ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠮᠡᠳᠡᠭᠡᠯᠡᠯ

2023-09-16 14:30:53

ᠵᠣᠬᠢᠶᠠᠭ᠍ᠴᠢ᠄ ᠵᠸᠤ ᠰᠢᠶᠤᠤ ᠲᠢᠶᠠᠨ ᠡᠾᠸ ᠹᠸᠢ ᠣᠩᠱᠢᠭ᠍ᠰᠠᠨ ᠣᠳᠠᠭ᠎ᠠ᠄ 3

《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠭᠡᠬᠦ᠌ ᠨᠣᠮ᠎ᠤᠨ ᠢᠲ᠋ᠠᠯᠢ ᠬᠡᠯᠡᠨ᠎ᠦ ᠬᠡᠪᠯᠡᠯ ᠢ᠋᠎ᠤᠢᠷ᠎ᠠ ᠵᠢᠨ ᠡᠳᠤᠷ ᠢᠲ᠋ᠠᠯᠢ᠎ᠳᠤ ᠬᠡᠪᠯᠡᠨ ᠲᠠᠷᠬᠠᠭᠠᠵᠤ᠂ ᠢᠲ᠋ᠠᠯᠢ ᠵᠢᠨ ᠤᠩᠰᠢᠬᠴᠢᠳ ᠢ᠋ ᠬᠠᠪᠰᠤᠷᠤᠨ ᠨᠡᠩ ᠪᠤᠰᠤᠳᠴᠢ᠂ ᠵᠦᠪ ᠤᠨᠤᠪᠴᠢᠳᠠᠢ ᠪᠡᠷ ᠳᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠵᠠᠭᠤᠨ ᠵᠢᠯ ᠤ᠋ᠨ ᠲᠡᠤᠬᠡ ᠪᠤᠯᠤᠨ ᠲᠦᠷᠤ ᠪᠠᠷᠢᠬᠤ ᠤᠢᠯᠠᠭᠠᠬᠳᠠᠬᠤᠨ ᠎ᠢ ᠤᠢᠯᠠᠭᠠᠭᠤᠯᠬᠤ ᠵᠢ ᠵᠤᠷᠢᠪᠠ᠃

《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠬᠡᠬᠦ ᠨᠤᠮ ᠤ᠋ᠨ ᠢᠲ᠋ᠠᠯᠢ ᠬᠡᠯᠡᠨ᠎ᠦ ᠬᠡᠪᠯᠡᠯ᠎ᠦᠨ ᠶᠠᠷᠢᠯᠴᠠᠬᠤ ᠬᠤᠷᠠᠯ 13 ᠎ᠤ᠋ ᠡᠳᠦᠷ ᠢᠲ᠋ᠠᠯᠢ᠎ᠶ᠋ᠢᠨ ᠨᠡᠢᠰᠯᠡᠯ ᠷᠣᠮᠠ᠎ᠳᠤ ᠬᠤᠷᠠᠯᠳᠤᠪᠠ᠃ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ᠂ ᠲᠥᠪ᠎ᠦᠨ ᠨᠠᠢᠷᠠᠭᠤᠯᠤᠨ ᠣᠷᠴᠢᠭᠤᠯᠬᠤ ᠲᠣᠪᠴᠢᠶ᠎ᠠ᠎ᠵᠢᠨ ᠳᠠᠷᠤᠭ᠎ᠠ ᠴᠠᠢ ᠹᠠᠩ ᠭᠦᠸᠧ ᠶᠠᠷᠢᠯᠴᠠᠬᠤ ᠬᠤᠷᠠᠯ ᠳᠡᠭᠡᠷ᠎ᠡ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠵᠢᠨ ᠭᠣᠣᠯ ᠠᠭᠤᠯᠭ᠎ᠠ᠎ᠶ᠋ᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠭᠡᠷᠡᠯ ᠰᠠᠴᠤᠷᠠᠩᠭᠤᠢ ᠥᠩᠭᠡᠷᠡᠯᠲᠡ᠂ ᠠᠭᠤᠤ ᠶᠡᠬᠡ ᠠᠮᠵᠢᠯᠲᠠ ᠪᠠ ᠡᠷᠬᠢᠮ ᠨᠠᠨᠳᠢᠨ ᠲᠤᠷᠱᠢᠯᠭ᠎ᠠ᠎ᠶ᠋ᠢ ᠲᠣᠳᠣᠷᠬᠠᠢᠯᠠᠨ ᠥᠭᠦᠯᠡᠪᠡ᠃

ᠢᠲ᠋ᠠᠯᠢ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠵᠢᠶᠠ ᠬᠦᠢ ᠳ᠋ᠸ ᠪᠠᠶᠠᠷ᠎ᠤᠨ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠢᠯᠠᠭᠠᠬᠤ ᠲᠦᠯᠬᠢᠭᠦᠷ ᠮᠥᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠨᠢ ᠢᠲ᠋ᠠᠯᠢ᠎ᠶ᠋ᠢᠨ ᠤᠩᠱᠢᠭ᠍ᠴᠢᠳ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠢᠯᠠᠭᠠᠬᠤ᠂ ᠦᠨᠡᠨ ᠪᠣᠳᠠᠲᠠᠢ᠂ ᠪᠦᠬᠦ᠌ ᠲᠠᠯ᠎ᠠ᠎ᠶ᠋ᠢᠨ᠂ ᠠᠮᠢᠳᠤᠯᠢᠭ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠯᠵᠤ ᠦᠵᠡᠬᠦ᠌᠎ᠳᠦ ᠴᠢᠬᠤᠯᠠ ᠦᠢᠯᠡᠳᠦᠯ᠎ᠲᠡᠶ ᠶᠤᠮ ᠬᠡᠵᠡᠢ᠃

ᠢᠲ᠋ᠠᠯᠢ᠎ᠶ᠋ᠢᠨ ᠡᠪ ᠬᠠᠮᠲᠤ ᠨᠠᠮ᠎ᠤᠨ ᠪᠦᠬᠦ᠌ ᠤᠯᠤᠰ᠎ᠤᠨ ᠱᠦᠵᠢ ᠠᠷᠪᠤᠯᠸᠢᠢᠰᠢ᠎ᠶ᠋ᠢ ᠪᠠᠭ᠍ᠲᠠᠭᠠᠭ᠍ᠰᠠᠨ 50 ᠭᠠᠷᠤᠢ ᠬᠥᠮᠦᠨ ᠶᠠᠷᠢᠯᠴᠠᠬᠤ ᠬᠤᠷᠠᠯ᠎ᠳᠤ ᠣᠷᠣᠯᠴᠠᠪᠠ᠃

《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》 ᠭᠡᠬᠦ᠌ ᠨᠣᠮ᠎ᠤᠨ ᠢᠲ᠋ᠠᠯᠢ ᠬᠡᠯᠡᠨ᠎ᠦ ᠬᠡᠪᠯᠡᠯ᠎ᠢ ᠢᠲ᠋ᠠᠯᠢ᠎ᠶ᠋ᠢᠨ 21 ᠳ᠋ᠤᠬᠡᠷ ᠵᠠᠭᠤᠨ᠎ᠤ ᠮᠠᠷᠺᠰ᠎ᠤᠨ ᠬᠡᠪᠯᠡᠯ᠎ᠦᠨ ᠬᠣᠷᠢᠢ᠎ᠠ᠎ᠠᠴᠠ ᠵᠣᠬᠢᠶᠠᠨ ᠪᠠᠢᠭᠤᠯᠵᠤ ᠣᠷᠴᠢᠭᠤᠯᠤᠭ᠍ᠰᠠᠨ ᠪᠥᠭᠡᠳ ᠬᠡᠪᠯᠡᠨ ᠲᠠᠷᠬᠠᠭᠠᠪᠠ᠃

(ᠰᠢᠨᠬᠤᠸᠠ ᠬᠤᠷᠢᠶ᠎ᠠ ᠵᠢᠨ ᠷᠤᠮᠠ ᠵᠢᠨ 9 ᠰᠠᠷ᠎ᠠ ᠵᠢᠨ 13 ᠤ᠋ ᠴᠠᠬᠢᠯᠭᠠᠨ ᠮᠡᠳᠡᠬᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面