2023-02-17 09:37:16
ᠨᠠᠮ ᠤ᠋ᠨ ᠲᠦᠪ ᠬᠤᠷᠢᠶ᠎ᠠ ᠵᠢᠨ ᠵᠦᠪᠰᠢᠶᠡᠷᠡᠯ ᠵᠢᠨᠷ᠂ ᠲᠦᠪ ᠤ᠋ᠨ ᠨᠠᠮ ᠤ᠋ᠨ ᠲᠡᠤᠬᠡ ᠪᠠ ᠲᠤᠯᠭᠤᠷ ᠪᠢᠴᠢᠭ ᠤ᠋ᠨ ᠰᠤᠳᠤᠯᠭᠠᠨ ᠤ᠋ ᠬᠦᠷᠢᠶᠡᠯᠡᠩ ᠡᠴᠡ ᠤᠷᠴᠢᠭᠤᠯᠤᠨ ᠨᠠᠢᠷᠠᠭᠤᠯᠤᠬᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ 》 ᠤ᠋ᠨ ᠠᠩᠭᠯᠢ ᠬᠡᠯᠡᠨ᠎ᠦ ᠬᠡᠪᠯᠠᠯᠢ ᠤᠢᠷ᠎ᠠ ᠵᠢᠨ ᠡᠳᠤᠷ ᠲᠦᠪ ᠤ᠋ᠨ ᠤᠷᠴᠢᠭᠤᠯᠤᠨ ᠨᠠᠢᠷᠠᠭᠤᠯᠬᠤ ᠬᠡᠪᠯᠡᠯ ᠤ᠋ᠨ ᠬᠤᠷᠢᠶ᠎ᠠ ᠡᠴᠡ ᠬᠡᠪᠯᠠᠬᠦᠯᠵᠤ᠂ ᠤᠯᠤᠰ᠎ᠤᠨ ᠳᠤᠳᠤᠭᠠᠳᠤ ᠭᠠᠳᠠᠭᠠᠳᠤ ᠳ᠋ᠤ ᠲᠠᠷᠬᠠᠭᠠᠪᠠ᠃
2022 ᠣᠨ᠎ᠤ 6 ᠰᠠᠷ᠎ᠠ᠎ᠳᠤ᠂ ᠨᠠᠮ᠎ᠤᠨ ᠲᠥᠪ ᠬᠣᠷᠢᠢ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ 》 ᠤ᠋ᠨ ᠬᠢᠲᠠᠳ ᠬᠡᠯᠡᠨ᠎ᠦ ᠬᠡᠪᠯᠡᠯ᠎ᠢ ᠬᠡᠪᠯᠡᠬᠦᠯᠬᠦ ᠵᠢ ᠵᠢᠩᠬᠢᠨᠢ᠎ᠪᠡᠷ ᠵᠥᠪᠱᠢᠶᠡᠷᠡᠪᠡ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ 》 ᠬᠡᠬᠦ ᠨᠤᠮ ᠢ᠋ ᠨᠠᠢᠷᠠᠭᠤᠯᠤᠨ ᠪᠢᠴᠢᠭ᠌ᠰᠡᠨ ᠶᠠᠪᠤᠳᠠᠯ ᠪᠣᠯ ᠨᠠᠮ᠎ᠤᠨ ᠲᠥᠪ ᠬᠣᠷᠢᠢ᠎ᠠ᠎ᠡᠴᠡ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠳᠦ ᠲᠤᠱᠢᠶᠠᠭ᠍ᠰᠠᠨ ᠨᠢᠭᠡᠨ ᠴᠢᠬᠤᠯᠠ ᠡᠭᠦᠷᠭᠡ ᠮᠥᠨ᠃ ᠶᠡᠷᠦᠩᠬᠡᠢ ᠱᠦᠵᠢ ᠰᠢ ᠵᠢᠨ ᠫᠢᠩ ᠨᠠᠢᠷᠠᠭᠤᠯᠤᠨ ᠪᠢᠴᠢᠬᠦ᠌ ᠠᠵᠢᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠴᠢᠬᠤᠯᠠ ᠵᠢᠭᠠᠪᠤᠷᠢ ᠥᠭ᠌ᠴᠦ ᠵᠢᠭᠠᠨ ᠵᠢᠯᠣᠭᠣᠳᠴᠤ᠌᠂ ᠨᠠᠢᠷᠠᠭᠤᠯᠤᠨ ᠪᠢᠴᠢᠬᠦ᠌ ᠠᠵᠢᠯ᠎ᠳᠤ ᠵᠥᠪ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃
ᠪᠥᠬᠥ᠌ ᠨᠣᠮ᠎ᠢ 《ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠴᠠᠭ ᠦᠶ᠎ᠡ 》᠂ 《ᠨᠡᠢᠭᠡᠮ ᠵᠢᠷᠤᠮᠲᠤ ᠬᠤᠪᠢᠰᠭᠠᠯ ᠪᠠ ᠪᠥᠲᠥᠭᠡᠨ ᠪᠠᠢᠭᠤᠯᠤᠯᠲᠠ᠎ᠶ᠋ᠢᠨ ᠴᠠᠭ ᠦᠶ᠎ᠡ 》᠂ 《ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ 》 ᠂ 《ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ 》 ᠭᠡᠬᠦ᠌ ᠳᠥᠷᠪᠡᠨ ᠪᠣᠲᠢ ᠬᠤᠪᠢᠶᠠᠵᠤ᠂ ᠨᠡᠢᠲᠡ 86 ᠲᠦᠮᠡᠨ ᠥᠰᠥᠭ᠎ᠲᠡᠶ ᠪᠠᠢᠵᠦ᠂ 455 ᠬᠡᠷᠡᠯ ᠵᠢᠷᠤᠭ ᠬᠠᠪᠰᠤᠷᠭᠠᠵᠠᠢ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ 》 ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠲᠤᠬᠠᠢ ᠴᠢᠬᠤᠯᠠ ᠥᠭᠦᠯᠡᠯᠲᠡ ᠵᠢᠴᠢ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠡᠦᠬᠡ᠎ᠶ᠋ᠢᠨ ᠪᠣᠳᠠᠰᠴᠢ ᠦᠵᠡᠯᠳᠠ ᠪᠠ ᠨᠠᠮ᠎ᠤᠨ ᠲᠡᠦᠬᠡ᠎ᠶ᠋ᠢᠨ ᠵᠥᠪ ᠦᠵᠡᠯᠲᠡ᠎ᠶ᠋ᠢ ᠪᠠᠷᠢᠮᠲᠠᠯᠠᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ ᠂ ᠦᠨᠡᠨ᠎ᠡᠴᠡ ᠵᠥᠪ᠎ᠢ ᠡᠷᠢᠬᠦ ᠵᠢ ᠪᠠᠷᠢᠮᠳᠠᠯᠠᠵᠤ᠂ ᠨᠠᠮᠴᠢ ᠴᠢᠨᠠᠷ᠎ᠤᠨ ᠵᠠᠷᠴᠢᠮ ᠪᠠ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠡᠷᠬᠡ ᠰᠦᠷᠲᠦ ᠴᠢᠨᠠᠷ᠂ ᠡᠷᠳᠡᠮ ᠱᠢᠨᠵᠢᠯᠡᠭᠡᠨ᠎ᠦ ᠴᠢᠨᠠᠷ᠂ ᠤᠩᠰᠢᠪᠤᠷᠢ᠎ᠳᠤ ᠴᠢᠨᠠᠷ᠎ᠢ ᠨᠢᠭᠡ ᠴᠣᠭ᠍ᠴᠠᠵᠢᠭᠤᠯᠵᠤ᠂ ᠤᠳᠤ ᠪᠣᠯᠲᠠᠯ᠎ᠠ ᠢᠯᠡ᠎ᠪᠡᠷ ᠬᠡᠪᠯᠡᠭ᠌ᠰᠡᠨ ᠨᠣᠮ ᠳᠣᠲᠣᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢ ᠪᠦᠬᠦ ᠲᠠᠯ᠎ᠠ ᠪᠡᠷ ᠰᠢᠰᠲᠸᠮ ᠳᠠᠢ ᠲᠤᠰᠬᠠᠬᠰᠠᠨ ᠴᠠᠭ᠎ᠤᠨ ᠠᠯᠤᠰᠯᠠᠴᠠ ᠬᠠᠮᠤᠭ᠎ᠤᠨ ᠣᠷᠳᠣ᠂ ᠠᠭᠤᠯᠭ᠎ᠠ ᠨᠢ ᠬᠠᠮᠤᠭ᠎ᠤᠨ ᠱᠢᠰᠲ᠋ᠧᠮ᠎ᠲᠡᠶ ᠬᠠᠮᠤᠭ᠎ᠤᠨ ᠪᠦᠷᠢᠨ ᠪᠦᠲᠦᠨ ᠨᠠᠮ᠎ᠤᠨ ᠲᠡᠦᠬᠡ᠎ᠶ᠋ᠢᠨ ᠵᠢᠩᠬᠢᠨᠢ ᠲᠡᠦᠬᠡᠨ ᠪᠦᠲᠦᠭᠡᠯ ᠪᠤᠯᠤᠨ᠎ᠠ᠃
ᠥᠨᠥᠳᠦᠷ᠎ᠦᠨ ᠳᠤᠮᠳᠠᠳᠤ ᠤᠯᠤᠰ᠎ᠢ ᠣᠢᠯᠠᠭᠠᠬᠤ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠢᠯᠠᠭᠠᠬᠤ ᠬᠡᠷᠡᠭ᠌ᠲᠡᠢ᠃ ᠲᠤᠰ ᠨᠣᠮ᠎ᠤᠨ ᠠᠨᠭ᠌ᠭ᠌ᠯᠢ ᠬᠡᠯᠡᠨ᠎ᠦ ᠬᠡᠪᠯᠡᠯ᠎ᠢ ᠬᠡᠪᠯᠡᠨ ᠲᠠᠷᠬᠠᠭᠠᠭ᠍ᠰᠠᠨ ᠨᠢ ᠭᠠᠳᠠᠭᠠᠳᠤ᠎ᠶ᠋ᠢᠨ ᠤᠩᠱᠢᠭ᠍ᠴᠢᠳ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢ ᠣᠢᠯᠠᠭᠠᠬᠤ᠎ᠳᠤ ᠡᠷᠬᠡ ᠰᠦᠷᠲᠦ ᠤᠩᠱᠢᠬᠤ ᠪᠢᠴᠢᠭ ᠬᠠᠩᠭᠠᠵᠤ᠂ ᠳᠡᠯᠡᠬᠡᠢ ᠨᠡᠢᠭᠡᠮ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠴᠢᠩᠭᠠᠳᠭᠠᠵᠤ᠂ ᠭᠠᠳᠠᠭᠠᠳᠤ᠎ᠶ᠋ᠢᠨ ᠠᠷᠠᠳ ᠤᠯᠠᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠦᠨᠡᠨ ᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠵᠦ᠍ ᠪᠠᠢᠬᠤ᠎ᠶ᠋ᠢ ᠲᠠᠨᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ᠎ᠤᠨ ᠦᠵᠡᠯ ᠶᠠᠭᠠᠬᠢᠭᠠᠳ ᠪᠤᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢ᠌ᠨ ᠪᠠᠢᠬᠤ᠎ᠶ᠋ᠢ ᠤᠢ᠍ᠢᠯᠠᠭᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
( ᠰᠢᠨᠬᠤᠸᠠ ᠬᠤᠷᠢᠶ᠎ᠠ ᠵᠢᠨ ᠪᠡᠬᠡᠵᠢᠩ ᠤ᠋ᠨ 2 ᠰᠠᠷ᠎ᠠ ᠵᠢᠨ 16 ᠤ᠋ ᠴᠠᠬᠢᠯᠭᠠᠨ ᠮᠡᠳᠡᠬᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃