ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠨᠠᠮ᠎ᠤ᠋ᠨ ᠲᠤᠭ ᠦᠨᠳᠦᠰᠦᠨ ᠱᠠᠲᠤᠨ᠎ᠤ᠋ ᠡᠮᠦᠨ᠎ᠡ ᠹᠷᠣᠨᠲ ᠲᠦ᠍ ᠨᠠᠮᠢᠷᠠᠨ᠎ᠠ

2021-04-28 08:51:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠤᠯᠤᠩ ᠨᠡᠭᠡᠭᠡᠬᠦ ᠦᠭᠡ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠂ ᠬᠥᠭᠵᠢᠯᠲᠡ ᠪᠣᠯᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠨᠢ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠭᠠᠭᠴᠠ ᠬᠦ ᠥᠨᠢ ᠡᠭᠦᠷᠢᠳᠡ ᠡᠪ ᠬᠠᠮᠲᠤ ᠨᠠᠮ᠎ᠢ ᠲᠠᠭᠠᠪᠠᠯ᠂ ᠳᠤᠮᠳᠠᠳᠤ ᠤᠯᠤᠰ ᠭᠡᠬᠦ ᠡᠨᠡ ᠬᠦ ᠲᠤᠮᠤ ᠬᠥᠯᠭᠡ ᠣᠩᠭᠣᠴᠠ ᠰᠠᠶᠢ ᠰᠠᠯᠬᠢ ᠳᠠᠪᠠᠯᠭᠠᠨ᠎ᠢ ᠵᠦᠰᠦᠨ ᠳᠠᠷᠪᠠᠭᠤᠯ ᠬᠡᠶᠢᠰᠬᠡᠨ ᠠᠯᠤᠰ᠎ᠲᠤ ᠠᠶᠠᠯᠠᠵᠤ᠂ ᠡᠴᠦᠰ᠎ᠲᠡᠭᠡᠨ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠵᠦ ᠴᠢᠳᠠᠬᠤ᠎ᠶᠢ ᠪᠢᠳᠡᠨ᠎ᠳ᠋ᠤ ᠭᠦᠨᠵᠡᠭᠡᠢ ᠤᠢᠯᠠᠭᠠᠭᠤᠯᠪᠠ᠃ ᠲᠤᠰ ᠰᠦᠯᠵᠢᠶ᠎ᠡ ᠡᠨᠡ ᠡᠳᠦᠷ᠎ᠡᠴᠠ ᠡᠬᠢᠯᠡᠨ ︽ ᠨᠠᠮ᠎ᠤᠨ ᠲᠣᠭ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠨᠠᠮᠢᠷᠠᠨ᠎ᠠ︾ ᠭᠡᠬᠦ ᠵᠢᠵᠢᠭ ᠪᠤᠯᠤᠩ ᠨᠡᠭᠡᠭᠡᠵᠦ᠂ ᠡᠯ᠎ᠡ ᠭᠠᠵᠠᠷ᠎ᠤᠨ᠎ᠬᠢᠨ ᠬᠤᠪᠢᠰᠬᠠᠯ᠎ᠤᠨ ᠡᠬᠢ ᠪᠠᠶᠠᠯᠢᠭ᠎ᠢ ᠰᠠᠶᠢᠲᠤᠷ ᠠᠰᠢᠬᠯᠠᠨ᠂ ︽ ᠥᠨᠢ ᠡᠭᠦᠷᠢᠳᠡ ᠨᠠᠮ᠎ᠢᠶᠡᠨ ᠳᠠᠭᠠᠬᠤ︾ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠠᠵᠢᠯᠯᠠᠭ᠎ᠠ᠎ᠶᠢ ᠵᠣᠬᠢᠶᠠᠨ ᠪᠠᠶᠢᠭᠤᠯᠵᠤ᠂ ᠨᠠᠮ᠎ᠳ᠋ᠤ ᠣᠷᠣᠬᠤ ᠲᠠᠩᠭᠠᠷᠢᠭ ᠬᠢᠬᠦ᠂ ᠭᠤᠤᠯ ᠰᠡᠳᠦᠪᠲᠦ ᠶᠠᠷᠢᠶ᠎ᠠ ᠲᠠᠯᠪᠢᠬᠤ᠂ ᠨᠠᠮ᠎ᠤᠨ ᠬᠢᠴᠢᠶᠡᠯ ᠣᠷᠣᠬᠤ᠂ ᠨᠠᠮ᠎ᠤᠨ ᠰᠢᠯᠢᠳᠡᠭ ᠬᠢᠴᠢᠶᠡᠯ᠎ᠤᠨ ᠦᠵᠡᠭᠦᠯᠦᠯᠭᠡ ᠨᠡᠪᠲᠡᠷᠡᠭᠦᠯᠭᠡ ᠬᠢᠬᠦ ᠪᠠ ᠵᠠᠯᠠᠭᠤᠴᠤᠳ ᠪᠠᠭᠠᠴᠤᠳ ᠨᠠᠮ᠎ᠢᠶᠡᠨ ᠳᠠᠭᠠᠬᠤ ᠵᠡᠷᠭᠡ ᠭᠤᠤᠯ ᠰᠡᠳᠦᠪ ᠲᠣᠪᠣᠶᠢᠮ᠎ᠠ᠂ ᠣᠯᠠᠨ ᠬᠡᠯᠪᠡᠷᠢ ᠶᠠᠩᠵᠤ᠎ᠶᠢᠨ ᠠᠵᠢᠯᠯᠠᠭ᠎ᠠ᠎ᠶᠢ ᠮᠡᠳᠡᠭᠡᠯᠡᠵᠦ᠂ ᠡᠯ᠎ᠡ ᠲᠥᠷᠥᠯ᠎ᠤᠨ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠬᠥᠮᠦᠵᠢᠯ᠎ᠤᠨ ᠠᠵᠢᠯᠯᠠᠭ᠎ᠠ᠎ᠶᠢᠨ ᠠᠬᠢᠴᠠ ᠦᠷ᠎ᠡ ᠪᠦᠲᠦᠮᠵᠢ ᠪᠠ ᠺᠠᠳ᠋ᠷ ᠣᠯᠠᠨ ᠲᠦᠮᠡᠨ᠎ᠤ ᠬᠠᠯᠠᠭᠤᠨ ᠲᠤᠰᠬᠠᠯ᠎ᠢ ᠮᠡᠳᠡᠭᠡᠯᠡᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面