2023-07-03 10:04:47
《ᠠᠭᠤᠤ ᠶᠡᠬᠡ ᠵᠣᠷᠢᠭ ᠰᠠᠨᠠᠭ᠎ᠠ ᠠᠭᠤᠤ ᠶᠡᠬᠡ ᠦᠢᠯᠡᠰ᠎ᠢ ᠬᠦᠳᠦᠯᠥᠨ ᠳᠠᠭᠠᠭᠤᠯᠤᠨᠠᠮ — ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ》 ᠭᠣᠣᠯ ᠰᠡᠳᠦᠪᠲᠦ ᠦᠵᠡᠰᠬᠦᠯᠡᠩ ᠦᠵᠡᠭ᠌ᠴᠢᠳ᠎ᠦᠨ ᠬᠠᠯᠠᠭᠤᠨ ᠬᠦᠷᠢᠶᠡᠯᠡᠯ᠎ᠢ ᠤᠯᠪᠠ
ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠡᠷᠡᠮᠡᠭᠡᠢᠯᠡᠨ ᠤᠷᠤᠬᠰᠢᠯᠠᠬᠤ ᠬᠦᠴᠤᠨ ᠴᠢᠳᠠᠯ ᠢ᠋ ᠬᠤᠷᠠᠮᠳᠤᠭᠤᠯᠤᠨ᠎ᠠ
ᠵᠠᠭᠤ ᠭᠠᠷᠤᠶ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠣᠷᠳᠣ ᠬᠤᠭᠤᠴᠠᠭᠠᠨ᠎ᠤ ᠲᠡᠮᠡᠴᠡᠯ᠎ᠦᠨ ᠳᠤᠮᠳᠠ᠎ᠪᠠᠨ ᠠᠯᠢ ᠣᠯᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠪᠣᠶ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠶᠤᠨ ᠰᠠᠨᠠᠭᠠᠨ᠎ᠤ ᠴᠠᠳᠢᠭ᠎ᠢ ᠪᠦᠷᠢᠯᠳᠦᠭᠦᠯᠵᠡᠶ᠃
7 ᠰᠠᠷ᠎ᠠ᠎ᠶ᠋ᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠭᠣᠣᠯᠯᠠᠨ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ ᠤ᠋ᠨ ᠣᠷᠳᠣᠨ᠎ᠡᠴᠡ ᠳᠠᠭᠠᠭᠠᠴᠢᠯᠠᠨ ᠡᠷᠬᠢᠯᠡᠭ᠌ᠰᠡᠨ 《ᠠᠭᠤᠤ ᠶᠡᠬᠡ ᠵᠣᠷᠢᠭ ᠰᠠᠨᠠᠭ᠎ᠠ ᠠᠭᠤᠤ ᠶᠡᠬᠡ ᠦᠢᠯᠡᠰ᠎ᠢ ᠬᠦᠳᠦᠯᠥᠨ ᠳᠠᠭᠠᠭᠤᠯᠤᠨᠠᠮ — ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ》 ᠭᠡᠬᠦ᠌ ᠭᠣᠣᠯ ᠰᠡᠳᠦᠪᠲᠦ ᠦᠵᠡᠰᠬᠦᠯᠡᠩ ᠵᠢᠩᠬᠢᠨᠢ᠎ᠪᠡᠷ ᠡᠬᠢᠯᠡᠵᠤ᠂ ᠲᠣᠭᠣᠷᠢᠨ ᠦᠵᠡᠬᠦ᠌᠎ᠪᠡᠷ ᠢᠷᠡᠭ᠌ᠰᠡᠨ ᠦᠵᠡᠭ᠌ᠴᠢᠳ ᠲᠠᠰᠤᠷᠠᠰᠢ ᠦᠭᠡᠢ ᠴᠤᠪᠤᠷᠠᠬᠰᠠᠨ ᠪᠠᠢᠨ᠎ᠠ᠃

7 ᠰᠠᠷ᠎ᠠ ᠵᠢᠨ 1᠎ᠤ᠋ ᠡᠳᠦᠷ᠂ ᠦᠵᠡᠭᠴᠢᠳ 《ᠠᠭᠤᠤ ᠶᠡᠬᠡ ᠵᠣᠷᠢᠭ ᠰᠠᠨᠠᠭ᠎ᠠ ᠠᠭᠤᠤ ᠶᠡᠬᠡ ᠦᠢᠯᠡᠰ᠎ᠢ ᠬᠦᠳᠦᠯᠥᠨ ᠳᠠᠭᠠᠭᠤᠯᠤᠨᠠᠮ — ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ》 ᠭᠡᠬᠦ᠌ ᠭᠣᠣᠯ ᠰᠡᠳᠦᠪᠲᠦ ᠦᠵᠡᠰᠭᠦᠯᠡᠩ᠎ᠢ ᠲᠤᠭᠤᠷᠢᠨ ᠦᠵᠡᠵᠦ ᠪᠠᠢᠭ᠎ᠠ ᠨᠢ᠃
ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠯᠸᠢ ᠰᠡᠭᠦᠳᠡᠷᠯᠡᠪᠡ
ᠦᠵᠡᠰᠭᠦᠯᠡᠩ ᠨᠢ ᠠᠩᠬᠠᠳᠤᠭᠠᠷ ᠪᠦᠯᠦᠭ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠲᠤ ᠣᠷᠣᠭᠤᠯᠤᠭ᠍ᠰᠠᠨ 46 ᠵᠦᠢᠯ᠎ᠦᠨ ᠵᠣᠷᠢᠭ ᠰᠠᠨᠠᠭ᠎ᠠ᠎ᠪᠠᠷ ᠬᠣᠯᠪᠣᠭᠠᠰᠤ ᠪᠣᠯᠭᠠᠵᠤ᠂ ᠠᠯᠢ ᠤᠯᠠᠨ ᠪᠡᠯᠭᠡ ᠳᠡᠮᠳᠡᠭ᠎ᠦᠨ ᠴᠢᠨᠠᠷᠲᠠᠢ ᠲᠡᠦᠬᠡᠨ ᠬᠡᠷᠡᠭ ᠶᠠᠪᠤᠳᠠᠯ᠂ ᠠᠯᠢ ᠤᠯᠠᠨ ᠠᠮᠢᠳᠤᠯᠢᠭ ᠪᠥᠭᠡᠳ ᠶᠡᠷᠦ᠍ ᠪᠤᠰᠤ᠎ᠶ᠋ᠢᠨ ᠦᠯᠢᠬᠡᠷ᠎ᠢᠶᠡᠷ ᠦᠵᠡᠭ᠌ᠴᠢᠳ᠎ᠲᠦ ᠠᠭᠤᠤ ᠶᠡᠬᠡ ᠵᠣᠷᠢᠭ ᠰᠠᠨᠠᠭ᠎ᠠ᠎ᠶ᠋ᠢᠨ ᠪᠤᠢ ᠪᠣᠯᠤᠭ᠍ᠰᠠᠨ ᠲᠡᠦᠬᠡᠨ ᠠᠬᠤᠢ ᠪᠠᠢᠳᠠᠯ᠂ ᠪᠦᠷᠢᠯᠳᠦᠭ᠌ᠰᠡᠨ ᠶᠠᠪᠤᠴᠠ᠎ᠶ᠋ᠢ ᠲᠣᠭᠠᠴᠢᠵᠤ᠂ ᠦᠵᠡᠭ᠌ᠴᠢᠳ᠎ᠢ ᠬᠦᠳᠦᠯᠦᠨ ᠵᠢᠯᠣᠭᠣᠳᠴᠤ᠌ ᠪᠠᠢᠭᠠᠳ ᠵᠣᠷᠢᠭ ᠰᠠᠨᠠᠭᠠᠨ᠎ᠤ ᠠᠤᠭ᠎ᠠ ᠬᠦᠴᠦᠨ᠎ᠢ ᠨᠢ ᠤᠢ᠍ᠢᠯᠠᠭᠠᠭᠤᠯᠵᠤ᠂ ᠲᠡᠦᠬᠡ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠭᠦᠯᠵᠦ᠍᠂ ᠡᠪ ᠬᠠᠮᠲᠤᠴᠤᠳ᠎ᠤᠨ ᠤᠶᠤᠨ ᠰᠠᠨᠠᠭᠠᠨ᠎ᠤ ᠠᠮᠢᠨ ᠰᠤᠳᠠᠰᠤ᠎ᠶ᠋ᠢ ᠦᠷᠭᠦᠯᠵᠢᠯᠡᠭᠦᠯᠪᠡ᠃
ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠤ ᠳᠡᠳ᠋ ᠳᠠᠷᠤᠭ᠎ᠠ ᠱᠢᠤᠸᠠᠢ ᠯᠢ ᠳ᠋ᠦᠩ᠄ 《ᠡᠨᠡ ᠤᠳᠠᠭ᠎ᠠ᠎ᠶ᠋ᠢᠨ ᠦᠵᠡᠰᠭᠦᠯᠡᠩ᠎ᠦᠨ ᠬᠡᠷᠡᠯ ᠵᠢᠷᠤᠭ᠎ᠤᠨ ᠲᠣᠭ᠎ᠠ᠂ ᠭᠣᠣᠯ ᠠᠭᠤᠯᠭ᠎ᠠ ᠨᠢ ᠣᠳᠣᠬᠠᠨ᠎ᠤ ᠪᠦᠬᠦ᠌ ᠤᠯᠤᠰ᠎ᠤᠨ ᠤᠶᠤᠨ ᠰᠠᠨᠠᠭᠠᠨ᠎ᠤ ᠴᠠᠳᠢᠭ᠎ᠤᠨ ᠱᠢᠰᠲᠸᠮ᠎ᠤᠨ ᠦᠵᠡᠰᠭᠦᠯᠡᠩ᠎ᠦᠨ ᠳᠣᠲᠣᠷᠠᠬᠢ ᠬᠠᠮᠤᠭ᠎ᠤᠨ ᠪᠠᠶᠠᠯᠢᠭ᠂ ᠬᠠᠮᠤᠭ᠎ᠤᠨ ᠪᠦᠬᠦ᠌ ᠲᠠᠯ᠎ᠠ᠎ᠶ᠋ᠢᠨ ᠪᠠᠢᠨ᠎ᠠ᠃ ᠦᠵᠡᠰᠭᠦᠯᠡᠩ᠎ᠢ 32 ᠡᠳᠦᠷ ᠲᠥᠪᠯᠡᠷᠡᠭᠦᠯᠦᠨ ᠪᠡᠯᠡᠳᠭᠡᠵᠦ᠍᠂ ᠪᠢᠳᠡ ᠬᠠᠮᠤᠭ᠎ᠤᠨ ᠱᠢᠯᠢᠳᠡᠭ ᠦᠵᠡᠰᠭᠦᠯᠡᠩ᠎ᠦᠨ ᠪᠦᠯᠬᠦᠮ᠎ᠢ ᠵᠣᠬᠢᠶᠠᠨ ᠪᠠᠢᠭᠤᠯᠵᠤ᠂ ᠦᠵᠡᠰᠭᠦᠯᠡᠩ᠎ᠦᠨ ᠠᠭᠤᠯᠭ᠎ᠠ ᠪᠠ ᠬᠡᠯᠪᠡᠷᠢ᠎ᠶ᠋ᠢ ᠨᠠᠷᠢᠨ ᠨᠢᠮᠪᠠᠶ ᠲᠥᠰᠦᠪᠯᠡᠵᠦ᠍᠂ ᠪᠥᠬᠥ᠌ ᠤᠯᠤᠰ᠎ᠤᠨ 36 ᠮᠦᠽᠧᠶ᠂ ᠳᠤᠷᠠᠰᠭᠠᠯ᠎ᠤᠨ ᠣᠷᠳᠣᠨ᠎ᠡᠴᠡ 3000 ᠭᠠᠷᠤᠶ ᠬᠤᠪᠢ ᠬᠣᠪᠣᠷ ᠨᠠᠨᠳᠢᠨ ᠨᠠᠷᠢᠯᠢᠬ ᠪᠣᠳᠠᠲᠠᠶ ᠦᠵᠡᠰᠭᠦᠯᠡᠩ᠎ᠦᠨ ᠮᠠᠲ᠋ᠧᠷᠢᠶᠠᠯ ᠢ᠋ ᠴᠤᠭ᠍ᠯᠠᠭᠤᠯᠵᠤ᠂ ᠲᠡᠭᠦᠨ᠎ᠦ ᠳᠣᠲᠣᠷ᠎ᠠ᠎ᠡᠴᠡ 472 ᠬᠤᠪᠢ ᠬᠡᠷᠡᠯ ᠵᠢᠷᠤᠭ᠂ 43 ᠬᠤᠪᠢ ᠵᠢᠷᠤᠭ ᠬᠦᠰᠦᠨᠦᠭ᠌ᠲᠦ᠂ 150 ᠬᠤᠪᠢ ᠥᠰᠥᠭ ᠪᠢᠴᠢᠭ᠎ᠦᠨ ᠬᠡᠪᠯᠡᠯ᠂ 82 ᠬᠤᠪᠢ (ᠢᠵᠢ) ᠪᠣᠳᠠᠲᠤ ᠪᠣᠳᠠᠰ᠎ᠤᠨ ᠦᠵᠡᠭᠦᠯᠭᠡ᠎ᠶ᠋ᠢᠨ ᠪᠣᠳᠠᠰ᠎ᠢ ᠰᠣᠩᠭᠣᠨ ᠠᠪᠤᠪᠠ᠃ ᠡᠭᠦᠨ᠎ᠦ ᠵᠡᠷᠭᠡ ᠪᠡᠷ᠂ ᠦᠵᠡᠰᠬᠦᠯᠡᠩ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠂ 〈ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ〉᠂ ᠨᠢᠦ ᠢᠦᠢ ᠷᠦ᠋ ᠵᠢᠨ ᠵᠣᠷᠢᠭ ᠰᠠᠨᠠᠭᠠᠨ᠎ᠤ ᠥᠪᠡᠷᠮᠢᠴᠡ ᠦᠨ᠎ᠡ ᠦᠷᠳᠡᠭ ᠪᠣᠯᠤᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠱᠢᠰᠲᠸᠮ ᠲᠠᠢ ᠪᠡᠷ ᠲᠣᠳᠣᠷᠬᠠᠢᠯᠠᠨ ᠥᠭᠦᠯᠡᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠱᠢᠨ᠎ᠡ ᠠᠶᠠᠨᠳᠠᠭᠠᠨ ᠵᠣᠷᠢᠭ᠍ᠲᠠᠢ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠤᠭ ᠵᠢᠪᠬᠤᠭ᠎ᠠ᠎ᠶ᠋ᠢ ᠢᠯᠡᠷᠡᠭᠦᠯᠬᠦ᠌᠎ᠶ᠋ᠢ ᠵᠣᠷᠢᠭ᠍ᠵᠢᠭᠤᠯᠵᠠᠢ》 ᠭᠡᠵᠤ ᠬᠡᠯᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠬᠠᠯᠠ ᠵᠣᠪᠠᠯᠠᠩ᠎ᠢ ᠬᠠᠰᠢᠷᠠᠲᠠᠯ᠎ᠠ ᠠᠮᠰᠠᠬᠰᠡᠨ ᠪᠤᠯᠪᠠᠴᠤ ᠦᠶ᠎ᠠ ᠤᠯᠠᠷᠢᠨ ᠤᠷᠤᠰᠢᠨ ᠲᠤᠬᠳᠠᠨᠢᠵᠤ ᠴᠢᠳᠠᠬᠰᠡᠨ ᠪᠤᠢ? ᠶᠠᠭᠤᠨ᠎ᠳᠤ ᠵᠠᠭᠤᠨ ᠵᠢᠯ᠎ᠢ ᠥᠩᠭᠡᠷᠡᠭᠦᠯᠦᠭ᠌ᠰᠡᠨ ᠪᠣᠯᠪᠠᠴᠤ᠌ ᠴᠤᠭ ᠵᠢᠪᠬᠤᠭ᠎ᠠ ᠪᠠᠳᠠᠷᠠᠩᠭᠤᠶ ᠪᠤᠢ? ᠲᠠᠢᠯᠪᠤᠷᠢᠯᠠᠭ᠍ᠴᠢ᠎ᠶ᠋ᠢᠨ ᠭᠣᠢᠳᠠ ᠰᠠᠢᠬᠠᠨ ᠶᠠᠷᠢᠶ᠎ᠠ ᠨᠢ ᠦᠵᠡᠭ᠌ᠴᠢᠳ᠎ᠢ ᠳᠠᠭᠠᠭᠤᠯᠵᠤ ᠦᠵᠡᠰᠭᠦᠯᠡᠩ᠎ᠢ ᠲᠤᠭᠤᠷᠢᠨ ᠦᠵᠡᠬᠦᠯᠵᠦ᠂ ᠠᠭᠤᠤ ᠶᠡᠬᠡ ᠵᠣᠷᠢᠭ ᠰᠠᠨᠠᠭ᠎ᠠ᠎ᠶ᠋ᠢ ᠣᠢᠯᠠᠭᠠᠭᠤᠯᠤᠨ᠎ᠠ ᠃ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠤ ᠤᠬᠠᠭᠤᠯᠭ᠎ᠠ ᠬᠥᠮᠦᠵᠢᠯ᠎ᠦᠨ ᠬᠡᠯᠲᠡᠰ᠎ᠦᠨ ᠡᠷᠬᠢᠯᠡᠭ᠌ᠴᠢ ᠮᠠ ᠵᠢᠩ᠄《ᠪᠢᠳᠡ 2.5 ᠲᠦᠮᠡᠨ ᠥᠰᠥᠭ᠎ᠦᠨ ᠲᠠᠢᠯᠪᠤᠷᠢᠯᠠᠬᠤ ᠦᠭᠡ ᠲᠤᠭᠤᠷᠪᠢᠵᠤ ᠂ 10 ᠡᠳᠦᠷ ᠬᠡᠷᠡᠭ᠌ᠰᠡᠵᠦ᠍ ᠲᠠᠢᠯᠪᠤᠷᠢᠯᠠᠬᠤ ᠦᠭᠡ᠎ᠶ᠋ᠢ ᠣᠢᠯᠠᠭᠠᠬᠤ᠎ᠶ᠋ᠢᠨ ᠵᠡᠷᠭᠡ ᠪᠡᠷ ᠲᠠᠢᠯᠪᠤᠷᠢᠯᠠᠬᠤ ᠦᠭᠡ ᠬᠡᠯᠡ ᠪᠣᠯᠭᠠᠨ ᠤᠯᠠᠷᠢᠭᠤᠯᠵᠠᠢ᠃ ᠲᠣᠭᠣᠷᠢᠨ ᠦᠵᠡᠬᠦ᠌ ᠪᠠ ᠲᠠᠢᠯᠪᠤᠷᠢᠯᠠᠬᠤ ᠶᠠᠪᠤᠴᠠ᠎ᠳᠤ᠂ ᠴᠠᠭ ᠦᠶ᠎ᠡ ᠪᠦᠷᠢ ᠨᠢ ᠴᠥᠮ ᠲᠡᠬᠦᠨ᠎ᠤ ᠤᠶᠤᠨ ᠰᠠᠨᠠᠭᠠᠨ᠎ᠤ ᠠᠭᠤᠯᠤᠭ᠍ᠳᠠᠬᠤᠨ ᠪᠠ ᠠᠴᠢ ᠬᠣᠯᠪᠣᠭ᠍ᠳᠠᠯ᠎ᠲᠠᠶ ᠪᠠᠢᠳᠠᠭ ᠢ᠋ ᠮᠡᠳᠡᠷᠡᠪᠡ᠃ ᠦᠵᠡᠭ᠌ᠴᠢᠳ ᠲᠣᠭᠣᠷᠢᠨ ᠦᠵᠡᠬᠦ᠌ ᠶᠠᠪᠤᠴᠠ᠎ᠳᠠᠭᠠᠨ ᠪᠢᠳᠠᠨ᠎ᠲᠡᠶ ᠮᠠᠰᠢ ᠤᠯᠠᠨ ᠬᠤᠷᠱᠢᠯᠴᠠᠭᠠᠬᠢᠵᠤ᠂ ᠪᠢᠳᠠ ᠤᠯᠠᠨ᠎ᠲᠠᠶ ᠬᠠᠮᠲᠤ ᠡᠳᠡᠭᠡᠷ ᠠᠭᠤᠤ ᠶᠡᠬᠡ ᠵᠣᠷᠢᠭ ᠰᠠᠨᠠᠭᠠᠨ᠎ᠤ ᠱᠢᠨ᠎ᠡ ᠴᠠᠭ ᠦᠶ᠎ᠡ᠎ᠳᠦ ᠰᠠᠴᠤᠷᠠᠨ ᠪᠠᠳᠠᠷᠠᠭ᠍ᠰᠠᠨ ᠬᠡᠷᠡᠯ ᠭᠢᠯᠪᠠᠭᠠᠪᠠ ᠦᠯᠢᠭᠡᠷ ᠳᠠᠭᠤᠷᠢᠶᠠᠯ᠎ᠤᠨ ᠬᠦᠴᠦᠨ᠎ᠢ ᠬᠠᠮᠲᠤ᠎ᠪᠠᠷ ᠮᠡᠳᠡᠷᠡᠵᠠᠢ》 ᠭᠡᠵᠤ ᠬᠡᠯᠡᠪᠡ᠃
《ᠡᠨᠡ ᠤᠳᠠᠭ᠎ᠠ᠎ᠶ᠋ᠢᠨ ᠭᠣᠣᠯ ᠰᠡᠳᠦᠪᠲᠦ ᠦᠵᠡᠰᠬᠦᠯᠡᠩ ᠢ᠋ᠲᠣᠭᠣᠷᠢᠨ ᠦᠵᠡᠬᠦ᠌᠎ᠪᠡᠷ ᠲᠠᠮᠵᠢᠨ᠂ ᠪᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠲᠤ ᠨᠡᠩ ᠱᠢᠭᠤᠳ ᠪᠥᠭᠡᠳ ᠭᠦᠨᠵᠡᠭᠡᠢ ᠲᠠᠨᠢᠯᠲᠠ ᠪᠠ ᠣᠢᠯᠠᠭᠠᠯᠲᠠ᠎ᠲᠠᠶ ᠪᠣᠯᠵᠠᠢ᠃ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠡᠳᠡᠭᠡᠷ ᠠᠭᠤᠤ ᠶᠡᠬᠡ ᠵᠣᠷᠢᠭ ᠰᠠᠨᠠᠭ᠎ᠠ ᠨᠢ ᠮᠢᠨᠤ ᠢᠷᠡᠭᠡᠳᠦᠢ᠎ᠶ᠋ᠢᠨ ᠠᠵᠢᠯ ᠳᠤᠮᠳᠠ᠎ᠪᠠᠨ ᠤᠭ ᠰᠠᠨᠠᠭ᠎ᠠ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠲᠤᠬᠠᠢᠯᠠᠬᠰᠠᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠬᠦ᠌ ᠳ᠋ᠤ ᠵᠣᠷᠢᠭ᠍ᠵᠢᠭᠤᠯᠤᠯ ᠪᠤᠯᠪᠠ》 ᠭᠡᠵᠦ ᠵᠠᠮ ᠬᠠᠷᠢᠯᠴᠠᠭᠠᠨ᠎ᠤ ᠪᠠᠩᠬᠢ᠎ᠶ᠋ᠢᠨ ᠥᠪᠥᠷ ᠮᠣᠩᠭᠣᠯ᠎ᠤᠨ ᠬᠤᠪᠢᠶᠠᠷᠢ ᠪᠠᠩᠬᠢ᠎ᠶ᠋ᠢᠨ ᠬᠠᠤᠯᠢ ᠴᠠᠭᠠᠵᠠ ᠲᠥᠷᠢᠮ ᠲᠣᠭ᠍ᠲᠠᠭᠠᠯ᠎ᠤᠨ ᠬᠡᠯᠲᠡᠰ᠎ᠦᠨ ᠶᠡᠷᠦᠩᠬᠡᠶ ᠳᠠᠭᠠᠭᠠᠮᠠᠯ ᠪᠠᠶ ᠱᠢᠩ ᠠᠨ ᠬᠡᠯᠡᠪᠡ᠃
ᠦᠵᠡᠰᠭᠦᠯᠡᠩ ᠨᠢ ᠪᠠᠰᠠ ᠵᠤᠨ᠎ᠤ ᠠᠮᠠᠷᠠᠯᠲᠠ ᠵᠢᠨ ᠬᠤᠭᠤᠴᠠᠭᠠᠨ ᠳ᠋ᠡᠬᠢ ᠴᠦᠬᠡᠨ ᠪᠤᠰᠤ ᠰᠤᠷᠤᠭ᠍ᠴᠢᠳ᠎ᠤᠨ ᠠᠩᠬᠠᠷᠤᠯ᠎ᠢ ᠲᠠᠲᠠᠵᠠᠢ᠃ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠭᠤᠴᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠵᠠᠩ ᠬᠤᠤ ᠢᠦᠢ᠄《ᠡᠳᠡᠭᠡᠷ ᠵᠣᠷᠢᠭ ᠰᠠᠨᠠᠭᠠᠨ᠎ᠤ ᠡᠬᠢ ᠰᠤᠷᠪᠤᠯᠵᠢ ᠪᠣᠯ ᠦᠨᠡᠨ ᠪᠤᠳᠠᠳᠤ ᠪᠣᠳᠠᠭᠠᠯᠢ ᠪᠡᠶ᠎ᠡ ᠶᠤᠮ᠂ ᠮᠠᠰᠢ ᠤᠯᠠᠨ ᠬᠥᠮᠦᠰ ᠡᠷᠬᠢᠮ ᠨᠠᠨᠳᠢᠨ ᠠᠮᠢ ᠪᠡᠶᠠᠪᠠ ᠤᠷᠢ ᠵᠠᠯᠠᠭᠤ ᠨᠠᠰᠤ ᠪᠠᠨ ᠵᠤᠷᠢᠭᠤᠯᠵᠠᠢ᠃ ᠯᠸᠢ ᠹᠸᠩ᠎ᠤᠨ ᠵᠣᠷᠢᠭ ᠰᠠᠨᠠᠭ᠎ᠠ᠂ ᠸᠠᠩ ᠵᠢᠶᠧ᠎ᠶ᠋ᠢᠨ ᠵᠣᠷᠢᠭ ᠰᠠᠨᠠᠭ᠎ᠠ ᠵᠡᠷᠭᠡ ᠵᠠᠯᠠᠭᠤᠴᠤᠳ᠎ᠤ᠋ᠨ ᠵᠣᠷᠢᠭ ᠰᠠᠨᠠᠭ᠎ᠠ ᠨᠢ ᠨᠠᠮᠠᠶ᠋ᠢ ᠶᠡᠬᠡᠳᠡ ᠵᠣᠷᠢᠭ᠍ᠵᠢᠭᠤᠯᠪᠠ᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠨᠢᠬᠡ ᠪᠣᠯᠤᠭ᠍ᠰᠠᠨ᠎ᠤ ᠬᠤᠪᠢ᠎ᠳᠤ᠂ ᠪᠢ ᠴᠢᠷᠮᠠᠢᠨ ᠰᠤᠷᠤᠯᠴᠠᠵᠦ ᠴᠢᠷᠮᠠᠢᠨ ᠲᠡᠮᠡᠴᠡᠬᠦ᠌ ᠳᠤᠮᠳᠠ ᠭᠣᠢᠳᠠ ᠰᠠᠢᠬᠠᠨ ᠠᠮᠢᠳᠤᠷᠠᠯ᠎ᠢᠶᠠᠨ ᠪᠢᠴᠢᠭ᠌ᠯᠡᠨ᠎ᠡ》 ᠭᠡᠵᠦ ᠭᠡᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠤᠬᠠᠭᠤᠯᠭ᠎ᠠ ᠬᠥᠮᠦᠵᠢᠯ᠎ᠦᠨ ᠭᠠᠵᠠᠷ᠎ᠤᠨ ᠳᠠᠷᠤᠭ᠎ᠠ ᠸᠠᠩ ᠨᠢᠩ ᠄ ᠤᠶᠤᠨ ᠰᠠᠨᠠᠭᠠᠨ᠎ᠤ ᠬᠦᠴᠦᠨ ᠴᠠᠭ ᠣᠷᠣᠨ ᠵᠠᠢ᠎ᠶ᠋ᠢ ᠳᠠᠪᠠᠵᠤ ᠴᠢᠳᠠᠨ᠎ᠠ᠂ ᠪᠢᠳᠡ ᠦᠵᠡᠰᠭᠦᠯᠡᠩ ᠡᠷᠬᠢᠯᠡᠬᠦ ᠡᠢᠮᠦᠷᠬᠦᠦ ᠬᠡᠯᠪᠡᠷᠢ᠎ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠨᠠᠮ ᠪᠠᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠶᠠᠭ ᠪᠦᠬᠦ᠌ ᠨᠠᠮ᠎ᠤᠨ ᠬᠡᠪᠴᠢᠶᠡᠨ᠎ᠳᠦ ᠥᠷᠨᠢᠭᠦᠯᠵᠦ᠍ ᠪᠠᠢᠭ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ᠎ᠲᠡᠶ ᠤᠶᠠᠯᠳᠤᠭᠤᠯᠤᠨ᠂ ᠨᠠᠮ᠎ᠤᠨ ᠲᠡᠮᠡᠴᠡᠯ᠎ᠦᠨ ᠲᠡᠦᠬᠡᠨ ᠶᠠᠪᠤᠴᠠ᠎ᠡᠴᠡ ᠲᠡᠮᠡᠴᠡᠯ᠎ᠦᠨ ᠬᠦᠴᠦᠨ᠎ᠢ ᠱᠢᠩᠭᠡᠭᠡᠨ ᠠᠪᠬᠤ᠎ᠶ᠋ᠢ ᠬᠦᠰᠡᠵᠦ᠍ ᠪᠠᠢᠨ᠎ᠠ; ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠢᠷᠠᠭᠤ ᠠᠯᠳᠠᠷᠲᠤ ᠬᠤᠪᠢᠰᠭᠠᠯ᠎ᠤᠨ ᠤᠯᠠᠮᠵᠢᠯᠠᠯ᠎ᠢ ᠵᠠᠯᠭᠠᠮᠵᠢᠯᠠᠵᠤ᠂ ᠬᠤᠪᠢᠰᠭᠠᠯ᠎ᠤᠨ ᠤᠯᠠᠮᠵᠢᠯᠠᠯ᠎ᠢ ᠦᠷᠬᠦᠯᠵᠢᠯᠡᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠂ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠪᠣᠯᠤᠨ ᠨᠢᠦ ᠢᠦᠢ ᠷᠦ᠋ ᠵᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠶ᠋ᠢ ᠤᠷᠮᠠᠰᠢᠭᠤᠯᠤᠨ ᠵᠣᠷᠢᠭ᠍ᠵᠢᠭᠤᠯᠤᠨ᠎ᠠ ᠭᠡᠵᠦ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃