2023-07-05 10:41:57
ᠶᠠᠭ᠍ᠰᠢ ᠬᠤᠳᠠ᠎ᠶᠢᠨ ᠬᠢᠨ ᠴᠢᠩᠭ᠎ᠠ ᠬᠠᠮᠢᠶᠠᠷᠤᠯᠲᠠ ᠪᠠ ᠡᠯᠢᠭᠡᠰᠡᠭ ᠬᠠᠢᠷ᠎ᠠ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠦᠵᠡᠯ ᠰᠠᠨᠠᠭᠠᠨ᠎ᠤ ᠵᠢᠯᠣᠭᠣᠳᠤᠯᠭ᠎ᠠ᠎ᠶᠢ ᠴᠢᠩᠭᠠᠳᠬᠠᠵᠤ᠂ ᠬᠢᠨᠠᠯᠲᠠ ᠲᠠᠯᠪᠢᠬᠤ ᠴᠡᠭ᠎ᠢ ᠤᠷᠲᠤᠳᠬᠠᠨ᠂ ᠬᠢᠨᠠᠯᠲᠠ ᠲᠠᠯᠪᠢᠬᠤ ᠪᠣᠭᠣᠮᠲᠠ᠎ᠶᠢ ᠡᠮᠦᠨᠡᠰᠢ ᠰᠢᠯᠵᠢᠭᠦᠯᠵᠦ᠂ ᠺᠠᠳ᠋ᠷ᠎ᠤᠨ ᠪᠦᠬᠦ ᠲᠠᠯ᠎ᠠ᠎ᠶᠢᠨ ᠬᠠᠮᠢᠶᠠᠷᠤᠯᠲᠠ ᠪᠣᠯᠣᠨ ᠪᠠᠢᠩᠭᠤ᠎ᠶᠢᠨ ᠴᠢᠨᠠᠷᠲᠠᠢ ᠬᠢᠨᠠᠯᠲᠠ᠎ᠶᠢ ᠦᠷᠭᠦᠯᠵᠢᠯᠡᠨ ᠴᠢᠩᠭᠠᠳᠬᠠᠵᠤ᠂ ᠺᠠᠳ᠋ᠷ᠎ᠤᠨ ᠬᠢᠨᠠᠯᠲᠠ᠎ᠶᠢᠨ 《ᠭᠤᠷᠪᠠᠨ ᠰᠠᠭᠤᠷᠢ ᠥᠩᠭᠡ》 ᠶ᠋ᠢ ᠲᠣᠳᠣ ᠪᠤᠯᠭᠠᠵᠠᠢ᠃
ᠦᠵᠡᠯ ᠰᠠᠨᠠᠭᠠᠨ᠎ᠤ ᠵᠢᠯᠣᠭᠣᠳᠤᠯᠭ᠎ᠠ᠎ᠶᠢ ᠴᠢᠩᠭᠠᠳᠬᠠᠵᠤ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠬᠦ ᠰᠠᠭᠤᠷᠢ ᠥᠩᠭᠡ᠎ᠶᠢ ᠲᠣᠳᠣ᠌ ᠪᠣᠯᠭᠠᠪᠠ᠃ ᠪᠥᠬᠥ ᠠᠵᠢᠯᠲᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠢᠨᠲᠧᠷ ᠰᠦᠯᠵᠢᠶ᠎ᠡ + ᠨᠠᠮ᠎ᠤᠨ ᠭᠡᠰᠢᠭᠦᠨ᠎ᠦ ᠬᠥᠮᠦᠵᠢᠯ》᠎ᠢ ᠭᠦᠨᠵᠡᠭᠡᠢ ᠠᠭᠤᠰᠤᠯᠴᠠᠭᠤᠯᠬᠤ ᠠᠷᠭ᠎ᠠ ᠮᠠᠶᠢᠭ᠋᠎ᠢ ᠢᠳᠡᠪᠬᠢᠲᠡᠢ ᠪᠡᠷ ᠬᠠᠢᠨ ᠰᠦᠪᠡᠭᠴᠢᠯᠡᠵᠦ᠂ 《ᠡᠭᠦᠯᠡᠨ ᠬᠢᠴᠢᠶᠡᠯ᠎ᠦᠨ ᠲᠠᠩᠬᠢᠮ》 ᠪᠠᠶ᠋ᠢᠭᠤᠯᠬᠤ᠎ᠶᠢ ᠲᠦᠯᠬᠢᠨ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠭᠠᠨ ᠬᠥᠮᠦᠵᠢᠯ᠎ᠦᠨ ᠴᠠᠭ ᠪᠠ ᠣᠷᠣᠨ ᠵᠠᠢ᠎ᠶᠢᠨ ᠬᠠᠷᠰᠢᠯᠠᠯ᠎ᠢ ᠦᠭᠡᠢᠰᠬᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠭᠠᠨ ᠬᠥᠮᠦᠵᠢᠯ᠎ᠦᠨ ᠪᠥᠬᠥ ᠠᠵᠢᠯᠲᠠᠨ᠎ᠢ ᠬᠠᠮᠤᠷᠬᠤ᠎ᠶᠢ ᠪᠡᠶᠡᠯᠡᠭᠦᠯᠪᠡ᠃ ᠨᠠᠮ᠎ᠤᠨ ᠰᠤᠷᠭᠠᠭᠤᠯᠢ᠎ᠶᠢᠨ ᠭᠣᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮᠴᠢ ᠴᠢᠨᠠᠷ᠎ᠤᠨ ᠬᠥᠮᠦᠵᠢᠯ ᠪᠠ ᠪᠠᠢᠩᠭᠤ᠎ᠶᠢᠨ ᠴᠢᠨᠠᠷᠲᠠᠢ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠨᠠᠮ᠎ᠤᠨ ᠰᠤᠷᠭᠠᠭᠤᠯᠢ ᠵᠢᠨ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢᠨ ᠬᠥᠮᠦᠵᠢᠯ᠎ᠢ ᠵᠠᠪᠠᠯ ᠰᠤᠷᠬᠤ ᠬᠢᠴᠢᠶᠡᠯ ᠪᠣᠯᠭᠠᠬᠤ᠎ᠶᠢ ᠠᠬᠢᠭᠤᠯᠵᠤ᠂ ᠪᠠᠢᠩᠭᠤ᠎ᠶᠢᠨ ᠴᠢᠨᠠᠷᠲᠠᠢ ᠰᠠᠬᠢᠯᠭ᠎ᠠ ᠪᠠᠲᠤ᠎ᠶᠢᠨ ᠬᠥᠮᠦᠵᠢᠯ᠎ᠢ ᠡᠯ᠎ᠡ ᠱᠠᠲᠤᠨ᠎ᠳᠤ ᠨᠠᠢᠳᠠᠪᠤᠷᠢᠵᠢᠭᠤᠯᠪᠠ᠃ 《ᠵᠠᠩᠭᠢᠯᠠᠭ᠎ᠠ᠎ᠶᠢᠨ ᠴᠥᠭᠡᠨ ᠲᠣᠭᠠᠲᠠᠨ》᠎ᠢ ᠰᠠᠢᠲᠤᠷ ᠠᠳᠬᠤᠵᠤ᠂ ᠬᠠᠷᠢᠭᠤᠴᠠᠯᠭ᠎ᠠ ᠡᠭᠦᠷᠭᠡᠯᠡᠬᠦ᠎ᠶᠢᠨ ᠴᠢᠬᠤᠯᠠ ᠵᠦᠢᠯ᠎ᠢ ᠣᠨᠣᠪᠴᠢᠲᠠᠢ ᠵᠣᠯᠭᠠᠭᠤᠯᠵᠤ᠂ ᠺᠠᠳ᠋ᠷ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠳᠠᠪᠤᠷᠢ᠎ᠶᠢ ᠲᠦᠷᠭᠡᠨ ᠳᠡᠭᠡᠭᠰᠢᠯᠡᠭᠦᠯᠵᠦ᠂ ᠨᠠᠮ᠎ᠤᠨ ᠭᠡᠰᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠬᠦ ᠰᠠᠭᠤᠷᠢ ᠥᠩᠭᠡ᠎ᠶᠢ ᠲᠣᠳᠣ᠌ ᠪᠣᠯᠭᠠᠪᠠ᠃
ᠬᠢᠨᠠᠯᠲᠠ ᠲᠠᠯᠪᠢᠬᠤ ᠴᠡᠭ᠎ᠢ ᠤᠷᠲᠤᠳᠬᠠᠵᠤ᠂ ᠺᠠᠳ᠋ᠷ᠎ᠤᠨ ᠰᠠᠬᠢᠯᠭ᠎ᠠ ᠪᠠᠲᠤ᠎ᠶᠢᠨ ᠰᠠᠭᠤᠷᠢ ᠥᠩᠭᠡ᠎ᠶᠢ ᠲᠣᠳᠣ᠌ ᠪᠣᠯᠭᠠᠪᠠ᠃ ᠺᠠᠳ᠋ᠷ᠎ᠢ ᠪᠥᠬᠥ ᠲᠠᠯ᠎ᠠ ᠪᠠᠷ ᠬᠠᠮᠢᠶᠠᠷᠬᠤ ᠪᠠ ᠪᠠᠢᠩᠭᠤ᠎ᠶᠢᠨ ᠴᠢᠨᠠᠷᠲᠠᠢ ᠪᠠᠷ ᠬᠢᠨᠠᠯᠲᠠ ᠲᠠᠯᠪᠢᠬᠤ ᠲᠤᠬᠠᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠱᠠᠭᠠᠷᠳᠠᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠳᠤᠷᠢᠳᠬᠤ ᠺᠠᠳ᠋ᠷ᠎ᠤᠨ ᠠᠵᠤ ᠠᠬᠤᠢ᠎ᠶᠢᠨ ᠬᠠᠷᠢᠭᠤᠴᠠᠯᠭ᠎ᠠ᠎ᠶᠢ ᠬᠢᠨᠠᠨ ᠪᠤᠳᠤᠵᠤ ᠬᠢᠨᠠᠯᠲᠠ ᠲᠠᠯᠪᠢᠬᠤ᠂ ᠠᠯᠪᠠᠨ ᠲᠤᠰᠢᠶᠠᠯᠲᠠᠨ᠎ᠤ ᠠᠵᠤ ᠠᠬᠤᠢᠯᠠᠯ᠎ᠳᠤ ᠬᠣᠯᠪᠣᠭᠳᠠᠬᠤ ᠬᠢᠨᠠᠯᠲᠠ ᠲᠠᠯᠪᠢᠬᠤ ᠪᠠ ᠬᠤᠪᠢ᠎ᠶᠢᠨ ᠶᠠᠪᠤᠳᠠᠯ᠎ᠢᠶᠠᠷ ᠭᠠᠳᠠᠭᠠᠳᠤ᠎ᠳᠤ ᠭᠠᠷᠬᠤ (ᠬᠢᠯᠢ) ᠵᠢᠨ ᠪᠠᠢᠩᠭᠤ᠎ᠶᠢᠨ ᠬᠢᠨᠠᠯᠲᠠ ᠬᠠᠮᠢᠶᠠᠷᠤᠯᠲᠠ᠎ᠶᠢ ᠴᠠᠭ ᠲᠤᠬᠠᠢ ᠳ᠋ᠤᠨᠢ ᠮᠦᠷᠳᠡᠵᠦ᠂ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠎ᠶᠢ ᠬᠡᠷᠡᠭᠵᠢᠭᠦᠯᠪᠡ᠃ ᠬᠠᠮᠲᠤ ᠪᠠᠷ ᠡᠳ᠋ᠯᠡᠬᠦ ᠲᠠᠪᠴᠠᠩ᠎ᠢ ᠪᠠᠢᠭᠤᠯᠵᠤ᠂ ᠺᠠᠳ᠋ᠷ᠎ᠲᠤ ᠬᠢᠨᠠᠯᠲᠠ ᠲᠠᠯᠪᠢᠬᠤ 15 ᠪᠦᠷᠢᠯᠳᠦᠭᠦᠨ ᠨᠢᠭᠡᠴᠢ ᠪᠡᠷ ᠪᠦᠷᠢᠯᠳᠦᠭᠰᠡᠨ ᠬᠠᠮᠲᠤᠷᠠᠭᠰᠠᠨ ᠰᠠᠭᠤᠳᠠᠯ᠎ᠤᠨ ᠲᠣᠭᠲᠠᠴᠠ᠎ᠶᠢᠨ ᠠᠵᠢᠯ᠎ᠤᠨ ᠲᠤᠰᠢᠶᠠᠯ ᠬᠠᠷᠢᠭᠤᠴᠠᠯᠭ᠎ᠠ᠎ᠶᠢᠨ ᠨᠠᠷᠢᠨ ᠳᠠᠩᠰᠠ᠎ᠶᠢ ᠰᠢᠨᠡᠳᠬᠡᠨ ᠲᠡᠭᠦᠯᠳᠡᠷᠵᠢᠭᠦᠯᠵᠦ᠂ ᠺᠠᠳ᠋ᠷ᠎ᠢ ᠬᠢᠨᠠᠨ ᠪᠠᠢᠴᠠᠭᠠᠬᠤ᠂ ᠠᠷᠠᠳᠴᠢᠯᠠᠯ᠎ᠢᠶᠠᠷ ᠲᠠᠨᠢᠯᠴᠠᠭᠤᠯᠬᠤ ᠵᠡᠷᠭᠡ ᠠᠵᠢᠯ᠎ᠤᠨ ᠳᠤᠮᠳᠠ᠂ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ ᠰᠢᠢᠳᠪᠦᠷᠢᠯᠡᠬᠦ 12380 ᠲᠠᠪᠴᠠᠩ᠎ᠢ ᠭᠦᠢᠴᠡᠳ ᠬᠡᠷᠡᠭᠯᠡᠨ᠂ ᠨᠡᠢᠭᠡᠮ᠎ᠦᠨ ᠬᠢᠨᠠᠯᠲᠠ᠎ᠶᠢ ᠥᠷᠭᠡᠨ᠎ᠢᠶᠡᠷ ᠬᠦᠯᠢᠶᠡᠵᠦ᠂ ᠤᠳᠤᠷᠢᠳᠬᠤ ᠺᠠᠳ᠋ᠷᠴᠤᠳ᠎ᠤᠨ 《ᠨᠠᠢ᠍ᠮᠠᠨ ᠴᠠᠭ》᠎ᠤᠨ ᠳᠣᠲᠣᠷ᠎ᠠ ᠭᠠᠳᠠᠨᠠᠬᠢ ᠪᠠᠢᠳᠠᠯ᠎ᠢ ᠪᠦᠬᠦ ᠲᠠᠯ᠎ᠠ ᠪᠠᠷ᠂ ᠭᠦᠨᠵᠡᠭᠡᠢ᠂ ᠵᠥᠪ ᠣᠨᠣᠪᠴᠢᠲᠠᠶ᠎ᠪᠠᠷ ᠣᠢᠯᠠᠭᠠᠵᠤ᠂ ᠺᠠᠳ᠋ᠷᠴᠤᠳ᠎ᠲᠤ ᠬᠢᠨᠠᠯᠲᠠ ᠲᠠᠯᠪᠢᠬᠤ ᠠᠵᠢᠯ᠎ᠢ ᠤᠯᠠᠨ ᠲᠦᠮᠡᠨ᠎ᠦ ᠳᠤᠮᠳᠠ ᠦᠨᠳᠦᠰᠦᠯᠡᠭᠦᠯᠪᠡ᠃
ᠬᠢᠨᠠᠯᠲᠠ᠎ᠶᠢᠨ ᠪᠣᠭᠣᠮᠲᠠ᠎ᠶᠢ ᠡᠮᠦᠨᠡᠰᠢ ᠰᠢᠯᠵᠢᠭᠦᠯᠵᠦ᠂ ᠺᠠᠳ᠋ᠷᠴᠤᠳ᠎ᠤᠨ ᠦᠨᠡᠨᠴᠢ ᠰᠢᠳᠤᠷᠭᠤ᠎ᠶᠢᠨ ᠰᠠᠭᠤᠷᠢ ᠥᠩᠭᠡ᠎ᠶᠢ ᠲᠣᠳᠣ᠌ ᠪᠣᠯᠭᠠᠪᠠ᠃ ᠤᠳᠤᠷᠢᠳᠬᠤ ᠺᠠᠳ᠋ᠷᠴᠤᠳ᠎ᠲᠤ ᠰᠠᠨᠠᠭᠤᠯᠬᠤ᠂ ᠵᠠᠬᠢᠳᠠᠯ᠎ᠢᠶᠠᠷ ᠠᠰᠠᠭᠤᠬᠤ ᠪᠠ ᠰᠡᠷᠡᠮᠵᠢᠯᠡᠭᠦᠯᠦᠨ ᠢᠳᠬᠠᠬᠤ ᠪᠠ ᠨᠠᠮ᠎ᠤᠨ ᠭᠡᠰᠢᠭᠦᠨ ᠺᠠᠳ᠋ᠷᠴᠤᠳ᠎ᠤᠨ 《ᠵᠢᠵᠢᠭ ᠠᠰᠠᠭᠤᠳᠠᠯ》᠎ᠢ ᠬᠠᠯᠠᠮᠵᠢᠯᠠᠨ ᠰᠠᠨᠠᠭᠤᠯᠬᠤ ᠪᠢᠴᠢᠭ ᠮᠠᠲᠧᠷᠢᠶᠠᠯ ᠪᠠ ᠠᠵᠢᠯᠯᠠᠬᠤ ᠳᠦᠷᠢᠮ᠎ᠢ ᠲᠣᠭᠲᠠᠭᠠᠵᠤ᠂ ᠤᠯᠤᠰ ᠲᠦᠷᠦ ᠦᠵᠡᠯ ᠰᠠᠨᠠᠭ᠎ᠠ᠂ ᠺᠠᠳ᠋ᠷ᠎ᠤᠨ ᠰᠤᠷᠲᠠᠯ᠎ᠤᠨ ᠤᠯᠠᠨ ᠲᠠᠯ᠎ᠠ᠎ᠠᠴᠠ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠴᠤᠬᠤᠶ᠋ᠢᠯᠲᠠ᠎ᠶᠢᠨ ᠴᠢᠨᠠᠷᠲᠠᠢ᠂ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ ᠳ᠋ᠤᠨᠢ ᠰᠠᠨᠠᠭᠤᠯᠬᠤ ᠪᠤᠯᠭᠠᠵᠠᠢ᠃ ᠲᠣᠭᠣᠷᠢᠨ ᠪᠠᠢᠴᠠᠭᠠᠬᠤ᠂ ᠡᠯ᠎ᠡ ᠲᠥᠷᠥᠯ᠎ᠦᠨ ᠰᠢᠮᠳᠠᠭᠤᠯᠤᠨ ᠪᠠᠢᠴᠠᠭᠠᠵᠤ ᠬᠢᠨᠠᠨ ᠵᠢᠯᠣᠭᠣᠳᠤᠭᠰᠠᠨ ᠦᠷ᠎ᠡ ᠳ᠋ᠦᠩ ᠪᠠ ᠮᠡᠳᠡᠭᠡ ᠵᠠᠩᠭᠢ᠎ᠶᠢᠨ ᠬᠠᠷᠢᠭᠤ ᠲᠤᠰᠬᠠᠯ᠎ᠢ ᠠᠰᠢᠭ᠍ᠯᠠᠨ᠂ ᠮᠡᠳᠡᠭᠡ ᠵᠠᠩᠭᠢ᠎ᠶᠢ ᠬᠠᠮᠲᠤ ᠪᠠᠷ ᠡᠳ᠋ᠯᠡᠬᠦ᠂ ᠦᠷ᠎ᠡ ᠳ᠋ᠦᠩ᠎ᠢ ᠬᠣᠯᠪᠤᠭᠠᠯᠠᠨ ᠬᠡᠷᠡᠭᠯᠡᠬᠦ᠂ ᠲᠤᠬᠠᠢᠯᠠᠭᠰᠠᠨ ᠠᠵᠢᠯ᠎ᠢ ᠬᠣᠯᠪᠤᠭᠠᠯᠠᠨ ᠬᠥᠳᠡᠯᠦᠯᠴᠡᠭᠰᠡᠨ ᠬᠢᠨᠠᠯᠲᠠ ᠲᠠᠯᠪᠢᠬᠤ ᠮᠡᠳᠡᠭᠡ ᠵᠠᠩᠭᠢ᠎ᠶᠢ ᠬᠠᠮᠲᠤ ᠪᠠᠷ ᠡᠳ᠋ᠯᠡᠬᠦ ᠲᠣᠭᠲᠠᠴᠠ᠎ᠶᠢ ᠪᠦᠷᠢᠯᠳᠦᠭᠦᠯᠪᠡ᠃ ᠬᠢᠨᠠᠯᠲᠠ ᠲᠠᠯᠪᠢᠬᠤ ᠪᠣᠭᠣᠮᠲᠠ᠎ᠶᠢ ᠡᠮᠦᠨᠡᠰᠢ ᠰᠢᠯᠵᠢᠭᠦᠯᠵᠦ᠂ ᠶᠣᠰᠣ᠌ ᠳᠦᠷᠢᠮ᠎ᠦᠨ ᠤᠬᠠᠮᠰᠠᠷ ᠪᠠ ᠬᠠᠤᠯᠢ ᠰᠠᠬᠢᠯᠭ᠎ᠠ᠎ᠶᠢᠨ ᠦᠵᠡᠯᠲᠡ᠎ᠶᠢ ᠴᠢᠩᠭᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠦᠨᠡᠨᠴᠢ ᠰᠢᠳᠤᠷᠭᠤ ᠪᠠᠢᠬᠤ ᠰᠠᠭᠤᠷᠢ ᠥᠩᠭᠡ᠎ᠶᠢ ᠲᠠᠰᠤᠷᠠᠯᠲᠠ ᠦᠭᠡᠢ ᠳᠤᠳᠤ ᠪᠤᠯᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃