ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠤᠯᠠᠨ ᠲᠦᠮᠡᠨ᠎ᠳ᠋ᠦ᠍ ᠪᠣᠳᠠᠲᠤ ᠶᠠᠪᠤᠳᠠᠯ ᠬᠢᠵᠦ ᠥᠭᠭᠦᠶ᠎ᠡ

2021-11-15 10:50:40

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠪᠠᠶᠠᠨᠨᠠᠭᠤᠷ ᠬᠤᠲᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠬᠠᠲᠤᠨ ᠭᠤᠤᠯ᠎ᠤᠨ ᠳᠠᠯᠠᠩ᠎ᠤᠨ ᠵᠠᠰᠠᠮᠠᠯ ᠵᠠᠮ᠎ᠤᠨ ᠶᠡᠬᠡ ᠠᠩᠭᠢ 《ᠭᠠᠷ ᠬᠣᠯᠪᠣᠨ ᠰᠡᠳᠭᠢᠯ᠎ᠢᠶᠡᠨ ᠨᠢᠭᠡᠳᠭᠡᠵᠦ᠍ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ᠂ ᠴᠠᠭ᠍ᠳᠠᠭ᠎ᠠ ᠰᠤᠷᠭᠠᠭᠤᠯᠢ ᠬᠠᠮᠲᠤᠷᠠᠨ ᠠᠮᠤᠷ ᠲᠦᠪᠱᠢᠨ ᠵᠠᠮ᠎ᠬᠠᠷᠢᠯᠴᠠᠭ᠎ᠠ ᠵᠢ ᠪᠠᠢᠭᠤᠯᠤᠶ᠎ᠠ》 ᠬᠡᠬᠦ ᠦᠰᠦᠭ ᠲᠡᠢ ᠨᠢᠬᠡᠨ ᠬᠡᠮᠡᠷᠯᠢᠭ ᠲᠣᠭ᠎ᠢ ᠲᠤᠰᠴᠠᠢ᠂ ᠡᠨᠡ ᠪᠣᠯ ᠪᠣᠷᠣᠲᠣᠬᠣᠶ ᠲᠡᠭᠡᠳᠦ ᠰᠤᠷᠭᠠᠭᠤᠯᠢ᠎ᠶ᠋ᠢᠨ ᠲᠤᠰ ᠶᠡᠬᠡ ᠠᠩᠬᠢ᠎ᠳᠦ ᠬᠦᠷᠭᠡᠭ᠌ᠰᠡᠨ ᠴᠢᠩ ᠰᠡᠳᠭᠢᠯ᠎ᠦᠨ ᠲᠠᠯᠠᠷᠬᠠᠯ ᠪᠣᠯᠤᠨ᠎ᠠ᠃

ᠲᠤᠰ ᠶᠡᠬᠡ ᠠᠡᠭ᠌ᠬᠢ《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠲᠤᠰ ᠠᠵᠢᠯᠯᠠᠭ᠎ᠠ ᠵᠢ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢᠨ《ᠶᠡᠬᠡ ᠬᠢᠴᠢᠶᠡᠯ ᠨᠦᠬᠦᠬᠦ᠌》 ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠢᠮᠠᠭ᠍ᠲᠠ ᠪᠠᠷᠢᠮᠲᠠᠯᠠᠨ ᠦᠢᠯᠡᠳᠦᠯᠭᠡᠵᠢᠭᠦᠯᠵᠦ᠍᠂ ᠪᠠᠶᠠᠨᠨᠠᠭᠤᠷ ᠬᠣᠲᠠ᠎ᠶ᠋ᠢᠨ ᠨᠠᠮ᠎ᠤᠨ ᠰᠤᠷᠭᠠᠭᠤᠯᠢ᠂ ᠥᠪᠥᠷ ᠮᠣᠩᠭᠣᠯ᠎ᠤᠨ᠎ᠤᠷᠠᠨ ᠵᠢᠷᠤᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠪᠠᠷᠠᠭᠤᠨ ᠬᠣᠢᠲᠤ᠎ᠶ᠋ᠢᠨ ᠢᠳᠡᠭᠡᠨ ᠤᠮᠳᠠᠭᠠᠨ᠎ᠤ ᠰᠤᠷᠭᠠᠭᠤᠯᠢ᠎ᠳᠤ ᠰᠠᠨᠠᠭᠤᠯᠤᠮᠵᠢ ᠰᠡᠷᠡᠮᠵᠢ᠎ᠶ᠋ᠢᠨ ᠲᠡᠮᠳᠡᠭ 9᠎ᠶ᠋ᠢ ᠨᠠᠮᠠᠨ ᠲᠣᠬᠢᠷᠠᠭᠤᠯᠵᠤ᠂ ᠪᠣᠷᠣᠲᠣᠬᠣᠶ ᠳᠡᠭᠡᠳᠦ ᠰᠤᠷᠭᠠᠭᠤᠯᠢ᠎ᠶ᠋ᠢᠨ ᠡᠭᠦᠳᠡᠨ᠎ᠳᠦ 400 ᠭᠠᠷᠤᠶ ᠲᠡᠭ᠌ᠰᠢ ᠳᠥᠷᠪᠡᠯᠵᠢᠨ ᠮᠧᠲ᠋ᠷ ᠳᠣᠷᠭᠢᠯᠲᠠ᠎ᠶ᠋ᠢᠨ ᠱᠤᠭᠤᠮ᠎ᠢ ᠵᠢᠷᠤᠵᠤ ᠦᠭᠴᠦ᠂ ᠱᠤᠸᠠᠩ ᠾᠧ ᠬᠠᠮᠢᠶᠠᠷᠤᠯᠲᠠ᠎ᠶ᠋ᠢᠨ ᠵᠥᠪᠯᠡᠯ᠎ᠦᠨ ᠵᠠᠮ᠎ᠤᠨ ᠬᠡᠰᠡᠭ᠎ᠲᠦ ᠬᠣᠶᠠᠷ ᠵᠤᠷᠪᠤᠰ ᠬᠤᠷᠳᠤᠴᠠ ᠵᠢ ᠤᠳᠠᠭᠠᠱᠢᠷᠠᠭᠤᠯᠬᠤ ᠪᠦᠰᠡ ᠲᠣᠬᠢᠷᠠᠭᠤᠯᠤᠨ ᠦᠭᠴᠤ᠂ ᠲᠣᠰᠭᠣᠨ ᠨᠢᠭᠡᠳᠦᠯ᠎ᠦᠨ ᠵᠠᠮ᠎ᠤᠨ ᠠᠭᠤᠯᠵᠠᠷ᠎ᠲᠤ 3 ᠵᠤᠷᠪᠤᠰ ᠬᠤᠷᠳᠤᠴᠠ ᠵᠢ ᠤᠳᠠᠭᠠᠱᠢᠷᠠᠭᠤᠯᠬᠤ ᠪᠦᠰᠡ ᠨᠠᠮᠠᠨ ᠲᠣᠬᠢᠷᠠᠭᠤᠯᠪᠠ᠃ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ ᠵᠢ ᠰᠠᠢᠳᠤᠷ ᠬᠠᠩᠭᠠᠵᠤ᠂ ᠰᠡᠳᠭᠢᠯ᠎ᠳᠡᠭᠡᠨ ᠣᠯᠠᠨ ᠲᠦᠮᠡᠨ᠎ᠢ ᠪᠤᠳᠤᠵᠤ᠂ ᠣᠯᠠᠨ ᠲᠦᠮᠡᠨ᠎ᠦ ᠲᠥᠯᠥᠭᠡ ᠠᠵᠢᠯᠯᠠᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠥ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面