ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠤᠯᠠᠨ ᠲᠦᠮᠡᠨ᠎ᠳ᠋ᠦ᠍ ᠪᠣᠳᠠᠲᠤ ᠶᠠᠪᠤᠳᠠᠯ ᠬᠢᠵᠦ ᠥᠭᠭᠦᠶ᠎ᠡ

2021-12-15 10:37:30

ᠵᠣᠬᠢᠶᠠᠭ᠍ᠴᠢ᠄ ᠸᠠᠩ ᠢᠤᠢ ᠯᠦᠩ ᠣᠩᠱᠢᠭ᠍ᠰᠠᠨ ᠣᠳᠠᠭ᠎ᠠ᠄ 3

《ᠦᠨᠳᠦᠰᠦᠳᠡᠨ ᠨᠤᠬᠦᠳ᠎ᠤᠨ ᠠᠷᠠᠳ ᠳᠦᠮᠡᠨ᠎ᠤ ᠠᠮᠢ ᠨᠠᠰᠤᠨ᠎ᠤ ᠱᠤᠭᠤᠮ ᠨᠢ ᠶᠠᠭᠤ ᠪᠤᠢ?》

《ᠦᠨᠳᠦᠰᠦᠳᠡᠨ᠎ᠤ ᠪᠦᠯᠬᠦᠮᠳᠡᠯ᠃》

《ᠦᠨᠳᠦᠰᠦᠳᠡᠨ᠎ᠤ ᠠᠵᠢᠯ᠎ᠤᠨ ᠭᠤᠤᠯ ᠰᠢᠵᠢᠮ ᠨᠢ ᠶᠠᠭᠤ ᠪᠤᠢ?》

《ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ》᠃

᠁

12 ᠰᠠᠷ᠎ᠠ᠎ᠶ᠋ᠢᠨ 9 ᠤ᠋ ᠦᠳᠡ᠎ᠶ᠋ᠢᠨ ᠡᠮᠦᠨ᠎ᠡ᠂ ᠬᠥᠬᠡᠬᠣᠲᠠ᠎ᠶ᠋ᠢᠨᠱᠢᠨ᠎ᠡ ᠬᠤᠳᠠ ᠲᠣᠭᠣᠷᠢᠭ᠎ᠤᠨ ᠤᠷᠠᠯᠢᠭ᠎ᠤᠨ ᠲᠢᠩᠬᠢᠮ᠎ᠦᠨ ᠬᠣᠢᠲᠤ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠨᠠᠮᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ᠂ ᠨᠢᠬᠡ ᠳᠠᠯᠠᠪᠠᠢ ᠮᠡᠳᠡᠯᠭᠡ᠎ᠶ᠋ᠢᠨ ᠤᠷᠤᠯᠳᠤᠭᠠᠨ ᠢᠳᠡ ᠬᠦᠭᠳᠠᠢ ᠶᠠᠪᠤᠭ᠍ᠳᠠᠵᠤ᠂ ᠲᠤᠬᠠᠢ᠎ᠶ᠋ᠢᠨ ᠲᠠᠯᠠᠪᠠᠢ ᠡᠴᠡ ᠠᠯᠠᠭ᠎ᠠ ᠳᠠᠰᠢᠯᠳᠠ ᠵᠢᠨ ᠳᠠᠭᠤᠨ ᠪᠠᠢᠨ ᠳᠠᠬᠢᠨ ᠲᠤᠭᠤᠯᠳᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠥ ᠤᠬᠠᠭᠤᠯᠤᠨ ᠲᠤᠭᠤᠱᠢᠯᠠᠭᠤᠯᠵᠥ᠂ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨᠲᠥᠯᠥᠭᠡ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠬᠢᠨ ᠤᠷᠠᠯᠢᠭ᠎ᠤᠨ ᠲᠢᠩᠬᠢᠮ᠎ᠦᠨ ᠬᠣᠢᠲᠤᠵᠡᠭᠡᠯᠢ ᠵᠢᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠳᠠᠢ ᠬᠠᠮᠳᠤᠷᠠᠵᠥ᠂ ᠥᠪᠡᠷᠲᠡᠭᠡᠨ ᠵᠠᠰᠠᠬᠤ ᠣᠷᠣᠨ᠎ᠤᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠰᠤᠷᠤᠯᠴᠠᠨ ᠤᠬᠠᠭᠤᠯᠵᠤ ᠲᠤᠭᠤᠱᠢᠯᠠᠭᠤᠯᠬᠤ ᠭᠤᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠵᠦ᠍᠂ᠠᠵᠤ ᠠᠬᠤᠢᠯᠠᠯ᠎ᠲᠠᠶ ᠬᠠᠮᠲᠤᠷᠠᠨ ᠨᠡᠢᠭᠡᠮ ᠲᠣᠭᠣᠷᠢᠭ᠎ᠲᠤ ᠬᠦᠨᠵᠡᠬᠡᠢᠷᠡᠵᠥ《ᠦᠨᠳᠦᠰᠦᠲᠡᠨ᠎ᠦ ᠪᠦᠯᠬᠦᠮᠳᠡᠯ ᠰᠡᠳᠬᠢᠯ᠎ᠢ ᠲᠤᠯᠠᠭᠠᠴᠠᠭᠤᠯᠵᠤ ᠨᠠᠮ᠎ᠤᠨ ᠭᠡᠱᠢᠭᠦᠨ ᠲᠠᠨ ᠳ᠋ᠤᠳᠤᠰᠠᠯᠠᠨ᠎ᠠ》 ᠭᠡᠬᠦ᠌ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠥ ᠪᠠᠢᠭᠰᠠᠨ ᠨᠢ ᠡᠨᠡᠪᠢᠯᠡ᠃

ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠬᠦᠯᠦᠭᠡᠵᠡᠩᠨᠡᠯᠲᠡ᠎ᠶ᠋ᠢᠨ ᠲᠥᠪ᠂ ᠪᠦᠷᠢᠨ ᠎ᠵᠠᠭᠤᠴᠢᠯᠠᠭᠤᠷ ᠎ᠤᠨ ᠨᠠᠢᠷᠠᠭᠤᠯᠤᠨ ᠣᠷᠴᠢᠭᠤᠯᠬᠤ ᠲᠥᠪ᠂ ᠪᠦᠷᠢᠨ ᠵᠠᠭᠤᠴᠢᠯᠠᠭᠤᠷ᠎ᠤᠨ᠎ᠦᠶ᠋ᠯᠡᠳᠬᠦ᠌ ᠲᠥᠪ᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠲᠥᠪ᠎ᠢᠶᠡᠷ ᠪᠦᠷᠢᠯᠳᠦᠭ᠌ᠰᠡᠨ ᠬᠠᠮᠲᠤᠷᠠᠭ᠍ᠰᠠᠨᠠᠷᠪᠠᠳᠤᠭᠠᠷ ᠡᠩᠨᠡᠬᠡ᠂ ᠪᠦᠷᠢᠨ ᠵᠠᠭᠤᠴᠢᠯᠠᠭᠤᠷ᠎ᠤᠨ ᠮᠡᠷᠭᠡᠵᠢᠯ᠎ᠦᠨ᠎ᠲᠥᠪ᠂᠎ᠪᠦᠷᠢᠨ᠎ᠵᠠᠭᠤᠴᠢᠯᠠᠭᠤᠷ᠎ᠤᠨ᠎ᠳᠠᠮᠵᠢᠭᠤᠯᠭ᠎ᠠ᠎ᠶ᠋ᠢᠨᠲᠥᠪ᠎ᠢᠶᠡᠷ ᠪᠦᠷᠢᠯᠳᠦᠭ᠌ᠰᠡᠨ ᠬᠠᠮᠲᠤᠷᠠᠭ᠍ᠰᠠᠨ ᠳᠥᠷᠪᠡᠳᠦᠭᠡᠷ ᠡᠩᠨᠡᠬᠡ᠂ ᠱᠢᠨ ᠮᠸ᠋ ᠭᠸ ᠵᠠᠭᠤᠴᠢᠯᠠᠭᠤᠷ᠎ᠤᠨᠺᠣᠮᠫᠠᠨᠢ᠎ᠶ᠋ᠢᠨ ᠦᠶ᠋ᠯᠡᠴᠢᠯᠡᠭᠡᠨ᠎ᠦ ᠠᠩᠭᠢ ᠵᠢᠴᠢ ᠤᠷᠠᠯᠢᠭ᠎ᠤᠨ ᠲᠢᠩᠬᠢᠮ᠎ᠦᠨ ᠬᠣᠢᠲᠤ ᠵᠡᠭᠡᠯᠢ ᠵᠢᠨ ᠨᠡᠢᠭᠡᠮᠲᠣᠭᠣᠷᠢᠭ᠎ᠤᠨ᠎ᠨᠠᠮ᠎ᠤᠨ ᠡᠭᠦᠷ᠂ ᠥᠪᠥᠷ ᠮᠣᠩᠭᠣᠯ᠎ᠤᠨ ᠰᠠᠢ ᠪᠸᠢ ᠯᠢᠶᠠᠩ ᠼᠠᠩ ᠲᠠᠷᠢᠶᠠᠯᠠᠩ᠎ᠤᠨ ᠬᠥᠭ᠌ᠵᠢᠯᠲᠡ᠎ᠶ᠋ᠢᠨ᠎ᠬᠢᠵᠠᠭᠠᠷᠲᠤ᠎ᠺᠣᠮᠫᠠᠨᠢ᠎ᠵᠢᠨ᠎ᠬᠢᠨ᠎ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠵᠤ᠂ ᠮᠡᠳᠡᠯᠬᠡ ᠵᠢᠨ ᠠᠰᠠᠭᠤᠯᠳᠠᠬᠠᠷᠢᠭᠤᠯᠳᠠ᠂ ᠠᠵᠢᠯ᠎ᠡᠴᠡ᠎ᠪᠠᠨ ᠠᠮᠠᠷᠠᠭ᠍ᠰᠠᠨ ᠠᠵᠢᠯᠲᠠᠳ᠎ᠢ ᠲᠣᠬᠣᠨᠢᠭᠤᠯᠬᠤ᠂ ᠨᠡᠢᠭᠡᠮ ᠲᠣᠭᠣᠷᠢᠭ᠎ᠤᠨ ᠣᠷᠴᠢᠨᠲᠣᠭᠣᠷᠢᠨ᠎ᠢ ᠴᠡᠭ᠌ᠴᠡᠯᠡᠨ ᠵᠠᠰᠠᠬᠤ᠂ ᠠᠯᠪᠠᠯᠠᠬᠤ᠎ᠮᠡᠷᠭᠡᠵᠢᠯ᠎ᠦᠨ᠎ᠦᠶ᠋ᠯᠡᠴᠢᠯᠡᠭᠡ᠎ᠬᠠᠩᠭᠠᠬᠤ ᠵᠡᠷᠭᠡ ᠰᠠᠢᠨᠳᠤᠷ᠎ᠠ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ᠂᠎ᠨᠡᠢᠭᠡᠮ᠎ᠲᠣᠭᠣᠷᠢᠭ᠎ᠲᠤ᠎ᠦᠢᠯᠡᠴᠢᠯᠡᠭᠡ ᠬᠠᠩᠭᠠᠨ ᠬᠠᠪᠰᠤᠷᠤᠯᠭ᠎ᠠᠦᠵᠡᠭᠦᠯᠵᠦ᠍᠂ ᠤᠯᠠᠨ ᠲᠦᠮᠡᠨ᠎ᠦ ᠰᠠᠨᠠᠭᠠᠰᠢᠷᠠᠵᠥ ᠪᠠᠢᠭ᠎ᠠ ᠶᠠᠪᠤᠳᠠᠯ᠎ᠢ ᠱᠢᠢᠳᠪᠦᠷᠢᠯᠡᠨ ᠦᠭᠴᠤ᠂ ᠣᠯᠠᠨ ᠲᠦᠮᠡᠨ᠎ᠳᠦᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠎ᠢ ᠨᠡᠪᠳᠡᠷᠡᠬᠦᠯᠵᠡᠢ᠃

ᠮᠡᠳᠡᠯᠬᠡ ᠵᠢᠨ ᠤᠷᠤᠯᠳᠤᠭᠠᠨ ᠡᠴᠡ ᠡᠮᠤᠨ᠎ᠡ᠂ ᠥᠪᠥᠷ ᠮᠣᠩᠭᠣᠯ᠎ᠤᠨ ᠡᠳᠦᠷ᠎ᠦᠨᠰᠣᠨᠢᠨ᠎ᠤ ᠬᠣᠷᠢᠶ᠎ᠠ᠎ᠶ᠋ᠢᠨ ᠨᠠᠮ᠎ᠤᠨ ᠬᠣᠷᠢᠶ᠎ᠠ᠎ᠶ᠋ᠢᠨ ᠭᠡᠱᠢᠭᠦᠨ᠂ ᠳᠡᠳ᠋ ᠶᠡᠷᠦᠩᠬᠡᠢ ᠨᠠᠢᠷᠠᠭᠤᠯᠤᠭ᠍ᠴᠢ ᠪᠠᠢᠴᠦᠨ ᠨᠡᠢᠭᠡᠮ ᠲᠣᠭᠣᠷᠢᠭ᠎ᠤᠨ ᠠᠵᠢᠯᠳᠠᠨ ᠪᠠ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠬᠡᠰᠡᠭᠨᠠᠮ᠎ᠤᠨ ᠭᠡᠱᠢᠭᠦᠨ ᠺᠠᠳ᠋ᠷ᠎ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ᠎ᠤᠳᠠᠭ᠎ᠠ᠎ᠶ᠋ᠢᠨ᠎ᠨᠠᠮ᠎ᠤᠨ᠎ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠳᠤᠮᠳᠠ ᠪᠠᠨ᠄ 《ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡ ᠪᠡᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠦᠴᠦᠷᠬᠡᠭ ᠎ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠤᠶ᠎ᠠ; ᠳᠤᠮᠳᠠᠳᠤ᠎ᠶ᠋ᠢᠨᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠠᠬᠢᠭᠤᠯᠤᠶ᠎ᠠ》 ᠭᠡᠪᠠ᠃ ᠤᠯᠠᠨ᠎ᠢᠶᠠᠷ᠎ᠢᠶᠠᠨ᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠠᠷᠭ᠎ᠠᠪᠤᠳᠤᠯᠭ᠎ᠠ᠎ᠶ᠋ᠢ ᠪᠦᠬᠦ᠌ ᠲᠠᠯ᠎ᠠ ᠪᠠᠷ᠎ᠲᠤᠭᠤᠰᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤᠤᠯᠠᠮᠵᠢᠯᠠᠯ᠎ᠢ ᠶᠡᠬᠡ ᠪᠡᠷ ᠪᠠᠳᠠᠷᠠᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ ᠭᠡᠵᠦ᠍ ᠢᠯᠡᠳᠭᠡᠵᠡᠭᠡᠪᠡ!

ᠳᠠᠭᠠᠭᠤᠯᠤᠨ ᠎ᠰᠤᠷᠤᠯᠴᠠᠬᠤ ᠠᠵᠢᠯᠯᠠᠭ᠎ᠠ ᠪᠠ ᠮᠡᠳᠡᠯᠭᠡ᠎ᠶ᠋ᠢᠨ ᠤᠷᠤᠯᠳᠤᠭᠠᠨᠳᠠᠭᠤᠰᠤᠭ᠍ᠰᠠᠨ᠎ᠤ ᠳᠠᠷᠠᠭ᠎ᠠ᠂ ᠡᠯ᠎ᠡ ᠡᠩᠨᠡᠭᠡ ᠲᠣᠰ ᠲᠣᠰ᠎ᠲᠠᠭᠠᠨ ᠬᠥᠳᠡᠯᠦᠯᠴᠡᠨ ᠬᠤᠪᠢᠳᠠᠬᠰᠠᠨ ᠠᠵᠢᠯ ᠳ᠋ᠠᠭᠠᠨᠶᠠᠭᠠᠷᠠᠯᠳᠤᠵᠥ᠂ ᠲᠤᠬᠤᠨᠢᠭᠤᠯᠬᠤ ᠪᠠᠭ᠎ᠠ ᠠᠩᠭᠢ ᠵᠢᠨ ᠬᠢᠨ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨᠠᠵᠢᠯ᠎ᠡᠴᠡ᠎ᠪᠠᠨ ᠠᠮᠠᠷᠠᠭ᠍ᠰᠠᠨ ᠠᠵᠢᠯᠳᠠᠨ ᠯᠸ ᠪᠦᠬᠡ᠂ ᠱᠠᠩ ᠵᠠᠨ ᠵᠢᠶᠠᠩ᠎ᠤᠨ ᠭᠡᠷ᠎ᠲᠦ ᠬᠦᠷᠴᠦ᠍ ᠲᠣᠬᠣᠨᠢᠭᠤᠯᠪᠠ᠃

《ᠪᠢ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠳᠤ ᠰᠣᠨᠢᠨ ᠮᠡᠳᠡᠭᠡᠨ᠎ᠦ ᠠᠵᠢᠯ᠎ᠢ᠋30 ᠵᠢᠯ ᠬᠢᠵᠦ᠂ ᠨᠠᠮ᠎ᠳᠤ ᠤᠷᠤᠭᠠᠳ 50 ᠵᠢᠯ ᠪᠣᠯᠵᠠᠢ᠂ ᠠᠵᠢᠯ᠎ᠡᠴᠡ᠎ᠪᠠᠨ ᠠᠮᠠᠷᠠᠭ᠍ᠰᠠᠨ᠎ᠤ ᠳᠠᠷᠠᠭ᠎ᠠ᠂ ᠰᠣᠨᠢᠨ᠎ᠤᠬᠣᠷᠢᠶ᠎ᠠ ᠪᠠᠰᠠ ᠨᠠᠮ᠎ᠡ ᠵᠢ ᠬᠣᠶᠠᠷ ᠵᠢᠯ ᠳᠠᠬᠢᠨ ᠤᠷᠢᠵᠤ ᠠᠵᠢᠯᠯᠠᠭᠤᠯᠤᠭᠰᠠᠨ ᠶᠤᠮ》᠃ ᠡᠨᠡ ᠵᠢᠯ 84 ᠨᠠᠰᠤᠲᠠᠶ ᠯᠸ ᠪᠦᠬᠡ ᠨᠠᠰᠤᠲᠠᠨ ᠣᠯᠠᠨ᠎ᠳᠤ ᠥᠪᠡᠷ ᠎ᠦᠨ ᠥᠩᠭᠡᠷᠡᠯᠲᠡ ᠎ᠪᠡᠨ ᠣᠮᠣᠭ᠍ᠰᠢᠯ ᠎ᠲᠠᠶ ᠎ᠪᠠᠷᠶᠠᠷᠢᠵᠤ ᠥᠭ᠌ᠪᠡ᠃ ᠶᠠᠷᠢᠯᠴᠠᠬᠤ ᠳᠤᠮᠳᠠ᠎ᠡᠴᠡ᠂ ᠨᠠᠰᠤᠲᠠᠨ᠎ᠤ ᠥᠪᠡᠷ᠎ᠤ᠋ᠨ ᠵᠢᠡᠨ ᠡᠪ ᠬᠠᠮᠲᠤ ᠨᠠᠮ᠎ᠤᠨ ᠭᠡᠱᠢᠭᠦᠨᠪᠣᠯᠤᠭᠰᠠᠨ ᠣᠮᠣᠭ ᠪᠠᠬᠠᠳᠤᠯ᠎ᠨᠢ ᠮᠡᠳᠡᠷᠡᠭᠳᠡᠵᠦ᠍᠂ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠨᠠᠮ᠎ᠤᠨ ᠭᠡᠱᠢᠭᠦᠳᠴᠸ᠋ ᠭᠦᠨ ᠬᠦᠨᠵᠡᠬᠡᠢ ᠬᠥᠮᠦᠵᠢᠯ ᠵᠣᠷᠢᠭ᠍ᠵᠢᠭᠤᠯᠤᠯ ᠬᠦᠷᠲᠡᠵᠦ᠍᠂ ᠢᠲᠡᠭᠡᠯ ᠪᠢᠱᠢᠷᠡᠯ᠎ᠨᠢ ᠨᠡᠩ ᠪᠠᠲᠤᠵᠢᠯ᠎ᠠ᠃

ᠨᠡᠢᠬᠡᠮ ᠳᠤᠭᠤᠷᠢᠭ᠎ᠤᠨ ᠡᠷᠡᠬᠦᠯ ᠬᠠᠮᠠᠭᠠᠯᠠᠯ᠎ᠤᠨ ᠦᠢᠯᠡᠴᠢᠯᠡᠬᠡᠨ᠎ᠤᠦᠷᠳᠡᠬᠡ ᠳ᠋ᠤ᠂ ᠬᠠᠮ ᠵᠠᠭᠤᠴᠢᠯᠠᠭᠤᠷ᠎ᠤᠨ ᠮᠡᠷᠬᠡᠵᠢᠯ᠎ᠤᠨ ᠳᠦᠪ᠎ᠤᠨ ᠵᠠᠯᠠᠭᠤ ᠮᠡᠷᠬᠡᠵᠢᠯ᠎ᠤᠨ ᠠᠵᠢᠯᠳᠠᠨ ᠶᠠᠩᠸᠸᠨ ᠭᠤᠸᠠᠩ ᠠᠯᠪᠠᠯᠠᠬᠤ ᠳᠦᠬᠦᠬᠡᠷᠤᠮᠵᠢ ᠵᠢ ᠵᠠᠰᠠᠵᠥ ᠮᠤᠩᠭᠠᠨᠢᠨ᠎ᠠ᠃ ᠳᠡᠷᠡ᠄《ᠨᠡᠢᠬᠡᠮ ᠳᠤᠭᠤᠷᠢᠭ ᠨᠢ ᠦᠨᠳᠦᠰᠦᠨ ᠱᠠᠳᠤᠨ᠎ᠤ ᠦᠢᠯᠡᠴᠢᠯᠡᠬᠡᠨ᠎ᠤ ᠴᠤᠩᠬᠤᠪᠴᠢ ᠪᠤᠯᠤᠬᠰᠠᠨ᠎ᠤ ᠬᠤᠪᠢ ᠳ᠋ᠤ᠂ ᠡᠨᠳᠡ ᠠᠯᠪᠠᠯᠠᠬᠤ ᠮᠡᠷᠬᠡᠵᠢᠯ᠎ᠤᠨᠦᠢᠯᠡᠴᠢᠯᠡᠬᠡ ᠬᠠᠩᠭᠠᠬᠤ ᠨᠢ ᠰᠠᠭᠤᠭᠠᠯᠢ ᠠᠷᠠᠳ᠎ᠤᠨ 〈 ᠬᠦᠴᠢᠷᠳᠡᠵᠥ᠂ᠳᠦᠪᠡᠭᠳᠡᠵᠥ᠂ ᠵᠤᠪᠠᠨᠢᠵᠥ᠂ ᠬᠦᠰᠡᠵᠥ〉 ᠪᠠᠢᠭ᠎ᠠ ᠠᠰᠠᠭᠤᠳᠠᠯ᠎ᠢᠰᠢᠢᠳᠪᠦᠷᠢᠯᠡᠬᠦ ᠳ᠋ᠤᠨᠢ ᠦᠴᠦᠬᠡᠨ ᠴᠸ᠋ ᠬᠡᠰᠡᠨ ᠲᠤᠰᠠ ᠪᠤᠯᠵᠥ ᠴᠢᠳᠠᠬᠤ ᠶᠤᠮ᠃ ᠳᠤᠰ ᠤᠳᠠᠭ᠎ᠠ ᠵᠢᠨ ᠠᠵᠢᠯᠯᠠᠭ᠎ᠠ᠎ᠳ᠋ᠤ᠎ᠤᠷᠤᠯᠴᠠᠬᠰᠠᠨ᠎ᠳ᠋ᠠᠭᠠᠨ᠎ᠮᠠᠰᠢ᠎ᠤᠳᠬ᠎ᠠ᠎ᠠᠭᠤᠯᠭ᠎ᠠ᠎ᠳᠠᠢ᠎ᠰᠠᠨᠠᠬᠳᠠᠵᠥ ᠪᠠᠢᠨ᠎ᠠ!》ᠬᠡᠵᠥ ᠪᠠᠢᠯ᠎ᠠ᠃


1.png


ᠨᠠᠷᠢᠨ ᠬᠢᠨᠠᠮᠠᠭᠠᠢᠰᠤᠷᠤᠯᠴᠠᠨ᠎ᠠ


2.png


ᠰᠡᠤᠨᠬᠢᠯ ᠲᠠᠯᠪᠢᠨ ᠰᠤᠨᠤᠰᠤᠨ᠎ᠠ


3.png


ᠠᠵᠢᠯ ᠡᠴᠡ ᠪᠠᠨ ᠠᠮᠠᠷᠠᠭᠰᠠᠨ ᠠᠬᠠᠮᠠᠤᠨ ᠠᠵᠢᠯᠳᠠᠨ ᠎ᠢ ᠡᠷᠬᠢᠨ ᠦᠵᠡᠨ᠎ᠠ


4.png


ᠠᠬᠠᠮᠠᠤᠨ ᠠᠵᠢᠯᠳᠠᠨ ᠎ᠤ ᠬᠠᠭᠤᠴᠢᠯᠠᠯ


5.png


ᠦᠪᠠᠷᠳᠡᠬᠡᠨ ᠵᠠᠰᠠᠬᠤ ᠤᠷᠤᠨ᠎ᠤ ᠠᠷᠪᠠᠨ ᠨᠢᠬᠡᠳᠦᠬᠡᠷ ᠤᠳᠠᠭ᠎ᠠ ᠵᠢᠨᠨᠠᠮ᠎ᠤᠨ ᠲᠦᠯᠦᠬᠡᠯᠡᠭᠴᠢᠤᠨ᠎ᠤᠨ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠲᠠᠭᠠᠭᠤᠯᠤᠨ ᠰᠤᠷᠤᠯᠴᠠᠨ᠎ᠠ


6.png


ᠮᠡᠳᠡᠯᠬᠡ ᠵᠢᠨ ᠤᠷᠤᠯᠳᠤᠭᠠᠨ


7.png


ᠢᠳᠡᠪᠬᠢᠳᠠᠢ ᠬᠠᠷᠢᠭᠤᠯᠤᠨ᠎ᠠ


8.png


ᠬᠤᠭ ᠨᠤᠪᠰᠢ ᠎ᠵᠢ ᠴᠡᠪᠡᠷᠯᠡᠨ᠎ᠠ


9.png


ᠰᠠᠢᠨ ᠲᠤᠷᠠᠴᠤᠤᠨ ᠪᠤᠳᠠᠳᠤ ᠠᠵᠢᠯ ᠬᠢᠵᠤ ᠦᠭᠬᠦ ᠪᠠᠷ ᠶᠠᠪᠤᠵᠠᠭᠠᠨ᠎ᠠ


10.png


ᠭᠤᠤᠯ ᠰᠡᠳᠤᠪᠳᠤᠨᠠᠮ᠎ᠤᠨ ᠡᠳᠦᠷᠯᠢᠭ᠎ᠤᠨ ᠠᠵᠢᠯᠯᠠᠭ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面