2023-03-13 15:33:05
《 ᠭᠤᠷᠪᠠᠨ ᠲᠤᠤᠷ 》 ᠢ᠋ ᠨᠢᠬᠲᠠ ᠰᠦᠯᠵᠢᠵᠦ ᠦᠨᠳᠦᠰᠦᠨ ᠱᠠᠲᠤᠨ᠎ᠤ ᠵᠠᠰᠠᠯᠲᠠ ᠢ᠋ᠢᠨ ᠰᠢᠨ᠎ᠡ ᠪᠠᠢᠷᠢᠰᠢᠯ ᠢ᠋ ᠪᠤᠢ ᠪᠤᠯᠭᠠᠨ᠎ᠠ
ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠮᠡᠳᠡᠭᠡᠯᠡᠯ ③
ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠤ᠂ ᠦᠨᠳᠦᠰᠦᠨ ᠱᠠᠲᠤᠨ᠎ᠤ ᠢᠯᠡ ᠲᠤᠲᠤ ᠤᠳᠤᠷᠢᠳᠤᠮᠵᠢ ᠵᠢ ᠶᠡᠬᠡ ᠪᠡᠷ ᠠᠳᠬᠤᠬᠤ ᠵᠢ ᠪᠠᠷᠢᠮᠲᠠᠯᠠᠵᠦ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ᠎ᠶᠢ ᠠᠬᠢᠭᠤᠯᠤᠨ᠎ᠠ ᠬᠡᠵᠦ ᠵᠢᠭᠠᠵᠦ ᠭᠠᠷᠭᠠᠬᠰᠠᠨ ᠪᠢᠯᠡ᠃

ᠬᠠᠮᠳᠤ ᠪᠡᠷ ᠶᠠᠷᠢᠯᠴᠠᠨ᠎ᠠ

ᠠᠷᠠᠤᠨ ᠤᠨ ᠪᠠᠢᠳᠠᠯ᠎ᠢ ᠤᠢᠯᠠᠭᠠᠨ᠎ᠠ
ᠵᠡᠭᠦᠨ ᠦᠵᠦᠮᠦᠴᠢᠨ ᠬᠣᠰᠢᠭᠤ ᠪᠦᠬᠦ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠬᠣᠰᠢᠭᠤ ᠪᠠ ᠪᠦᠬᠦ ᠣᠷᠣᠨ᠎ᠤ ᠨᠠᠮ᠎ᠤᠨ ᠪᠠᠢᠭᠤᠯᠤᠯᠲᠠ ᠪᠠᠷ ᠬᠥᠳᠡᠭᠡ ᠲᠣᠰᠬᠣᠨ᠎ᠤ ᠵᠠᠰᠠᠯᠲᠠ ᠵᠢ ᠬᠦᠲᠦᠯᠦᠨ ᠲᠠᠭᠠᠭᠤᠯᠬᠤ ᠲᠤᠷᠰᠢᠯᠲᠠ᠎ᠶᠢᠨ ᠴᠡᠭ ᠪᠤᠯᠤᠬᠰᠠᠨ᠎ᠤ ᠬᠤᠪᠢ᠎ᠳᠤ᠂ ᠬᠢᠯᠢ ᠬᠢᠵᠠᠭᠠᠷ ᠣᠷᠣᠨ᠎ᠤ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ 《ᠡᠩ᠎ᠤᠨ ᠦᠶ᠎ᠡ ᠪᠠ ᠪᠠᠴᠢᠮ ᠪᠠᠢᠳᠠᠯ ᠢ᠋ ᠤᠶᠠᠯᠳᠤᠭᠤᠯᠤᠨ》᠂ ᠵᠣᠬᠢᠶᠠᠨ ᠪᠠᠶ᠋ᠢᠭᠤᠯᠤᠯᠲᠠ᠂ ᠵᠠᠰᠠᠯᠲᠠ᠂ ᠦᠢᠯᠡᠴᠢᠯᠡᠬᠡ ᠢ᠋ᠢᠨ 《ᠭᠤᠷᠪᠠᠨ ᠲᠣᠣᠷ》 ᠢ᠋ ᠨᠢᠭ᠍ᠲᠠ ᠰᠦᠯᠵᠢᠵᠦ᠂《ᠳᠡᠭᠡᠳᠦ ᠳᠣᠣᠷᠠᠳᠤ ᠱᠠᠲᠤ᠎ᠶᠢ ᠬᠣᠯᠪᠣᠭᠰᠠᠨ᠂ ᠬᠡᠷᠡᠭᠵᠢᠭᠦᠯᠬᠦ᠎ᠳᠦ ᠬᠦᠴᠦᠲᠡᠢ᠂ ᠥᠨᠳᠥᠷ ᠪᠦᠲᠦᠮᠵᠢᠲᠡᠶ᠎ᠪᠡᠷ ᠬᠣᠯᠪᠤᠭᠠᠯᠠᠨ ᠬᠥᠳᠡᠯᠦᠯᠴᠡᠭᠰᠡᠨ᠂ ᠨᠢᠭ᠍ᠲᠠ ᠬᠣᠯᠪᠣᠯᠳᠤᠭᠰᠠᠨ》 ᠦᠨᠳᠦᠰᠦᠨ ᠱᠠᠲᠤᠨ᠎ᠤ ᠵᠠᠰᠠᠯᠲᠠ᠎ᠶᠢᠨ ᠰᠢᠨ᠎ᠡ ᠪᠠᠢᠷᠢᠰᠢᠯ᠎ᠢ ᠪᠣᠶ ᠪᠣᠯᠭᠠᠵᠤ᠂ ᠬᠢᠯᠢ ᠬᠢᠵᠠᠭᠠᠷ᠎ᠤᠨ ᠵᠠᠰᠠᠯᠲᠠ᠎ᠶᠢᠨ ᠪᠡᠷᠬᠡ ᠰᠡᠳᠦᠪ᠎ᠢ ᠬᠦᠴᠦᠯᠡᠨ ᠰᠢᠢᠳᠪᠦᠷᠢᠯᠡᠵᠦ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ ᠵᠡᠭᠦᠨ ᠦᠵᠦᠮᠦᠴᠢᠨ ᠬᠣᠰᠢᠭᠤᠨ᠎ᠤ ᠵᠠᠮ ᠮᠥᠷ᠎ᠢ ᠬᠠᠢᠨ ᠰᠦᠪᠡᠭᠴᠢᠯᠡᠪᠡ᠃
ᠵᠣᠬᠢᠶᠠᠨ ᠪᠠᠢᠭᠤᠯᠤᠯᠲᠠ᠎ᠶᠢᠨ ᠰᠢᠰᠲᠧᠮ᠎ᠤᠨ ᠲᠣᠣᠷ᠎ᠢ ᠨᠢᠭ᠍ᠲᠠ ᠰᠦᠯᠵᠢᠵᠦ ᠦᠨᠳᠦᠰᠦᠨ ᠱᠠᠲᠤᠨ᠎ᠤ ᠵᠠᠰᠠᠯᠲᠠ ᠢ᠋ᠢᠨ ᠦᠷ᠎ᠡ ᠪᠦᠲᠦᠮᠵᠢ ᠵᠢ ᠲᠡᠭᠡᠭᠰᠢᠯᠡᠭᠦᠯᠪᠡ
ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯ ᠨᠠᠮ ᠪᠤᠯᠤᠨ ᠤᠯᠠᠨ ᠲᠦᠮᠡᠨ᠎ᠤ ᠬᠠᠷᠢᠯᠴᠠᠭᠠᠨ᠎ᠤ ᠬᠤᠯᠪᠤᠭᠠᠰᠤ ᠮᠦᠨ᠂ ᠮᠦᠨᠴᠤ ᠦᠨᠳᠦᠰᠦᠨ ᠱᠠᠲᠤᠨ᠎ᠤ ᠵᠠᠰᠠᠯᠲᠠ ᠢ᠋ᠢᠨ ᠭᠤᠤᠯᠯᠠᠬᠤ ᠬᠦᠴᠦᠨ ᠮᠦᠨ᠃ ᠵᠡᠭᠦᠨ ᠦᠵᠦᠮᠦᠴᠢᠨ ᠬᠤᠰᠢᠭᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠠᠮᠵᠢᠯᠠᠯᠲᠤ ᠬᠠᠮᠢᠶᠠᠷᠤᠯᠲᠠ᠎ᠶᠢᠨ ᠠᠷᠭ᠎ᠠ ᠮᠠᠶᠢᠭ᠋᠎ᠢ ᠡᠪᠳᠡᠵᠦ᠂ ᠡᠯ᠎ᠡ ᠬᠦᠷᠢᠶᠡᠨ᠎ᠳᠡᠬᠢ ᠨᠠᠮ᠎ᠤᠨ ᠪᠠᠢᠭᠤᠯᠤᠯᠲᠠ ᠬᠢᠭᠡᠳ ᠰᠤᠮᠤ ᠪᠠᠯᠭᠠᠰᠤ᠂ ᠭᠠᠴᠠᠭ᠎ᠠ (ᠨᠡᠢᠭᠡᠮ ᠲᠣᠭᠣᠷᠢᠭ᠋) ᠢ᠋ᠢᠨ ᠨᠠᠮ᠎ᠤᠨ ᠪᠠᠢᠭᠤᠯᠤᠯᠲᠠ᠎ᠶᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠦᠨᠳᠦᠰᠦᠨ ᠱᠠᠲᠤ ᠵᠢ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠬᠤ᠎ᠶᠢ ᠠᠬᠢᠭᠤᠯᠵᠤ᠂ ᠵᠤᠬᠢᠶᠠᠨ ᠪᠠᠢᠭᠤᠯᠤᠯᠲᠠ ᠢ᠋ᠢᠨ ᠰᠢᠰᠲ᠋ᠸᠮ᠎ᠤᠨ ᠲᠤᠤᠷ᠎ᠢ ᠨᠢᠬᠲᠠ ᠰᠦᠯᠵᠢᠪᠡ᠃
ᠵᠡᠭᠦᠨ ᠦᠵᠦᠮᠦᠴᠢᠨ ᠬᠤᠰᠢᠭᠤ ᠬᠥᠨᠳᠡᠯᠡᠨ ᠴᠢᠭᠯᠡᠯ᠎ᠢᠶᠡᠷ ᠬᠠᠮᠲᠤᠷᠠᠨ ᠠᠵᠢᠯᠯᠠᠬᠤ ᠲᠣᠭᠲᠠᠴᠠ᠎ᠶᠢ ᠪᠠᠢᠭᠤᠯᠵᠤ᠂ ᠬᠢᠯᠢ᠎ᠶᠢᠨ ᠰᠤᠮᠤ ᠪᠠᠯᠭᠠᠰᠤᠨ᠎ᠳᠤ ᠰᠤᠮᠤ ᠪᠠᠯᠭᠠᠰᠤᠨ᠎ᠤ ᠨᠠᠮ᠎ᠤᠨ ᠬᠣᠷᠢᠶ᠎ᠠ᠎ᠪᠠᠷ ᠭᠣᠣᠯ ᠴᠣᠭᠴᠠ ᠪᠣᠯᠭᠠᠬᠰᠠᠨ᠂ ᠰᠠᠭᠤᠭ᠎ᠠ ᠭᠠᠵᠠᠷ᠎ᠤᠨ ᠴᠡᠷᠢᠭ ᠠᠩᠭᠢ᠂ ᠭᠠᠴᠠᠭ᠎ᠠ (ᠨᠡᠢᠭᠡᠮ ᠲᠣᠭᠣᠷᠢᠭ᠋)᠂ ᠰᠠᠭᠤᠭ᠎ᠠ ᠭᠠᠵᠠᠷ᠎ᠤᠨ ᠠᠵᠤ ᠠᠬᠤᠢᠯᠠᠯ᠎ᠤᠨ ᠬᠠᠮᠲᠤ᠎ᠪᠠᠷ ᠪᠠᠢᠭᠤᠯᠤᠬᠰᠠᠨ ᠪᠠᠢᠭᠤᠯᠤᠮᠵᠢ᠎ᠶᠢᠨ ᠪᠤᠰᠤ ᠴᠢᠨᠠᠷᠲᠠᠢ ᠬᠠᠮᠲᠤᠷᠠᠭᠰᠠᠨ ᠨᠠᠮ᠎ᠤᠨ ᠬᠣᠷᠢᠶ᠎ᠠ ᠵᠢ ᠪᠠᠢᠭᠤᠯᠵᠦ᠂ ᠲᠦᠪ ᠪᠠᠯᠭᠠᠰᠤ ᠨᠢ ᠨᠡᠢᠭᠡᠮ ᠲᠣᠭᠣᠷᠢᠭ᠋᠎ᠤᠨ ᠬᠠᠮᠲᠤᠷᠠᠭᠰᠠᠨ ᠨᠠᠮ᠎ᠤᠨ ᠬᠣᠷᠢᠶ᠎ᠠ᠎ᠳᠤ ᠲᠦᠰᠢᠭᠯᠡᠨ᠂ ᠨᠡᠢᠭᠡᠮ ᠲᠤᠭᠤᠷᠢᠭ ᠲᠸ᠋ ᠰᠠᠭᠤᠭ᠎ᠠ (ᠲᠠᠭᠠᠭᠠᠴᠢᠯᠠᠨ ᠬᠠᠷᠢᠯᠴᠠᠵᠦ ᠪᠠᠢᠭ᠎ᠠ) ᠵᠠᠭᠤᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠠᠵᠢᠯ᠎ᠤᠨ ᠪᠠᠢᠷᠢ᠎ᠳᠤ ᠪᠠᠢᠭ᠎ᠠ ᠮᠢᠩᠭᠠᠨ ᠨᠠᠮ᠎ᠤᠨ ᠭᠡᠰᠢᠭᠦᠨ᠎ᠤ ᠨᠡᠢᠭᠡᠮ ᠲᠤᠭᠤᠷᠢᠭ ᠲᠸ᠋ ᠨᠡᠷ᠎ᠡ ᠮᠡᠲᠡᠭᠦᠯᠬᠦ ᠠᠵᠢᠯ᠎ᠢ ᠪᠠᠢᠩᠭᠤᠵᠢᠭᠤᠯᠵᠦ᠂ 《ᠨᠠᠮ᠎ᠤᠨ ᠵᠣᠬᠢᠶᠠᠨ ᠪᠠᠢᠭᠤᠯᠤᠯᠲᠠ + 》 《ᠨᠠᠮ᠎ᠤᠨ ᠭᠡᠰᠢᠭᠦᠨ +》 ᠠᠭᠤᠰᠤᠯᠴᠠᠭᠰᠠᠨ ᠨᠠᠮ᠎ᠤᠨ ᠪᠠᠢᠭᠤᠯᠤᠯᠲᠠ᠎ᠶᠢᠨ ᠵᠠᠭᠪᠤᠷ᠎ᠢ ᠬᠡᠷᠡᠭᠵᠢᠭᠦᠯᠵᠦ᠂ 《ᠡᠩ᠎ᠦᠨ ᠦᠶ᠎ᠡ ᠪᠠ ᠲᠠᠢ᠍ᠢᠨ᠎ᠦ ᠦᠶ᠎ᠡ᠎ᠶᠢ ᠤᠶᠠᠯᠳᠤᠭᠤᠯᠤᠬᠰᠠᠨ》ᠬᠠᠮᠲᠤᠷᠠᠭᠰᠠᠨ ᠨᠠᠮ᠎ᠤᠨ ᠬᠣᠷᠢᠶ᠎ᠠ᠎ᠶᠢ ᠪᠠᠢᠭᠤᠯᠵᠤ᠂ ᠡᠩ᠎ᠦᠨ ᠦᠶ᠎ᠡ᠎ᠳᠦ ᠬᠠᠮᠲᠤ᠎ᠪᠠᠷ ᠪᠠᠶ᠋ᠢᠭᠤᠯᠬᠤ᠂ ᠰᠠᠢᠨ ᠳᠤᠷ᠎ᠠ᠎ᠶᠢᠨ ᠦᠢᠯᠡᠴᠢᠯᠡᠭᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠠᠵᠢᠯ᠎ᠢ ᠬᠠᠮᠲᠤ᠎ᠪᠠᠷ ᠵᠣᠬᠢᠶᠠᠨ ᠪᠠᠢᠭᠤᠯᠤᠨ ᠥᠷᠨᠢᠭᠦᠯᠵᠦ᠂ ᠭᠡᠨᠡᠳᠲᠡ᠎ᠶᠢᠨ ᠬᠡᠷᠡᠭ ᠡᠭᠦᠰᠬᠦ ᠦᠶ᠎ᠡ᠎ᠳᠦ᠂ 《ᠡᠩ᠎ᠦᠨ ᠦᠶ᠎ᠡ ᠪᠠ ᠪᠠᠴᠢᠮ ᠪᠠᠢᠳᠠᠯ᠎ᠢ ᠬᠤᠪᠢᠷᠠᠭᠤᠯᠬᠤ》 ᠲᠣᠭᠲᠠᠴᠠ᠎ᠶᠢ ᠦᠳᠲᠡᠷ ᠲᠦᠷᠭᠡᠨ ᠡᠬᠢᠯᠡᠭᠦᠯᠵᠦ᠂ ᠭᠠᠵᠠᠷ ᠣᠷᠣᠨ᠎ᠤ ᠡᠯ᠎ᠡ ᠵᠦᠢᠯ᠎ᠦᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠢ ᠵᠢᠯᠣᠭᠣᠳᠤᠨ ᠲᠣᠬᠢᠷᠠᠭᠤᠯᠵᠤ᠂ ᠪᠦᠷᠢᠯᠳᠦᠭᠦᠨ ᠨᠢᠭᠡᠴᠢ᠎ᠶᠢᠨ ᠡᠬᠢ ᠪᠠᠶᠠᠯᠢᠭ᠋᠎ᠢ ᠦᠨᠡᠨ ᠬᠦ᠌ ᠠᠭᠤᠰᠤᠯᠴᠠᠭᠤᠯᠵᠤ᠂ ᠤᠯᠠᠨ᠎ᠢᠶᠠᠷ᠎ᠢᠶᠠᠨ ᠰᠡᠷᠭᠡᠢᠯᠡᠵᠦ ᠤᠯᠠᠨ᠎ᠢᠶᠠᠷ᠎ᠢᠶᠠᠨ ᠵᠠᠰᠠᠬᠤ ᠬᠤᠪᠢᠰᠬᠠᠯ᠎ᠤᠨ ᠬᠠᠯᠬᠠᠪᠴᠢ᠎ᠶᠢ ᠪᠦᠬᠦ ᠬᠦᠴᠦᠨ᠎ᠢᠶᠡᠷ᠎ᠢᠶᠡᠨ ᠪᠠᠢᠭᠤᠯᠪᠠ᠃
ᠵᠡᠭᠦᠨ ᠦᠵᠦᠮᠦᠴᠢᠨ ᠬᠤᠰᠢᠭᠤ ᠪᠠᠰᠠ ᠭᠤᠯᠳᠤ ᠴᠢᠭᠯᠡᠯ᠎ᠢᠶᠡᠷ 《ᠰᠤᠮᠤ ᠪᠠᠯᠭᠠᠰᠤᠨ᠎ᠤ ᠨᠠᠮ᠎ᠤᠨ ᠬᠣᠷᠢᠶ᠎ᠠ — ᠭᠠᠴᠠᠭ᠎ᠠ (ᠨᠡᠢᠭᠡᠮ ᠲᠣᠭᠣᠷᠢᠭ᠋) — ᠨᠠᠮ᠎ᠤᠨ ᠭᠡᠰᠢᠭᠦᠨ ᠭᠣᠣᠯᠯᠠᠬᠤ ᠡᠷᠦᠬᠡ (ᠲᠣᠣᠷᠵᠢᠯ) ᠢ᠋ᠢᠨ ᠨᠠᠮ᠎ᠤᠨ ᠲᠤᠭᠤᠢᠯᠠᠩ》 ᠤ᠋ᠨ ᠭᠤᠷᠪᠠᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠴᠢᠩᠭᠠᠳᠬᠠᠵᠤ᠂ ᠴᠡᠭ ᠣᠯᠠᠨ ᠲᠠᠯ᠎ᠠ ᠥᠷᠭᠡᠨ ᠱᠤᠭᠤᠮ ᠤᠷᠲᠤ ᠪᠠᠢᠬᠤ ᠪᠣᠳᠠᠲᠤ ᠪᠠᠢᠳᠠᠯ᠎ᠳᠤ ᠴᠢᠭᠯᠡᠭᠦᠯᠦᠨ᠂ ᠰᠤᠮᠤ ᠪᠠᠯᠭᠠᠰᠤ᠎ᠶᠢᠨ ᠨᠠᠮ᠎ᠤᠨ ᠬᠣᠷᠢᠶ᠎ᠠ ᠨᠢᠭᠡᠳᠦᠯᠲᠡᠢ ᠲᠥᠯᠥᠪᠯᠡᠨ ᠤᠳᠤᠷᠢᠳᠬᠤ᠂ ᠭᠠᠴᠠᠭ᠎ᠠ (ᠨᠡᠢᠭᠡᠮ ᠲᠣᠭᠣᠷᠢᠭ᠋) ᠢ᠋ᠢᠨ ᠨᠠᠮ᠎ᠤᠨ ᠡᠭᠦᠷ ᠣᠷᠳᠣ᠌ ᠱᠤᠭᠤᠮᠢ᠋ᠢᠡᠷ ᠵᠣᠬᠢᠶᠠᠨ ᠪᠠᠢᠭᠤᠯᠬᠤ᠂ ᠨᠠᠮ᠎ᠤᠨ ᠭᠡᠰᠢᠭᠦᠨ ᠭᠣᠣᠯᠯᠠᠬᠤ ᠡᠷᠦᠬᠡ (ᠲᠣᠣᠷᠵᠢᠯ) ᠣᠬᠣᠷ ᠱᠤᠭᠤᠮ ᠢ᠋ᠢᠡᠷ ᠬᠠᠷᠢᠯᠴᠠᠬᠤ ᠦᠢᠯᠡᠴᠢᠯᠡᠭᠡᠨ᠎ᠦ ᠵᠠᠭᠪᠤᠷ᠎ᠢ ᠪᠣᠶ ᠪᠣᠯᠭᠠᠵᠤ᠂ ᠬᠢᠵᠢᠭ᠎ᠦᠨ ᠪᠠᠢᠳᠠᠯ ᠭᠠᠮᠰᠢᠭ᠋᠎ᠤᠨ ᠪᠠᠢᠳᠠᠯ ᠵᠡᠷᠭᠡ ᠡᠯ᠎ᠡ ᠲᠥᠷᠥᠯ᠎ᠦᠨ ᠭᠡᠨᠡᠳᠲᠡ᠎ᠶᠢᠨ ᠬᠡᠷᠡᠭ ᠡᠭᠦᠰᠬᠦ ᠦᠶ᠎ᠡ᠎ᠳᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠢᠢᠳᠪᠦᠷᠢᠲᠦ ᠪᠣᠳᠣᠯᠭ᠎ᠠ᠎ᠶᠢ ᠴᠠᠭ ᠲᠤᠬᠠᠢ ᠳ᠋ᠤᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠴᠠᠭ ᠲᠤᠬᠠᠢ ᠳ᠋ᠤᠨᠢ ᠲᠤᠰᠬᠠᠵᠤ᠂ ᠠᠷᠭᠠᠴᠠᠭᠠᠬᠤ ᠠᠷᠭ᠎ᠠ ᠬᠡᠮᠵᠢᠶ᠎ᠡ᠎ᠶᠢ ᠴᠠᠭ ᠲᠤᠬᠠᠢ ᠳ᠋ᠤᠨᠢ ᠨᠠᠢᠳᠠᠪᠤᠷᠢᠵᠢᠭᠤᠯᠤᠬᠰᠠᠨ ᠪᠠᠢᠨ᠎ᠠ᠃
ᠵᠠᠰᠠᠯᠲᠠ᠎ᠶᠢᠨ ᠰᠢᠰᠲᠧᠮ᠎ᠤᠨ ᠲᠣᠣᠷ᠎ᠢ ᠨᠢᠭ᠍ᠲᠠ ᠰᠦᠯᠵᠢᠵᠦ ᠦᠨᠳᠦᠰᠦᠨ ᠱᠠᠲᠤᠨ᠎ᠤ ᠵᠠᠰᠠᠯᠲᠠ᠎ᠶᠢ ᠣᠨᠣᠴᠠᠲᠠᠢ ᠪᠤᠯᠭᠠᠪᠠ
ᠵᠡᠭᠦᠨ ᠦᠵᠦᠮᠦᠴᠢᠨ ᠬᠤᠰᠢᠭᠤ ᠨᠠᠮ᠎ᠤᠨ ᠪᠠᠢᠭᠤᠯᠤᠯᠲᠠ᠎ᠪᠡᠷ ᠬᠥᠲᠥᠯᠥᠨ ᠳᠠᠭᠠᠭᠤᠯᠬᠤ ᠪᠠ ᠲᠣᠣᠷᠵᠢᠭᠤᠯᠤᠨ ᠵᠠᠰᠠᠬᠤ᠎ᠶᠢ ᠬᠠᠷᠢᠯᠴᠠᠨ ᠠᠭᠤᠰᠤᠯᠴᠠᠭᠤᠯᠬᠤ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠂ ᠶᠡᠷᠦᠩᠬᠡᠢᠯᠡᠨ ᠵᠠᠰᠠᠬᠤ ᠵᠡᠷᠭᠡ ᠡᠯ᠎ᠡ ᠲᠦᠷᠦᠯ᠎ᠦᠨ ᠲᠣᠣᠷᠵᠢᠯ᠎ᠢ ᠰᠢᠯᠢᠳᠡᠭᠵᠢᠭᠦᠯᠦᠨ ᠨᠡᠢᠳᠬᠡᠵᠦ᠂ ᠡᠩ᠎ᠦᠨ ᠦᠶ᠎ᠡ᠎ᠳᠦ ᠵᠠᠰᠠᠬᠤ᠂ ᠪᠠᠴᠢᠮ ᠦᠶ᠎ᠡ᠎ᠳᠦ ᠠᠷᠭᠠᠴᠠᠭᠠᠬᠤ᠂ ᠨᠢᠭᠡ ᠲᠣᠣᠷᠵᠢᠯ᠎ᠢᠶᠠᠷ ᠨᠢᠭᠡᠳᠦᠯᠲᠡᠢ ᠲᠥᠯᠥᠪᠵᠢᠭᠦᠯᠬᠦ ᠦᠨᠳᠦᠰᠦᠨ ᠱᠠᠲᠤᠨ᠎ᠤ ᠵᠠᠰᠠᠯᠲᠠ᠎ᠶᠢᠨ ᠲᠣᠣᠷᠵᠢᠯ᠎ᠤᠨ ᠰᠢᠰᠲᠧᠮ᠎ᠢ ᠪᠠᠢᠭᠤᠯᠪᠠ᠃
ᠬᠥᠮᠥᠨ ᠠᠮᠠ᠎ᠶᠢᠨ ᠬᠡᠪᠴᠢᠶ᠎ᠡ᠎ᠶᠢ ᠵᠣᠬᠢᠰᠲᠠᠢ ᠪᠠᠢᠯᠭᠠᠬᠤ᠂ ᠦᠢᠯᠡᠴᠢᠯᠡᠭᠡᠨ᠎ᠦ ᠬᠠᠮᠢᠶᠠᠷᠤᠯᠲᠠ᠎ᠶᠢ ᠲᠥᠬᠥᠮ ᠪᠠᠢᠯᠭᠠᠬᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠪᠦᠲᠦᠮᠵᠢᠲᠡᠶ ᠪᠠᠢᠯᠭᠠᠬᠤ ᠂ ᠴᠢᠳᠠᠮᠵᠢ᠎ᠶᠢ ᠬᠠᠷᠢᠴᠠᠩᠭᠤᠢ᠎ᠪᠠᠷ ᠪᠦᠷᠢᠨ ᠪᠠᠢᠯᠭᠠᠬᠤ ᠵᠠᠷᠴᠢᠮ᠎ᠢ ᠦᠨᠳᠦᠰᠦᠯᠡᠨ᠂ ᠵᠡᠭᠦᠨ ᠦᠵᠦᠮᠦᠴᠢᠨ ᠬᠤᠰᠢᠭᠤ ᠨᠢᠭᠡᠳᠦᠯᠲᠡᠢ ᠲᠥᠯᠥᠪᠵᠢᠭᠦᠯᠤᠨ᠂ ᠵᠦᠢ ᠵᠣᠬᠢᠰᠲᠠᠢ ᠪᠠᠢᠷᠢᠰᠢᠭᠤᠯᠵᠦ᠂ ᠲᠣᠣᠷᠵᠢᠯ ᠢ᠋ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠤᠨ᠂ ᠲᠣᠣᠷᠵᠢᠯ᠎ᠳᠡᠬᠢ ᠡᠯ᠎ᠡ ᠲᠥᠷᠥᠯ᠎ᠦᠨ ᠬᠥᠮᠥᠰ ᠪᠠ ᠵᠣᠬᠢᠶᠠᠨ ᠪᠠᠢᠭᠤᠯᠤᠯᠲᠠ᠎ᠶᠢ ᠨᠠᠷᠢᠯᠢᠭ᠋ ᠣᠨᠣᠴᠠᠲᠠᠢ ᠬᠠᠮᠢᠶᠠᠷᠪᠠ᠃ ᠮᠠᠯᠵᠢᠬᠤ ᠣᠷᠣᠨ᠎ᠳᠤ 《ᠭᠤᠷᠪᠠᠨ ᠱᠠᠲᠤᠨ᠎ᠤ ᠲᠤᠤᠷᠵᠢᠯ᠎ᠤᠨ ᠳᠠᠷᠤᠭ᠎ᠠ》 ᠢ᠋ᠢᠨ ᠵᠠᠰᠠᠯᠲᠠ᠎ᠶᠢᠨ ᠵᠠᠭᠪᠤᠷ᠎ᠢ ᠬᠡᠷᠡᠭᠵᠢᠭᠦᠯᠵᠦ᠂ ᠬᠢᠯᠢ᠎ᠶᠢᠨ ᠰᠤᠮᠤ ᠪᠠᠯᠭᠠᠰᠤ᠎ᠳᠤ ᠬᠢᠯᠢ᠎ᠶᠢᠨ ᠬᠠᠮᠢᠶᠠᠷᠤᠯᠲᠠ ᠡᠵᠡᠮᠳᠡᠯ᠎ᠦᠨ ᠲᠤᠰᠬᠠᠢ 《ᠲᠣᠣᠷᠵᠢᠭᠤᠯᠤᠬᠰᠠᠨ》 ᠠᠵᠢᠯ᠎ᠤᠨ ᠵᠠᠭᠪᠤᠷ᠎ᠢ ᠬᠡᠷᠡᠭᠵᠢᠭᠦᠯᠵᠦ᠂ ᠬᠢᠯᠢ᠎ᠶᠢᠨ ᠬᠠᠮᠠᠭᠠᠯᠠᠯᠲᠠ᠎ᠶᠢᠨ ᠴᠡᠷᠢᠭ ᠠᠩᠭᠢ ᠱᠤᠭᠤᠮ ᠢ᠋ ᠬᠠᠮᠢᠶᠠᠷᠴᠤ᠂ ᠬᠢᠯᠢ᠎ᠶᠢᠨ ᠲᠣᠮᠢᠯᠠᠭᠰᠠᠨ ᠰᠠᠯᠪᠤᠷᠢ ᠪᠦᠬᠦ ᠲᠠᠯ᠎ᠠ ᠵᠢ ᠬᠠᠮᠢᠶᠠᠷᠴᠤ᠂ ᠰᠠᠭᠤᠭ᠎ᠠ ᠨᠢᠭᠡᠴᠢ ᠪᠠ ᠨᠠᠮ᠎ᠤᠨ ᠭᠡᠰᠢᠭᠦᠨ ᠭᠣᠣᠯᠯᠠᠬᠤ ᠡᠷᠦᠬᠡ᠂ ᠬᠢᠯᠢ᠎ᠶᠢᠨ ᠮᠠᠯᠵᠢᠬᠤ ᠡᠷᠦᠬᠡ᠂ ᠬᠢᠯᠢ᠎ᠶᠢᠨ ᠬᠠᠮᠠᠭᠠᠯᠠᠭ᠍ᠴᠢ ᠴᠡᠭ ᠢ᠋ ᠬᠠᠮᠢᠶᠠᠷᠬᠤ ᠵᠡᠷᠭᠡ ᠤᠨᠴᠠᠯᠢᠬ ᠢ᠋ᠢᠡᠷ᠂ ᠲᠤᠰᠬᠠᠢ ᠲᠣᠣᠷᠵᠢᠯ ᠪᠠ ᠦᠨᠳᠦᠰᠦᠨ ᠲᠣᠣᠷᠵᠢᠯ ᠬᠤᠪᠢᠶᠠᠵᠦ᠂ ᠲᠣᠣᠷᠵᠢᠯ᠎ᠤᠨ ᠦᠢᠯᠡᠴᠢᠯᠡᠭᠡᠨ᠎ᠦ ᠵᠦᠢᠯᠡᠰ᠎ᠢ ᠲᠣᠳᠣᠷᠬᠠᠢᠯᠠᠵᠤ᠂ ᠬᠠᠮᠢᠶᠠᠷᠤᠯᠲᠠ ᠦᠢᠯᠡᠴᠢᠯᠡᠭᠡᠨ᠎ᠦ ᠵᠦᠢᠯᠡᠰ᠎ᠢ ᠳᠣᠷᠣᠭ᠍ᠰᠢ ᠪᠠᠭᠤᠯᠭᠠᠬᠤ᠎ᠶᠢ ᠠᠬᠢᠭᠤᠯᠵᠤ᠂ ᠬᠢᠯᠢ᠎ᠶᠢᠨ ᠬᠠᠮᠢᠶᠠᠷᠤᠨ ᠡᠵᠡᠮᠳᠡᠬᠦ ᠪᠠ ᠠᠮᠤᠷ ᠲᠦᠪᠰᠢᠨ᠎ᠦ ᠰᠡᠷᠭᠡᠢᠯᠡᠨ ᠡᠵᠡᠮᠳᠡᠬᠦ᠎ᠶᠢ ᠪᠦᠬᠦᠨ ᠢ᠋ ᠬᠠᠮᠤᠷᠪᠠ᠃ ᠪᠥᠬᠥ ᠬᠣᠰᠢᠭᠤᠨ᠎ᠤ 62 ᠭᠠᠴᠠᠭ᠎ᠠ ᠨᠢ ᠨᠠᠮ᠎ᠤᠨ ᠭᠡᠰᠢᠭᠦᠨ ᠭᠣᠣᠯᠯᠠᠬᠤ ᠡᠷᠦᠬᠡ ᠪᠡᠷ ᠲᠦᠰᠢᠭ ᠪᠤᠯᠭᠠᠨ ᠮᠠᠯᠵᠢᠬᠤ ᠤᠷᠤᠨ᠎ᠳᠤ ᠦᠨᠳᠦᠰᠦᠨ ᠲᠣᠣᠷᠵᠢᠯ᠎ᠢ 174 ᠪᠠᠢᠭᠤᠯᠵᠤ᠂ ᠨᠠᠮ᠎ᠤᠨ ᠭᠡᠰᠢᠭᠦᠨ ᠭᠣᠣᠯᠯᠠᠬᠤ ᠡᠷᠦᠬᠡ᠎ᠪᠡᠷ ᠲᠣᠣᠷᠵᠢᠯ᠎ᠤᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠭᠦᠯᠦᠨ᠂ 386 ᠲᠤᠤᠷᠵᠢᠯ᠎ᠤᠨ ᠠᠵᠢᠯᠲᠠᠨ᠎ᠢ ᠲᠡᠭᠦᠯᠳᠡᠷᠵᠢᠭᠦᠯᠬᠦ᠎ᠶᠢᠨ ᠬᠠᠮᠲᠤ ᠨᠠᠮ᠎ᠤᠨ ᠭᠡᠰᠢᠭᠦᠨ᠎ᠦ ᠲᠣᠭ᠎ᠠ ᠨᠢ 3 ᠬᠥᠮᠥᠨ᠎ᠡᠴᠡ ᠳᠡᠭᠡᠭᠰᠢ ᠪᠠᠢᠬᠤ ᠲᠣᠣᠷᠵᠢᠯ᠎ᠳᠤ ᠴᠥᠮ ᠨᠠᠮ᠎ᠤᠨ ᠳᠤᠭᠤᠢᠯᠠᠩ᠎ᠢ ᠪᠠᠢᠭᠤᠯᠵᠤ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠪᠦᠷᠢᠨ ᠲᠡᠭᠦᠯᠳᠡᠷ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠲᠣᠣᠷᠵᠢᠯ᠎ᠤᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠰᠢᠰᠲᠧᠮ᠎ᠢ ᠪᠦᠷᠢᠯᠳᠦᠭᠦᠯᠵᠡᠢ᠃
ᠨᠡᠢᠭᠡᠮ ᠲᠣᠭᠣᠷᠢᠭ᠋᠎ᠤᠨ ᠲᠠᠯ᠎ᠠ᠎ᠪᠠᠷ᠂ ᠪᠥᠬᠥ ᠬᠣᠰᠢᠭᠤᠨ᠎ᠤ 16 ᠨᠡᠢᠭᠡᠮ ᠲᠣᠭᠣᠷᠢᠭ᠋᠎ᠲᠤ 99 ᠲᠤᠤᠷᠵᠢᠯ ᠲᠤᠬᠢᠷᠠᠭᠤᠯᠵᠦ᠂ ᠨᠡᠢᠭᠡᠮ ᠡᠴᠡ ᠢᠯᠡ᠎ᠪᠡᠷ ᠡᠯᠰᠡᠬᠦ ᠵᠡᠷᠭᠡ ᠠᠷᠭ᠎ᠠ ᠬᠡᠯᠪᠡᠷᠢ᠎ᠪᠡᠷ ᠲᠤᠰᠬᠠᠢ ᠪᠠ ᠲᠤᠰᠢᠶᠠᠯ ᠬᠠᠪᠰᠤᠷᠭᠠᠭᠰᠠᠨ ᠲᠤᠤᠷᠵᠢᠯ᠎ᠤᠨ ᠠᠵᠢᠯᠲᠠᠨ ᠢ᠋ ᠲᠣᠬᠢᠷᠠᠭᠤᠯᠵᠤ᠂ ᠪᠥᠬᠥ ᠬᠣᠰᠢᠭᠤᠨ᠎ᠳᠤ ᠣᠲᠣ᠌ 90 ᠲᠤᠰᠬᠠᠢ ᠲᠤᠰᠢᠶᠠᠯᠲᠤ ᠲᠤᠤᠷᠵᠢᠯ᠎ᠤᠨ ᠠᠵᠢᠯᠲᠠᠨ᠂ 481 ᠲᠤᠰᠢᠶᠠᠯ ᠬᠠᠪᠰᠤᠷᠭᠠᠭᠰᠠᠨ ᠲᠤᠤᠷᠵᠢᠯ᠎ᠤᠨ ᠠᠵᠢᠯᠲᠠᠨ ᠪᠠᠢᠵᠤ᠂ 《ᠰᠤᠮᠤ ᠪᠠᠯᠭᠠᠰᠤ︱ ᠭᠠᠴᠠᠭ᠎ᠠ (ᠨᠡᠢᠭᠡᠮ ᠲᠣᠭᠣᠷᠢᠭ᠋) ︱ ᠨᠠᠮ᠎ᠤᠨ ᠭᠡᠰᠢᠭᠦᠨ ᠭᠣᠣᠯᠯᠠᠬᠤ ᠡᠷᠦᠬᠡ (ᠲᠤᠤᠷᠵᠢᠯ)》 ᠢ᠋ᠢᠨ ᠸᠢᠴᠠᠲ᠎ᠤᠨ ᠦᠢᠯᠡᠴᠢᠯᠡᠭᠡᠨ᠎ᠦ ᠬᠤᠯᠪᠤᠭ᠎ᠠ ᠪᠠᠢᠭᠤᠯᠵᠦ᠂ ᠰᠦᠯᠵᠢᠶᠡᠨ ᠳᠡᠭᠡᠷᠡᠬᠢ ᠪᠠ ᠪᠤᠲᠠᠲᠤ ᠴᠤᠬᠴᠠ ᠢ᠋ᠢᠨ ᠦᠢᠯᠡᠴᠢᠯᠡᠭᠡ ᠵᠢ ᠪᠦᠬᠦᠨ ᠢ᠋ ᠪᠦᠷᠭᠦᠭᠦᠯᠪᠡ᠃ ᠡᠭᠦᠨ᠎ᠤ ᠬᠠᠮᠲᠦ᠂ 273 ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠦ ᠰᠠᠯᠪᠤᠷᠢ ᠪᠠᠭ᠎ᠠ ᠠᠩᠭᠢ᠎ᠶᠢ ᠵᠣᠬᠢᠶᠠᠨ ᠪᠠᠢᠭᠤᠯᠵᠤ᠂ ᠦᠢᠯᠡᠴᠢᠯᠡᠭᠡᠨ᠎ᠦ ᠲᠣᠭᠲᠠᠴᠠ᠎ᠶᠢ ᠪᠦᠷᠢᠨᠰᠢᠭᠦᠯᠦᠨ᠂ 《ᠨᠠᠮ᠎ᠤᠨ ᠪᠠᠢᠭᠤᠯᠤᠯᠲᠠ + ᠲᠣᠣᠷᠵᠢᠯ + ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ》᠎ᠪᠠᠷ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠠᠵᠢᠯ᠎ᠢ ᠯᠠᠪᠳᠠᠭᠤᠨ᠎ᠢᠶᠠᠷ ᠠᠬᠢᠭᠤᠯᠵᠤ᠂ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠦ ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠶ ᠪᠠᠢᠬᠤ᠎ᠶᠢ ᠦᠨᠡᠨ ᠬᠦ᠌ ᠪᠠᠲᠤᠯᠠᠪᠠ᠃
ᠦᠢᠯᠡᠴᠢᠯᠡᠭᠡᠨ᠎ᠦ ᠰᠢᠰᠲᠧᠮ᠎ᠤᠨ ᠲᠣᠣᠷ᠎ᠢ ᠨᠢᠭ᠍ᠲᠠ ᠰᠦᠯᠵᠢᠵᠦ ᠦᠨᠳᠦᠰᠦᠨ ᠱᠠᠲᠤᠨ᠎ᠤ ᠵᠠᠰᠠᠯᠲᠠ᠎ᠶᠢ ᠨᠠᠷᠢᠯᠢᠭ᠍ᠵᠢᠭᠤᠯᠪᠠ
ᠵᠡᠭᠦᠨ ᠦᠵᠦᠮᠦᠴᠢᠨ ᠬᠤᠰᠢᠭᠤ ᠭᠠᠵᠠᠷ ᠤᠷᠤᠨ᠎ᠤ ᠪᠤᠲᠠᠲᠤ ᠪᠠᠢᠳᠠᠯ᠎ᠳᠠᠭᠠᠨ ᠲᠤᠬᠢᠷᠠᠭᠤᠯᠤᠨ᠂ ᠦᠢᠯᠡᠴᠢᠯᠡᠭᠡᠨ᠎ᠤ ᠲᠤᠤᠷ᠎ᠢ ᠨᠢᠬᠲᠠ ᠰᠦᠯᠵᠢᠵᠦ᠂ ᠨᠡᠢᠭᠡᠮ ᠲᠣᠭᠣᠷᠢᠭ᠋᠎ᠲᠤ 《ᠵᠣᠬᠢᠶᠠᠨ ᠪᠠᠢᠭᠤᠯᠤᠯᠲᠠ ᠵᠢ ᠬᠤᠯᠪᠤᠭᠠᠯᠠᠨ ᠪᠠᠶ᠋ᠢᠭᠤᠯᠵᠦ᠂ ᠨᠠᠮ᠎ᠤᠨ ᠭᠡᠰᠢᠭᠦᠨ ᠢ᠋ ᠬᠠᠮᠲᠤ᠎ᠪᠠᠷ ᠬᠠᠮᠢᠶᠠᠷᠬᠤ᠂ ᠬᠠᠮᠢᠶᠠᠷᠤᠯᠲᠠ ᠵᠢ ᠬᠤᠯᠪᠤᠭᠠᠯᠠᠨ ᠬᠡᠷᠡᠭᠵᠢᠭᠦᠯᠵᠦ᠂ ᠬᠥᠭᠵᠢᠯᠲᠡ ᠵᠢ ᠬᠠᠮᠲᠤ᠎ᠪᠠᠷ ᠵᠥᠪᠯᠡᠬᠦ᠂ ᠬᠦᠴᠦᠨ ᠢ᠋ ᠬᠤᠯᠪᠤᠭᠠᠯᠠᠨ ᠬᠦᠳᠡᠯᠭᠡᠵᠦ᠂ ᠦᠢᠯᠡᠴᠢᠯᠡᠭᠡ ᠵᠢ ᠬᠠᠮᠲᠤ᠎ᠪᠠᠷ ᠠᠬᠢᠭᠤᠯᠬᠤ ᠂ ᠡᠬᠢ ᠪᠠᠶᠠᠯᠢᠭ᠋᠎ᠢ ᠬᠤᠯᠪᠤᠭᠠᠯᠠᠨ ᠡᠳ᠋ᠯᠡᠵᠦ᠂ ᠰᠣᠶᠣᠯ᠎ᠢ ᠬᠠᠮᠲᠤ᠎ᠪᠠᠷ ᠪᠣᠢᠵᠢᠭᠤᠯᠬᠤ ᠂ ᠠᠮᠤᠷ ᠠᠮᠤᠭᠤᠯᠠᠩ ᠢ᠋ ᠬᠤᠯᠪᠤᠭᠠᠯᠠᠨ ᠰᠡᠷᠭᠡᠢᠯᠡᠵᠦ᠂ ᠡᠶ᠎ᠡ ᠵᠣᠬᠢᠴᠠᠯᠢ᠋ ᠬᠠᠮᠲᠤ᠎ᠪᠠᠷ ᠡᠭᠦᠳᠬᠦ》 《ᠲᠠᠪᠤ᠎ᠶᠢ ᠬᠣᠯᠪᠣᠭᠠᠯᠠᠨ ᠲᠠᠪᠤ᠎ᠶᠢ ᠬᠠᠮᠲᠤ᠎ᠪᠠᠷ ᠡᠭᠦᠳᠬᠦ》 ᠵᠠᠰᠠᠯᠲᠠ᠎ᠶᠢᠨ ᠵᠠᠭᠪᠤᠷ᠎ᠢ ᠬᠡᠷᠡᠭᠵᠢᠭᠦᠯᠵᠦ᠂ ᠲᠥᠷᠥ᠍᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠵᠥᠷᠢᠴᠡᠯ᠎ᠢ ᠡᠶᠡᠳᠡᠭᠦᠯᠬᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠵᠡᠷᠭᠡ ᠣᠯᠠᠨ ᠶᠠᠩᠵᠤ᠎ᠶᠢᠨ ᠦᠢᠯᠡᠴᠢᠯᠡᠭᠡᠨ᠎ᠦ ᠲᠥᠷᠥᠯ ᠵᠦᠢᠯ᠎ᠢ ᠥᠷᠨᠢᠭᠦᠯᠵᠦ᠂ 《ᠣᠯᠠᠨ ᠲᠦᠮᠡᠨ ᠦᠢᠯᠡᠴᠢᠯᠡᠭᠡ ᠵᠠᠬᠢᠶᠠᠯᠠᠬᠤ᠂ ᠨᠡᠢᠭᠡᠮ ᠲᠣᠭᠣᠷᠢᠭ᠋ ᠡᠴᠡ ᠵᠠᠬᠢᠶᠠᠯᠠᠭ᠎ᠠ ᠲᠣᠮᠢᠯᠠᠬᠤ᠂ ᠨᠠᠮ᠎ᠤᠨ ᠭᠡᠰᠢᠭᠦᠨ ᠵᠠᠬᠢᠶᠠᠯᠠᠭ᠎ᠠ ᠭᠥᠯᠢᠶᠡᠨ ᠠᠪᠬᠤ》 ᠦᠢᠯᠡᠴᠢᠯᠡᠭᠡᠨ᠎ᠦ ᠵᠠᠭᠪᠤᠷ᠎ᠢ ᠬᠡᠷᠡᠭᠵᠢᠭᠦᠯᠵᠦ᠂ ᠣᠯᠠᠨ ᠲᠦᠮᠡᠨ᠎ᠳᠦ ᠪᠦᠯᠬᠦᠮ ᠮᠠᠶᠢᠭ᠋᠎ᠤᠨ᠂ ᠲᠤᠰᠬᠠᠢᠵᠢᠭ᠍ᠰᠠᠨ ᠦᠢᠯᠡᠴᠢᠯᠡᠭᠡ ᠬᠠᠩᠭᠠᠪᠠ᠃
ᠮᠠᠯᠵᠢᠬᠤ ᠣᠷᠣᠨ᠎ᠳᠤ 《ᠭᠠᠴᠠᠭᠠᠨ᠎ᠤ ᠨᠠᠮ᠎ᠤᠨ ᠬᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠲᠥᠪᠯᠡᠷᠡᠭᠦᠯᠦᠨ ᠭᠦᠢᠴᠡᠳᠬᠡᠬᠦ ᠡᠳᠦᠷ+ ᠨᠠᠮ᠎ᠤᠨ ᠭᠡᠰᠢᠭᠦᠨ ᠭᠣᠣᠯᠯᠠᠬᠤ ᠡᠷᠦᠬᠡ᠎ᠶᠢᠨ ᠣᠷᠣᠯᠠᠨ ᠭᠦᠢᠴᠡᠳᠬᠡᠬᠦ ᠴᠡᠭ + 〈ᠬᠣᠶᠠᠷ ᠵᠥᠪᠯᠡᠯ〉 ᠤ᠋ᠨ ᠪᠦᠷᠢᠯᠳᠦᠭᠦᠨ᠎ᠦ ᠪᠥᠬᠥ ᠶᠠᠪᠤᠴᠠ᠎ᠳᠤ ᠣᠷᠣᠯᠠᠨ ᠭᠦᠢᠴᠡᠳᠭᠡᠬᠦ》 ᠦᠢᠯᠡᠴᠢᠯᠡᠭᠡᠨ᠎ᠦ ᠵᠠᠭᠪᠤᠷ᠎ᠢ ᠬᠡᠷᠡᠭᠵᠢᠭᠦᠯᠵᠦ᠂ 《ᠡᠩ᠎ᠦᠨ ᠦᠶ᠎ᠡ᠎ᠳᠦ》 ᠬᠣᠯᠪᠤᠭᠠᠯᠠᠨ ᠪᠠᠢᠭᠤᠯᠵᠤ ᠬᠠᠮᠲᠤ᠎ᠪᠠᠷ ᠵᠠᠰᠠᠵᠦ᠂ 《ᠪᠠᠴᠢᠮ ᠪᠠᠢᠳᠠᠯ》 ᠳ᠋ᠤ ᠬᠣᠯᠪᠤᠭᠠᠯᠠᠨ ᠬᠥᠳᠡᠯᠦᠯᠴᠡᠬᠦ᠎ᠶᠢ ᠪᠡᠶᠡᠯᠡᠭᠦᠯᠦᠨ᠂ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ ᠪᠠ ᠵᠠᠰᠠᠯᠲᠠ᠎ᠶᠢᠨ ᠬᠦᠴᠢᠷ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠪᠡ᠃
ᠵᠡᠭᠦᠨ ᠦᠵᠦᠮᠦᠴᠢᠨ ᠬᠤᠰᠢᠭᠤ ᠪᠠᠰᠠ ᠨᠠᠮ᠎ᠤᠨ ᠵᠣᠬᠢᠶᠠᠨ ᠪᠠᠢᠭᠤᠯᠤᠯᠲᠠ᠎ᠪᠠᠷ《ᠲᠥᠪ》 ᠪᠣᠯᠭᠠᠵᠤ ᠂ ᠠᠵᠢᠯ᠎ᠤᠨ ᠪᠠᠢᠷᠢᠨ᠎ᠳᠤ ᠪᠠᠢᠭ᠎ᠠ ᠨᠠᠮ᠎ᠤᠨ ᠭᠡᠰᠢᠭᠦᠨ᠂ ᠨᠡᠢᠭᠡᠮ ᠲᠣᠭᠣᠷᠢᠭ᠋᠎ᠤᠨ 《ᠬᠣᠶᠠᠷ ᠵᠥᠪᠯᠡᠯ》 ᠤ᠋ᠨ ᠪᠦᠷᠢᠯᠲᠦᠭᠦᠨ᠂ ᠰᠠᠢᠨ ᠳᠤᠷᠠᠴᠤᠳ᠂ 《ᠬᠣᠶᠠᠷ ᠰᠢᠨ᠎ᠡ》ᠵᠣᠬᠢᠶᠠᠨ ᠪᠠᠢᠭᠤᠯᠤᠯᠲᠠ ᠵᠡᠷᠭᠡ ᠣᠯᠠᠨ ᠲᠠᠯ᠎ᠠ᠎ᠶᠢᠨ ᠬᠦᠴᠦᠨ᠎ᠢ ᠡᠮᠬᠢᠯᠡᠨ ᠨᠡᠢᠯᠡᠭᠦᠯᠵᠦ᠂ ᠲᠣᠣᠷᠵᠢᠯ᠎ᠳᠤ ᠦᠢᠯᠡᠴᠢᠯᠡᠵᠦ ᠪᠠᠢᠭ᠎ᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ᠂ ᠨᠠᠮ᠎ᠤᠨ ᠭᠡᠰᠢᠭᠦᠨ ᠰᠠᠢᠨ ᠳᠤᠷᠠᠴᠤᠳ᠎ᠤᠨ ᠡᠩᠨᠡᠭᠡ᠎ᠶᠢ ᠪᠠᠢᠭᠤᠯᠵᠦ᠂ ᠨᠠᠮ᠎ᠤᠨ ᠭᠡᠰᠢᠭᠦᠨ᠎ᠦ ᠭᠠᠪᠰᠢᠭᠠᠢ ᠠᠩᠭᠢ᠂ ᠬᠣᠰᠢᠭᠤᠴᠢ ᠠᠩᠭᠢ ᠵᠡᠷᠭᠡ᠎ᠶᠢ ᠵᠣᠬᠢᠶᠠᠨ ᠪᠠᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠂ ᠦᠶᠡᠷ᠎ᠢ ᠰᠡᠷᠭᠡᠢᠯᠡᠨ ᠭᠠᠮᠰᠢᠭ᠋ ᠡᠴᠡ ᠠᠪᠤᠷᠠᠬᠤ ᠵᠡᠷᠭᠡ ᠪᠠᠴᠢᠮ ᠪᠠᠢᠳᠠᠯ᠎ᠢ ᠠᠷᠭᠠᠴᠠᠭᠠᠬᠤ ᠭᠡᠨᠡᠳᠲᠡ᠎ᠶᠢᠨ ᠬᠡᠷᠡᠭ᠎ᠢ ᠰᠢᠢᠳᠪᠦᠷᠢᠯᠡᠬᠦ ᠠᠵᠢᠯ᠎ᠤᠨ ᠳᠤᠮᠳᠠ ᠰᠠᠢᠨ ᠳᠤᠷ᠎ᠠ᠎ᠶᠢᠨ ᠦᠢᠯᠡᠴᠢᠯᠡᠭᠡᠨ᠎ᠦ ᠦᠢᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠪᠥᠬᠥ ᠬᠣᠰᠢᠭᠤᠨ᠎ᠤ ᠦᠨᠳᠦᠰᠦᠨ ᠱᠠᠲᠤᠨ᠎ᠤ ᠵᠠᠰᠠᠯᠲᠠ ᠢ᠋ᠢᠨ ᠲᠦᠪᠰᠢᠨ ᠢ᠋ ᠲᠡᠭᠡᠭᠰᠢᠯᠡᠭᠦᠯᠦᠭᠰᠡᠨ ᠪᠠᠢᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠡᠴᠡ ᠨᠠᠭᠠᠰᠢ᠂ ᠨᠡᠢ᠍ᠢᠳᠡ 75 ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠲᠤᠤᠷᠵᠢᠯ᠎ᠤᠨ ᠲᠦᠷ ᠴᠠᠭ᠎ᠤᠨ ᠨᠠᠮ᠎ᠤᠨ ᠡᠭᠦᠷ᠂ 25 ᠨᠠᠮ᠎ᠤᠨ ᠭᠡᠰᠢᠭᠦᠨ᠎ᠦ ᠬᠣᠰᠢᠭᠤᠴᠢ ᠠᠵᠢᠯ᠎ᠤᠨ ᠪᠠᠢᠷᠢ᠂ 100 ᠭᠠᠷᠤᠢ ᠨᠠᠮ᠎ᠤᠨ ᠭᠡᠰᠢᠭᠦᠨ᠎ᠦ ᠦᠢᠯᠡᠴᠢᠯᠡᠭᠡᠨ᠎ᠦ ᠠᠩᠭᠢ ᠵᠢ ᠪᠠᠢᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠢᠵᠢᠭ ᠲᠠᠢ ᠲᠡᠮᠡᠴᠡᠵᠦ᠂ ᠰᠡᠷᠭᠡᠢᠯᠡᠨ ᠡᠵᠡᠮᠳᠡᠬᠦ ᠴᠢᠩᠭ᠎ᠠ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠠᠷᠠᠳ ᠤᠯᠠᠨ᠎ᠤ ᠠᠮᠢ ᠨᠠᠰᠤ ᠡᠷᠡᠭᠦᠯ ᠮᠡᠨᠳᠤ᠎ᠶᠢᠨ ᠠᠮᠤᠷ ᠲᠦᠪᠰᠢᠨ᠎ᠢ ᠰᠠᠢᠲᠤᠷ ᠬᠠᠮᠠᠭᠠᠯᠠᠪᠠ᠃
(ᠬᠡᠷᠡᠯ ᠵᠢᠷᠤᠭ᠎ᠢ ᠵᠡᠭᠦᠨ ᠦᠵᠦᠮᠦᠴᠢᠨ ᠬᠤᠰᠢᠭᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ ᠡᠴᠡ ᠬᠠᠩᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃