠨ ᠳᠠᠢᠴᠢᠯᠠᠪᠠ᠃ ᠡᠭᠦᠨ᠎ᠦ ᠬᠠᠮᠲᠤ᠂ ᠳᠣᠲᠣᠭᠠᠳᠤ᠎ᠳᠠᠭᠠᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠬᠤᠯᠠᠴᠢᠯᠠᠵᠤ᠂ ᠬᠥᠳᠡᠭᠡ ᠲᠣᠰᠭᠣᠨ᠎ᠤ ᠪᠡᠯᠡᠳᠭᠡᠯ ᠺᠠᠳ᠋ᠷ᠎ᠤᠨ ᠡᠩᠨᠡᠭᠡ᠎ᠶ᠋ᠢ ᠪᠦᠷᠢᠨᠱᠢᠭᠦᠯᠵᠦ᠍᠂ ᠤᠯᠤᠰ ᠲᠥᠷᠥ᠎ᠶ᠋ᠢᠨ ᠬᠡᠪ ᠴᠢᠨᠠᠷ᠎ᠢᠶᠠᠷ ᠰᠠᠢᠨ᠂ ᠠᠵᠢᠯ᠎ᠤᠨ ᠴᠢᠳᠠᠪᠤᠷᠢ᠎ᠪᠠᠷ ᠴᠢᠩᠭ᠎ᠠ ᠨᠠᠮ᠎ᠳᠤ ᠣᠷᠣᠬᠤ ᠪᠡᠷ ᠡᠷᠡᠮᠡᠯᠵᠡᠯᠡᠵᠤ ᠪᠠᠢᠭ᠎ᠠ ᠢᠳᠡᠪᠬᠢᠲᠡᠨ᠎ᠢ ᠱᠢᠯᠢᠨ ᠰᠣᠩᠭᠣᠵᠤ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠡᠯᠡᠳᠭᠡᠯ ᠡᠩᠨᠡᠭᠡ ᠵᠢ ᠬᠦᠴᠦᠷᠭᠡᠭᠵᠢᠬᠦᠯᠦᠨ᠂ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ《ᠬᠦᠴᠦᠨ ᠴᠢᠳᠠᠯ ᠬᠤᠷᠠᠮᠳᠤᠭᠤᠯᠵᠤ ᠡᠨᠧᠷᠭᠢ ᠬᠠᠳᠠᠭᠠᠯᠠᠵᠤ》ᠦᠭᠴᠡᠢ᠃
ᠱᠢᠨᠵᠢᠶᠠᠨ ᠲᠣᠰᠭᠣᠨ᠎ᠤ ᠨᠠᠮ᠎ᠤᠨ ᠡᠭᠦᠷ ᠤ᠋ᠨ ᠱᠦᠵᠢ ᠱᠢᠤᠸᠠᠢ ᠫᠸᠢ ᠸᠠᠩ᠄《ᠦᠩᠬᠡᠷᠡᠭᠰᠡᠨ ᠳ᠋ᠤ ᠬᠦᠮᠦᠰ ︿ ᠶᠠᠳᠠᠭᠤ ᠲᠣᠰᠭᠣᠨ﹀ᠬᠡᠪᠠᠯ ᠮᠠᠨ᠎ᠤ ᠰᠢᠨ ᠵᠢᠶᠠᠨ ᠲᠣᠰᠭᠣᠨ ᠢ ᠪᠤᠳᠤᠵᠤ ᠤᠯᠳᠠᠭ ᠪᠠᠢᠭ᠍ᠰᠠᠨ᠂ ᠲᠣᠰᠭᠣᠨ᠎ᠤ ᠠᠷᠠᠳ ᠦᠨᠳᠦᠰᠦᠨ᠎ᠳᠡᠭᠡᠨ ᠡᠯ᠎ᠡ ᠵᠦᠢᠯ᠎ᠦᠨ ᠨᠥᠬᠥᠪᠥᠷᠢ᠎ᠳᠦ ᠲᠦᠱᠢᠭ᠌ᠯᠡᠨ ᠠᠮᠢᠳᠤᠷᠠᠵᠤ ᠪᠠᠢᠵᠠᠢ᠃ ᠠᠷᠠᠳ ᠤ᠋ᠨ ᠠᠮᠢᠳᠤᠷᠠᠯ᠎ᠢ᠋ ᠤᠯᠠᠮ ᠰᠠᠢᠵᠢᠷᠠᠭᠤᠯᠬᠤ᠎ᠶ᠋ᠢᠨ ᠲᠥᠯᠥᠭᠡ ᠲᠤᠰ ᠲᠣᠰᠭᠣᠨ ᠰᠠᠨᠠᠭᠠᠴᠢᠯᠠᠭ᠎ᠠ᠎ᠠᠴᠠ᠎ᠪᠠᠨ ᠠᠵᠠ ᠲᠣᠬᠢᠶᠠᠯ᠎ᠢ ᠠᠮᠵᠢᠵᠤ᠂ ᠬᠦᠯᠡᠮᠵᠢ ᠳ᠋ᠤ ᠮᠦᠬᠦ ᠲᠠᠷᠢᠬᠤ ᠲᠦᠷᠦᠯ ᠵᠤᠢᠯ ᠢ᠋ ᠣᠷᠣᠭᠤᠯᠤᠨ ᠠᠪᠴᠢᠷᠠᠵᠤ᠂ ᠲᠣᠰᠭᠣᠨ᠎ᠤ ᠠᠷᠠᠳ ᠬᠠᠮᠲᠤ᠎ᠶ᠋ᠢᠨ ᠠᠵᠤ ᠠᠬᠤᠢ᠎ᠪᠠᠷ ᠳᠠᠮᠵᠢᠨ ᠠᠱᠢᠭ ᠬᠤᠪᠢᠶᠠᠬᠤ ᠪᠠ ᠦᠢᠯᠡᠳᠪᠦᠷᠢ᠎ᠳᠦ ᠣᠷᠣᠵᠤ ᠠᠵᠢᠯ ᠬᠢᠵᠦ᠍᠂ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠯ ᠤ᠋ᠨ ᠱᠢᠨ᠎ᠡ ᠵᠠᠮ᠎ᠢᠶᠠᠷ ᠵᠠᠮᠨᠠᠭᠠᠳ᠂ ᠰᠢᠨ ᠵᠢᠶᠠᠨ ᠲᠣᠰᠭᠣᠨ ᠤᠳᠤ︿ᠴᠢᠨᠡᠭᠡᠯᠢᠭ ᠲᠣᠰᠭᠣᠨ﹀ᠪᠣᠯᠵᠠᠢ》 ᠬᠡᠵᠤ ᠪᠠᠶᠠᠷᠳᠠᠢᠬᠠᠠ ᠶᠠᠷᠢᠨ᠎ᠠ᠃
ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠡᠩᠨᠡᠭᠡ᠎ᠶ᠋ᠢ ᠱᠢᠯᠢᠳᠡᠭ᠌ᠵᠢᠭᠦᠯᠦᠭ᠌ᠰᠡᠨ ᠰᠠᠭᠤᠷᠢᠨ ᠳᠡᠭᠡᠷ᠎ᠡ᠂ ᠲᠤᠰ ᠬᠣᠱᠢᠭᠤ ᠲᠣᠰᠭᠣᠨ᠎ᠤ《ᠬᠣᠶᠠᠷ ᠵᠥᠪᠯᠡᠯ》᠎ᠤ᠋ᠨ ᠺᠠᠳ᠋ᠷ᠎ᠤᠨ《ᠪᠥᠬᠥ᠌ ᠵᠢᠯ᠎ᠦᠨ ᠣᠳᠣᠠᠢ ᠰᠢᠯᠭᠠᠷᠠᠭᠤᠯᠬᠤ + ᠵᠢᠯ᠎ᠦᠨ ᠡᠴᠦᠰ᠎ᠦᠨ ᠬᠢᠷᠢ ᠪᠦᠲᠦᠮᠵᠢ᠎ᠶ᠋ᠢ ᠬᠢᠨᠠᠨ ᠱᠢᠯᠭᠠᠬᠤ》ᠠᠵᠢᠯ᠎ᠤᠨ ᠠᠷᠭ᠎ᠠ᠎ᠶ᠋ᠢ ᠢᠳᠡᠪᠬᠢᠲᠡᠶ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠨᠠᠮ᠎ᠤᠨ ᠵᠤᠬᠢᠶᠠᠨ ᠪᠠᠢᠭᠤᠯᠤᠯᠲᠠ ᠵᠢᠨ ᠱᠦᠵᠢ᠎ᠶ᠋ᠢᠨ ᠤᠯᠤᠰ ᠲᠥᠷᠥ᠎ᠶ᠋ᠢᠨ ᠬᠡᠪ ᠴᠢᠨᠠᠷ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠶ᠋ᠢ ᠤᠯᠠᠮ ᠳᠡᠭᠡᠭ᠌ᠰᠢᠯᠡᠭᠦᠯᠪᠡ᠃ ᠡᠭᠦᠨ᠎ᠡᠴᠡ ᠭᠠᠳᠠᠨ᠎ᠠ᠂ ᠲᠣᠰᠭᠣᠨ᠎ᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢ ᠵᠣᠬᠢᠶᠠᠨ ᠪᠠᠢᠭᠤᠯᠵᠤ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ《ᠮᠥᠷᠥᠢᠴᠡᠭᠡᠨ》ᠥᠷᠨᠢᠭᠦᠯᠵᠦ᠍᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠰᠢᠯᠭᠠᠷᠠᠭᠤᠯᠤᠨ ᠪᠣᠶ ᠪᠣᠯᠭᠠᠵᠠᠢ᠃
ᠲᠤᠰ ᠬᠤᠰᠢᠭᠤ ᠦᠨᠳᠦᠰᠦᠨ ᠱᠠᠳᠤᠨ ᠤ᠋ ᠨᠠᠮ ᠤ᠋ᠨ ᠵᠣᠬᠢᠶᠠᠨ ᠪᠠᠢᠭᠤᠯᠤᠯᠳᠠ ᠵᠢᠨ ᠬᠦᠴᠦᠨ ᠢ ᠬᠥᠴᠦᠷᠭᠡᠭᠵᠢᠬᠦᠯᠬᠦ ᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠬᠤ ᠬᠦᠴᠦᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠨᠠᠮ᠎ᠤᠨ ᠬᠥᠳᠡᠭᠡ ᠲᠣᠰᠭᠣᠨ᠎ᠳᠠᠬᠢ ᠪᠠᠲᠤ ᠴᠢᠩᠭ᠎ᠠ ᠳᠠᠢᠴᠢᠨ ᠪᠡᠬᠢᠯᠡᠯᠲᠡ᠎ᠶ᠋ᠢ ᠪᠠᠲᠤ ᠴᠣᠭ᠍ᠴᠠᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠦ ᠬᠠᠮᠳᠤᠷᠠᠯ ᠬᠦᠴᠦᠨ᠎ᠢ ᠨᠢᠭ᠍ᠲᠠᠷᠠᠭᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃