ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠨᠠᠮ᠎ᠤ᠋ᠨ ᠲᠤᠭ ᠦᠨᠳᠦᠰᠦᠨ ᠱᠠᠲᠤᠨ᠎ᠤ᠋ ᠡᠮᠦᠨ᠎ᠡ ᠹᠷᠣᠨᠲ ᠲᠦ᠍ ᠨᠠᠮᠢᠷᠠᠨ᠎ᠠ

2021-04-28 08:51:23

ᠵᠣᠬᠢᠶᠠᠭ᠍ᠴᠢ᠄ ᠬᠠᠢ ᠵᠢᠶᠦᠢᠨ ᠣᠩᠱᠢᠭ᠍ᠰᠠᠨ ᠣᠳᠠᠭ᠎ᠠ᠄ 3

ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭᠰᠡᠨ᠎ᠡᠴᠠ ᠨᠠᠭᠠᠰᠢ ᠂ ᠤᠯᠠᠭᠠᠨᠴᠠᠪ ᠬᠤᠳᠠ᠎ᠶᠢᠨ ᠨᠠᠮ᠎ᠤᠨ ᠬᠤᠷᠢᠶ᠎ᠠ ᠨᠠᠷᠢᠨ ᠨᠢᠭᠲᠠ ᠪᠠᠶᠢᠷᠢᠯᠠᠭᠤᠯᠵᠤ ᠂ ᠤᠳᠤᠷᠢᠤᠡᠬᠤ ᠳᠤᠭᠤᠶᠢᠯᠠᠩ ᠵᠢᠴᠢ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ ᠂ ᠵᠢᠯᠣᠭᠣᠤᠡᠬᠤ ᠳᠤᠭᠤᠶᠢᠯᠠᠩ ᠭᠦᠨᠵᠡᠭᠡᠢ ᠱᠠᠯᠠᠪᠳᠠᠭᠤᠯᠤᠨ ᠵᠢᠯᠣᠭᠣᠳᠴᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠨᠠᠮ᠎ᠤᠨ ᠬᠣᠷᠢ‍ ᠢ᠎ᠡ ᠦᠳᠲᠡᠷ ᠲᠦᠷᠭᠡᠨ ᠠᠬᠢᠭᠤᠯᠵᠤ ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠳᠤᠮᠳᠠ ᠰᠤᠷᠤᠯᠴᠠᠯᠭ᠎ᠠ᠎ᠶᠢᠨ ᠥᠷᠨᠢᠯᠲᠡ ᠭᠠᠷᠴᠤ ᠂ ᠤᠯᠠᠨ ᠲᠦᠮᠡᠨ᠎ᠳ᠋ᠤ ᠪᠣᠳᠠᠲᠤ ᠶᠠᠪᠤᠳᠠᠯ ᠬᠢᠵᠦ ᠦᠭᠬᠦ ᠂ ᠠᠵᠢᠯ᠎ᠤᠨ ᠰᠢᠨ᠎ᠡ ᠪᠠᠶᠢᠳᠠᠯ᠎ᠢ ᠡᠭᠦᠳᠬᠦ᠎ᠶᠢ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠵᠣᠷᠢᠯᠲᠠ ᠪᠣᠯᠭᠠᠵᠤ ᠂ ᠡᠯ᠎ᠡ ᠵᠦᠢᠯ᠎ᠤᠨ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ᠎ᠶᠢ ᠯᠠᠪᠳᠠᠭᠤᠨ ᠪᠠᠲᠤᠲᠠᠢ ᠠᠬᠢᠭᠤᠯᠪᠠ ᠃

ᠤᠯᠠᠭᠠᠨᠴᠠᠪ ᠬᠣᠲᠠ᠎ᠶᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠸᠠᠩ ᠶᠦᠡᠭ ᠱᠧᠩ ᠄ ︽ ᠪᠥᠬᠥ ᠬᠣᠲᠠ ᠳᠠᠶᠠᠭᠠᠷ ᠨᠠᠮ᠎ᠤᠨ ᠲᠡᠦᠬᠡ᠎ᠶᠢ ᠰᠤᠷᠤᠯᠴᠠᠬᠤ ᠂ ᠤᠯᠠᠨ ᠲᠦᠮᠡᠨ᠎ᠳ᠋ᠤ ᠪᠣᠳᠠᠲᠤ ᠶᠠᠪᠤᠳᠠᠯ ᠬᠢᠵᠦ ᠥᠭᠬᠦ ᠂ ︿ ᠪᠢ ᠨᠠᠮ᠎ᠤᠨ ᠭᠡᠰᠢᠭᠦᠨ ᠂ ᠪᠢ ᠲᠠᠨ᠎ᠢ ᠬᠠᠪᠰᠤᠷᠤᠶ᠎ᠠ ﹀ ᠭᠡᠬᠦ ᠰᠠᠢᠨ ᠳᠤᠷ᠎ᠠ᠎ᠶᠢᠨ ᠦᠢᠯᠡᠴᠢᠯᠡᠭᠡ᠎ᠶᠢᠨ ᠠᠵᠢᠯᠯᠠᠭ᠎ᠠ ᠪᠠ ᠠᠷᠠᠳ᠎ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯᠯᠠᠭ᠎ᠠ᠎ᠶᠢ ᠭᠦᠨᠵᠡᠭᠡᠶᠢᠷᠡᠭᠦᠯᠦᠨ ᠦᠷᠨᠢᠭᠦᠯᠵᠤ ᠂ ᠨᠢᠭᠡ ᠪᠦᠯᠦᠭ ᠤᠯᠠᠨ ᠲᠦᠮᠡᠨ᠎ᠤ ︿ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ﹀ ᠪᠠᠢᠭ᠎ᠠ ᠠᠰᠠᠭᠤᠳᠠᠯ᠎ᠢ ᠦᠨᠡᠨ ᠬᠦ ᠰᠢᠢᠳᠪᠦᠷᠢᠯᠡᠵᠦ ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠎ᠶᠢ ᠠᠬᠢᠭᠤᠯᠪᠠ ︾ ᠬᠡᠵᠤ ᠲᠠᠨᠢᠯᠴᠠᠭᠤᠯᠤᠨ᠎ᠠ ᠃

ᠲᠣᠰ ᠬᠤᠳᠠ᠎ᠶᠢᠨ ᠨᠠᠮ᠎ᠤᠨ ᠬᠣᠷᠢᠶ᠎ᠠ ᠤᠷᠢᠳ ᠬᠣᠵᠢᠳ 5 ᠤᠳᠠᠭ᠎ᠠ ᠬᠤᠳᠠ᠎ᠶᠢᠨ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠶᠢᠯᠠᠩ᠎ᠤᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠬᠠᠮᠲᠤ᠎ᠶᠢᠨ ᠰᠤᠷᠤᠯᠴᠠᠯᠭ᠎ᠠ᠎ᠶᠢᠨ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ ᠂ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠴᠠᠭ ᠲᠤᠬᠠᠢ᠎ᠳ᠋ᠤᠨᠢ᠎ᠲᠠᠭᠠᠨ ᠰᠤᠷᠤᠯᠴᠠᠪᠠ ᠃ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢᠡᠭᠭᠤ᠎ᠶᠢᠨ ᠬᠣᠷᠢᠶᠠᠨ᠎ᠤ ᠨᠠᠮ᠎ᠤᠨ ᠤᠳᠤᠷᠢᠳᠬᠤ ᠲᠤᠭᠤᠢᠯᠠᠡᠭ ᠂ ᠬᠣᠲᠠ᠎ᠶᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠲᠤᠭᠤᠢᠯᠠᠡᠭ ᠂ ᠬᠣᠲᠠ᠎ᠶᠢᠨ ᠤᠯᠤᠰ ᠲᠥᠷᠦ᠎ᠶᠢᠨ ᠵᠥᠪᠯᠡᠯᠭᠡᠨ᠎ᠤ ᠣᠨᠣᠯ ᠰᠤᠷᠤᠯᠴᠠᠬᠤ ᠭᠣᠣᠯ ᠲᠤᠭᠤᠢᠯᠠᠡᠭ ᠵᠢᠱᠢᠶ᠎ᠡ ᠦᠵᠡᠭᠦᠯᠦᠨ ᠳᠠᠶᠢᠴᠢᠯᠠᠵᠤ ᠂ ᠨᠢᠭᠡᠳᠦᠭᠡᠷ ᠬᠢᠴᠢᠶᠡᠯ᠎ᠢ ᠴᠢᠨᠠᠷ ᠰᠠᠢᠳᠤᠷ ᠣᠷᠣᠵᠤ ᠂ ᠲᠤᠰᠬᠠᠢ ᠰᠡᠳᠦᠪ ᠬᠤᠪᠢᠶᠠᠨ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ ᠂ ᠤᠳᠤᠷᠢᠳᠬᠤ ᠪᠠᠭ᠎ᠤᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠪᠠ ᠃ ᠰᠢᠶᠠᠨ᠎ᠤ ᠭᠠᠵᠠᠷ᠎ᠤᠨ ᠲᠡᠰ᠎ᠡᠴᠠ ᠳᠡᠭᠡᠭᠰᠢᠬᠢ ᠤᠳᠤᠷᠢᠳᠬᠤ ᠺᠠᠳ᠋ᠷ᠎ᠤᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠬᠢ ᠡᠷᠬᠢᠯᠡᠪᠡ ᠃

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶᠢᠭᠤᠯᠤᠯᠲᠠ ᠨᠠᠮ᠎ᠤᠨ ᠡᠭᠦᠷ᠎ᠢᠶᠠᠷ ᠲᠦᠰᠢᠭ ᠪᠣᠯᠭᠠᠵᠤ ᠂ ︽ ᠭᠤᠷᠪᠠᠨ ᠬᠤᠷᠠᠯ ᠨᠢᠭᠡ ᠬᠢᠴᠢᠶᠡᠯ ︾ ᠂ ᠭᠣᠣᠯ ᠰᠡᠳᠦᠪᠲᠦ ᠨᠠᠮ᠎ᠤᠨ ᠡᠳᠦᠷᠯᠢᠭ ᠪᠠ ᠨᠠᠮ᠎ᠤᠨ ᠲᠡᠦᠬᠡ᠎ᠶᠢᠨ ᠮᠡᠳᠡᠯᠭᠡ᠎ᠶᠢᠨ ᠤᠷᠤᠯᠳᠤᠭᠠᠨ ᠵᠡᠷᠭᠡ ᠬᠡᠯᠪᠡᠷᠢ᠎ᠪᠠᠷ ᠰᠤᠷᠤᠯᠴᠠᠯᠭ᠎ᠠ᠎ᠶᠢ ᠵᠣᠬᠢᠶᠠᠨ ᠪᠠᠶᠢᠭᠤᠯᠪᠠ ᠃ 3 ᠰᠠᠷ᠎ᠠ᠎ᠶᠢᠨ 31᠎ᠤ ᠡᠳᠦᠷ ᠪᠣᠯᠲᠠᠯ᠎ᠠ ᠂ 11 ᠬᠣᠰᠢᠭᠤ ᠰᠢᠶᠠᠨ ᠬᠤᠳᠠ ᠲᠣᠭᠣᠷᠢᠭ ᠪᠣᠯᠤᠨ 90 ᠬᠤᠳᠠ᠎ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠦᠬᠦᠨ᠎ᠢᠶᠠᠷ᠎ᠢᠶᠡᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠨᠢᠭᠡᠳᠦᠭᠡᠷ ᠬᠢᠴᠢᠶᠡᠯ᠎ᠢ ᠣᠷᠣᠵᠤ ᠳᠠᠭᠤᠰᠬᠠᠭᠰᠠᠨ ᠪᠥᠭᠡᠳ ᠰᠠᠨᠠᠯ᠎ᠢᠶᠡᠨ ᠰᠣᠯᠢᠯᠴᠠᠵᠤ ᠰᠤᠳᠤᠯᠤᠨ ᠶᠠᠷᠢᠯᠴᠠᠪᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠷᠭᠢ‍ ᠢ᠎ᠡ᠎ᠶᠢᠨ ᠤᠯᠠᠨ ᠨᠡᠶᠢᠲᠡ᠎ᠶᠢᠨ ᠲᠠᠪᠴᠡᠡᠭ᠎ᠢ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠲᠠᠪᠴᠠᠩ ᠪᠣᠯᠭᠠᠵᠤ ᠂ ︽ ᠨᠠᠮ᠎ᠤᠨ ᠲᠡᠦᠬᠡ᠎ᠶᠢᠨ ᠮᠡᠳᠡᠯᠭᠡ᠎ᠶᠢᠨ ᠡᠳᠦᠷ ᠪᠦᠷᠢ᠎ᠶᠢᠨ ᠬᠠᠷᠢᠭᠤᠯᠲᠠ ︾ ᠂ ︽ ᠨᠠᠮ᠎ᠤᠨ ᠲᠡᠦᠬᠡ᠎ᠶᠢᠨ ᠦᠯᠢᠬᠡᠷ᠎ᠤᠨ ᠵᠠᠭᠤᠨ ᠲᠠᠶᠢᠯᠤᠮᠵᠢ ︾ ᠂ ︽ ᠡᠳᠦᠷ ᠪᠦᠷᠢ ᠨᠠᠮ᠎ᠤᠨ ᠲᠡᠦᠬᠡ᠎ᠶᠢ ᠰᠤᠷᠤᠯᠴᠠᠶ᠎ᠠ ︾ ᠵᠡᠷᠭᠡ ᠲᠤᠰᠬᠠᠢ ᠪᠤᠯᠤᠩ ᠨᠡᠭᠡᠭᠡᠵᠦ ᠂ ᠨᠠᠮ᠎ᠤᠨ ᠭᠡᠰᠢᠭᠦᠨ ᠺᠠᠳ᠋ᠷᠴᠤᠳ᠎ᠲᠤ ᠲᠦᠭᠦᠮ ᠲᠦᠳᠡ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠵᠢᠭᠰᠠᠭᠠᠯ᠎ᠤᠨ ᠭᠠᠵᠠᠷ ᠨᠡᠭᠡᠭᠡᠵᠦ ᠥᠭᠪᠡ ᠃ ᠬᠣᠲᠠ᠎ᠶᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ ᠪᠣᠯᠤᠨ ᠬᠣᠲᠠ᠎ᠶᠢᠨ ᠷᠠᠳᠢᠣ᠋ ᠲᠧᠯᠸᠢᠰ ᠬᠣᠷᠢᠶ᠎ᠠ ᠬᠠᠮᠲᠤᠷᠠᠨ ᠂ ︽ ᠨᠠᠮ᠎ᠤᠨ ᠲᠡᠦᠬᠡ᠎ᠶᠢᠨ ᠬᠥᠮᠦᠵᠢᠯ᠎ᠤᠨ ᠡᠳᠦᠷ ᠪᠦᠷᠢ᠎ᠶᠢᠨ ᠶᠠᠷᠢᠶ᠎ᠠ ︾ ᠭᠡᠬᠦ ᠪᠤᠯᠤᠩ ᠭᠠᠷᠭᠠᠵᠤ ᠂ ︽ ᠨᠠᠮ᠎ᠤᠨ ᠰᠤᠷᠭᠠᠭᠤᠯᠢ + ᠨᠠᠮ᠎ᠤᠨ ᠵᠠᠭᠤᠴᠢᠯᠠᠭᠤᠷ ︾ ᠵᠡᠷᠭᠡ ᠬᠡᠯᠪᠡᠷᠢ᠎ᠪᠠᠷ ᠨᠠᠮ᠎ᠤᠨ ᠲᠡᠦᠬᠡ᠎ᠳ᠋ᠤ ᠲᠤᠰᠬᠠᠶ ᠰᠡᠳᠦᠪᠲᠦ ᠲᠠᠶᠢᠯᠤᠮᠵᠢ ᠬᠢᠵᠦ ᠂ ᠥᠷᠭᠡᠨ ᠣᠯᠠᠨ ᠨᠠᠮ᠎ᠤᠨ ᠭᠡᠰᠢᠭᠦᠨ᠎ᠤ ᠰᠤᠷᠤᠯᠴᠠᠬᠤ᠎ᠳ᠋ᠤ ᠲᠥᠬᠥᠮ ᠦᠵᠡᠭᠦᠯᠪᠡ ᠃

ᠲᠣᠰ ᠬᠣᠲᠠ ᠰᠤᠷᠤᠯᠴᠠᠯᠭ᠎ᠠ ᠬᠥᠮᠦᠵᠢᠯ᠎ᠢ ︽ ᠣᠯᠠᠨ ᠲᠦᠮᠡᠨ᠎ᠳ᠋ᠤ ᠪᠣᠳᠠᠲᠤ ᠶᠠᠪᠤᠳᠠᠯ ᠬᠢᠵᠦ ᠥᠭᠬᠦ ︾ ᠤᠢᠯᠡᠳᠦᠯᠭᠡ᠎ᠶᠢᠨ ᠠᠵᠢᠯᠯᠠᠭ᠎ᠠ ᠪᠣᠯᠭᠠᠨ ᠬᠤᠪᠢᠷᠠᠭᠤᠯᠵᠤ ᠂ ᠡᠭᠦᠳᠡ᠎ᠪᠠᠨ ᠨᠡᠭᠡᠭᠡᠵᠦ ᠪᠣᠳᠠᠲᠤ ᠶᠠᠪᠤᠳᠠᠯ ᠬᠢᠬᠦ ᠂ ᠬᠡᠷᠡᠭᠵᠢᠭᠦᠯᠬᠦ ᠲᠦ᠋ᠢᠷᠦᠯ ᠵᠤᠢᠯ᠎ᠢ ᠤᠯᠠᠨ ᠲᠦᠮᠡᠨ᠎ᠤ ᠲᠤᠮᠳᠠ᠎ᠡᠴᠠ ᠤᠯᠬᠤ ᠂ ᠰᠢᠢᠳᠪᠤᠷᠢᠯᠡᠬᠦ ᠶᠠᠪᠤᠴᠠ᠎ᠪᠠᠨ ᠣᠯᠠᠨ ᠲᠦᠮᠡᠨ᠎ᠳ᠋ᠤ ᠢᠯᠡ ᠪᠣᠯᠭᠠᠬᠤ᠎ᠶᠢ ᠪᠠᠷᠢᠮᠲᠠᠯᠠᠵᠤ ᠂ ᠰᠢᠢᠳᠪᠦᠷᠢᠯᠡᠭᠰᠡᠨ ᠦᠷ᠎ᠡ ᠳ᠋ᠦᠩ᠎ᠨᠢ ᠣᠯᠠᠨ ᠲᠦᠮᠡᠨ᠎ᠤ ᠰᠢᠯᠭᠠᠯᠲᠠ᠎ᠶᠢ ᠬᠦᠯᠢᠶᠡᠨ᠎ᠠ ᠃ ︽ 12345 ︾ ᠵᠠᠰᠠᠭ᠎ᠤᠨ ᠣᠷᠳᠣᠨ᠎ᠤ ᠠᠷᠠᠳ᠎ᠲᠤ ᠳᠥᠭᠥᠮ ᠦᠵᠡᠭᠦᠯᠬᠦ ᠤᠢᠯᠡᠴᠢᠯᠡᠭᠡᠨ᠎ᠤ ᠬᠠᠯᠠᠮᠰᠢᠯ ᠤᠲᠠᠰᠤ ᠂ ᠵᠢᠷᠬᠢᠶ᠎ᠡ᠎ᠶᠢᠨ ᠣᠯᠠᠨ ᠨᠡᠶᠢᠲᠡ᠎ᠶᠢᠨ ᠲᠠᠪᠴᠡᠡᠭ ᠪᠠ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠣᠯᠠᠨ ᠲᠦᠮᠡᠨ᠎ᠤ ᠭᠡᠷ᠎ᠲᠤ ᠬᠦᠷᠴᠤ ᠰᠤᠷᠪᠤᠯᠵᠢᠯᠠᠬᠤ ᠵᠡᠷᠭᠡ ᠬᠡᠯᠪᠡᠷᠢ᠎ᠪᠠᠷ ᠵᠠᠰᠠᠭ᠎ᠤᠨ ᠶᠠᠪᠤᠳᠠᠯ᠎ᠢ ᠠᠷᠠᠳ᠎ᠡᠴᠠ ᠠᠰᠠᠭᠤᠬᠤ ᠂ ᠠᠷᠭ᠎ᠠ ᠪᠣᠳᠣᠯᠭ᠎ᠠ᠎ᠶᠢ ᠠᠷᠠᠳ᠎ᠡᠴᠠ ᠠᠰᠠᠭᠤᠬᠤ ᠂ ᠬᠡᠷᠡᠭᠴᠡᠭᠡ ᠱᠠᠭᠠᠷᠳᠠᠯᠭ᠎ᠠ᠎ᠶᠢ ᠠᠷᠠᠳ᠎ᠡᠴᠠ ᠠᠰᠠᠭᠤᠬᠤ ᠂ ᠰᠠᠨᠠᠯ ᠰᠣᠨᠣᠰᠤᠨ ᠂ ᠬᠦᠰᠡᠯ ᠱᠠᠭᠠᠷᠳᠠᠯᠭ᠎ᠠ᠎ᠶᠢ ᠣᠶᠢᠯᠠᠭᠠᠵᠤ ᠂ ᠡᠭᠦᠨ᠎ᠤ ᠰᠠᠭᠤᠷᠢᠨ ᠳᠡᠭᠡᠷ᠎ᠡ ᠠᠰᠠᠭᠤᠳᠠᠯ᠎ᠤᠨ ᠨᠠᠷᠢᠨ ᠬᠠᠭᠤᠳᠠᠰᠤ᠎ᠶᠢ ᠬᠤᠷᠢᠶᠠᠡᠭᠭᠤᠢᠯᠠᠨ ᠡᠮᠬᠢᠯᠡᠵᠠᠢ ᠃ ᠣᠳᠣᠬᠠᠨ᠎ᠳ᠋ᠤ ᠂ ︽ 12345 ︾ ᠵᠠᠰᠠᠭ᠎ᠤᠨ ᠶᠠᠪᠤᠳᠠᠯ᠎ᠤᠨ ᠤᠢᠯᠡᠴᠢᠯᠡᠭᠡᠨ᠎ᠤ ᠬᠠᠯᠠᠮᠰᠢᠯ ᠤᠲᠠᠰᠤ᠎ᠶᠢ 9300 ᠭᠠᠷᠤᠶ ᠲᠤᠰᠴᠤ ᠂ ᠰᠢᠢᠳᠪᠤᠷᠢᠯᠡᠵᠤ ᠳᠠᠭᠤᠰᠬᠠᠭᠰᠠᠨ ᠨᠣᠷᠮ᠎ᠠ 99.7%᠎ᠳ᠋ᠤ ᠬᠦᠷᠴᠡᠶ ︔ ︽ ᠭᠤᠷᠪᠠ᠎ᠶᠢ ᠠᠰᠠᠭᠤᠬᠤ ︾ ᠲᠣᠳᠣᠷᠬᠠᠶ ᠬᠠᠭᠤᠳᠠᠰᠤ᠎ᠶᠢᠨ ᠲᠤᠬᠠᠶ 129 ᠵᠤᠢᠯ᠎ᠤᠨ ᠰᠠᠨᠠᠯ ᠰᠠᠨᠠᠭᠤᠯᠭ᠎ᠠ ᠬᠤᠷᠢᠶᠠᠵᠤ ᠂ 4 ᠰᠠᠷ᠎ᠠ᠎ᠶᠢᠨ 19᠎ᠤ ᠡᠳᠦᠷ ᠲᠦᠷᠦᠭᠦᠦ ᠪᠦᠯᠦᠭ᠎ᠤᠨ ︽ ᠭᠤᠷᠪᠠ᠎ᠶᠢ ᠠᠰᠠᠭᠤᠬᠤ ︾ ᠠᠵᠢᠯᠯᠠᠭ᠎ᠠ᠎ᠶᠢᠨ ᠠᠰᠠᠭᠤᠳᠠᠯ᠎ᠤᠨ ᠲᠣᠳᠣᠷᠬᠠᠶ ᠬᠠᠭᠤᠳᠠᠰᠤ᠎ᠶᠢ ᠨᠡᠶᠢᠭᠡᠮ ᠳᠠᠶᠠᠭᠠᠷ᠎ᠲᠤ ᠠᠯᠪᠠᠨ ᠶᠣᠰᠣᠭᠠᠷ ᠨᠡᠶᠢᠲᠡᠯᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面