ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠤᠯᠠᠨ ᠲᠦᠮᠡᠨ᠎ᠳ᠋ᠦ᠍ ᠪᠣᠳᠠᠲᠤ ᠶᠠᠪᠤᠳᠠᠯ ᠬᠢᠵᠦ ᠥᠭᠭᠦᠶ᠎ᠡ

2022-01-02 20:37:36

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠᠮᠠᠯᠴᠢᠨ ᠲᠠᠷᠢᠶᠠᠴᠢᠨ ᠤ᠋ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌᠎ᠠᠵᠢᠯ ᠢ᠋ 《ᠪᠢ ᠣᠯᠠᠨ ᠲᠦᠮᠡᠨᠳ᠋ᠤ ᠪᠣᠳᠠᠲᠤ ᠶᠠᠪᠤᠳᠠᠯ ᠬᠢᠵᠦ᠍ ᠥᠭ᠌ᠬᠦ 》 ᠦᠶ᠋ᠯᠡᠳᠦᠯᠭᠡᠶ᠋ᠢᠨ ᠠᠵᠢᠯᠯᠠᠭ᠎ᠠ ᠶ᠋ᠢᠨ ᠲᠦᠷᠦᠯ ᠵᠦᠢᠯ ᠪᠤᠯᠭᠠᠨ᠂ 《ᠡᠷᠲᠡ ᠢᠯᠡᠷᠡᠭᠦᠯᠬᠦ᠌᠂ ᠡᠷᠲᠡ ᠰᠡᠷᠡᠮᠵᠢᠯᠡᠭᠦᠯᠬᠦ᠌᠂ ᠡᠷᠲᠡ ᠬᠠᠪᠰᠤᠷᠤᠨ ᠲᠡᠳᠬᠦᠬᠦ᠌ 》 ᠵᠡᠷᠭᠡ ᠭᠣᠭ᠍ᠴᠣᠭ᠎ᠠ᠎ᠵᠢᠭᠤᠤᠯᠳᠠᠯᠭ᠎ᠠ ᠲᠠᠢ ᠠᠨᠭᠬᠠᠷᠴᠤ ᠂ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠬᠥᠳᠡᠯᠦᠩᠭᠦᠶ ᠬᠢᠨᠠᠨ ᠬᠡᠮᠵᠢᠯᠳᠡᠶ᠋ᠢᠨ ᠲᠤᠤᠷ᠎ᠢ ᠲᠡᠬᠦᠯᠳᠡᠷᠵᠢᠬᠦᠯᠵᠤ ᠂ ᠬᠡᠪᠴᠢᠶᠡᠵᠢᠯ ᠤ᠋ᠨ ᠴᠢᠨᠠᠷᠲᠠᠶ ᠳᠠᠬᠢᠨ ᠶᠠᠳᠠᠭᠤᠷᠠᠬᠤ ᠪᠠᠢᠳᠠᠯ ᠡᠭᠦᠰᠭᠦᠥᠬᠡᠶ ᠪᠠᠢᠬᠤ᠎ᠵᠢ ᠪᠠᠳᠤᠯᠠᠪᠠ ᠃

《ᠥᠪᠥᠷ ᠮᠣᠩᠭᠣᠯᠤ᠋ᠨ ᠥᠪᠡᠷᠲᠡᠭᠡᠨ ᠵᠠᠰᠠᠬᠤ ᠣᠷᠣᠨ ᠤ᠋ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠬᠢᠨᠠᠨ ᠬᠡᠮᠵᠢᠯᠳᠡ ᠪᠠᠬᠠᠪᠰᠤᠷᠤᠨ ᠲᠡᠳᠬᠦᠬᠦ᠌ ᠲᠣᠭ᠍ᠲᠠᠴᠠ ᠶ᠋ᠢ ᠲᠡᠬᠦᠯᠳᠡᠷᠵᠢᠬᠦᠯᠬᠦ ᠠᠵᠢᠯ ᠤ᠋ᠨ ᠲᠥᠰᠦᠯ》 ᠶᠣᠰᠣᠭᠠᠷ᠂ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠭᠤᠤᠯᠳᠠᠯᠭ᠎ᠠ᠎ᠲᠠᠶᠭᠠᠵᠠᠷ ᠣᠷᠣᠨ᠂ ᠭᠤᠤᠯᠳᠠᠯᠭ᠎ᠠ᠎ᠲᠠᠶ ᠬᠥᠮᠦᠰ ᠵᠡᠷᠭᠡ᠎ᠳᠤ ᠠᠡᠭᠬᠠᠷᠤᠯ᠎ᠵᠢᠡᠨ ᠲᠦᠪᠯᠡᠷᠡᠬᠦᠯᠵᠤ᠂ 《 ᠭᠡᠨᠡᠳᠲᠡ᠎ᠵᠢᠨᠰᠢᠯᠳᠠᠭᠠᠨ᠎ᠢᠶᠡᠷ ᠬᠦᠨᠳᠤ ᠨᠤᠴᠢᠳᠡᠢ ᠶᠠᠳᠠᠭᠤᠷᠠᠭᠰᠠᠨᠡᠷᠦᠬᠡ》 ᠶ᠋ᠢ ᠬᠢᠨᠠᠨᠬᠡᠮᠵᠢᠬᠦ ᠬᠡᠪᠴᠢᠶᠡᠨ ᠳ᠋ᠤ ᠣᠷᠣᠭᠤᠯᠵᠤ᠂ ᠬᠢᠨᠠᠨ ᠬᠡᠮᠵᠢᠬᠦᠡᠲᠡᠭᠡᠳ ᠢ᠋ ᠪᠦᠬᠦᠨ᠎ᠢ ᠬᠠᠮᠤᠷᠬᠤ᠎ᠵᠢ ᠦᠨᠡᠨ᠎ᠬᠦ ᠪᠠᠳᠤᠯᠠᠵᠡᠢ᠃ ᠪᠥᠬᠥ᠌ ᠣᠷᠣᠨ᠎ᠳᠤ ᠪᠥᠬᠥ᠌ ᠲᠠᠯ᠎ᠠ ᠶ᠋ᠢᠨ ᠪᠠᠢᠳᠠᠯ ᠢ᠋ ᠣᠢᠯᠠᠭᠠᠵᠤᠵᠢᠭ᠍ᠰᠠᠭᠠᠨ ᠪᠠᠢᠴᠠᠭᠠᠬᠤ ᠠᠵᠢᠯ ᠢ᠋ ᠥᠷᠨᠢᠭᠦᠯᠵᠦ᠍ ᠂ ᠨᠡᠢᠲᠡ 254.9ᠲᠦᠮᠡᠨ ᠮᠠᠯᠵᠢᠬᠤ ᠲᠠᠷᠢᠶᠠᠯᠠᠬᠤ ᠡᠷᠦᠬᠡᠶ᠋ᠢᠨ 664 .4 ᠲᠦᠮᠡᠨ ᠬᠥᠮᠦᠨ ᠢ᠋ ᠵᠢᠭ᠍ᠰᠠᠭᠠᠨ ᠪᠠᠢᠴᠠᠭᠠᠪᠡ᠂ ᠡᠨᠡ ᠨᠢ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤᠣᠷᠣᠨ ᠤ᠋ ᠪᠠᠢᠩᠭᠤ ᠰᠠᠭᠤᠭ᠎ᠠ ᠡᠷᠦᠬᠡ ᠶ᠋ᠢᠨ 84.94 % ᠶ᠋ᠢ ᠡᠵᠡᠯᠡᠪᠡ ᠃ ᠮᠠᠯᠵᠢᠬᠤ ᠲᠠᠷᠢᠶᠠᠯᠠᠬᠤ ᠡᠷᠦᠬᠡ ᠶ᠋ᠢ ᠬᠥᠲᠥᠯᠥᠨ ᠵᠢᠯᠣᠭᠣᠳᠴᠤ᠌ 《 ᠳᠠᠬᠢᠨ ᠶᠠᠳᠠᠭᠤᠷᠠᠬᠤᠶ᠋ᠢ ᠰᠡᠷᠭᠡᠢᠯᠡᠬᠦ᠌ ᠬᠢᠨᠠᠨ ᠬᠡᠮᠵᠢᠯᠳᠡ ᠶ᠋ᠢᠨ ᠭᠠᠷ ᠤᠲᠠᠰᠤᠨ ᠤ᠋ APP 》 ᠶ᠋ᠢ ᠤᠭᠰᠠᠷᠠᠵᠤ᠂ 《 ᠬᠥᠳᠡᠭᠡ ᠲᠣᠰᠭᠣᠨᠢ᠋ ᠬᠥᠭ᠌ᠵᠢᠭᠦᠯᠦᠨ ᠮᠠᠨᠳᠤᠭᠤᠯᠬᠤ ᠠᠰᠠᠭᠤᠨ ᠯᠠᠪᠯᠠᠬᠤ ᠲᠠᠪᠴᠠᠩ》 ᠎ᠳ᠋ᠤ ᠮᠠᠯᠵᠢᠬᠤ ᠲᠠᠷᠢᠶᠠᠯᠠᠬᠤ ᠡᠷᠦᠬᠡ ᠶ᠋ᠢᠨ ᠪᠡᠶ᠎ᠡ ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠌ᠴᠢᠳᠠᠮᠵᠢ ᠶ᠋ᠢ ᠨᠡᠮᠡᠭᠳᠡᠬᠦᠯᠦᠨ᠂ ᠣᠯᠠᠨ ᠠᠷᠭ᠎ᠠ ᠵᠠᠮ ᠶ᠋ᠢᠡᠷ ᠪᠡᠶ᠎ᠡ ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠌ᠵᠠᠭ᠍ᠪᠤᠷ ᠢ᠋ ᠪᠠᠢᠭᠤᠯᠤᠭᠰᠠᠨ ᠪᠠᠢᠨ᠎ᠠ ᠃

11 ᠰᠠᠷ᠎ᠠ ᠶ᠋ᠢᠨ ᠰᠡᠭᠦᠯᠴᠢ ᠪᠣᠯᠲᠠᠯ᠎ᠠ᠂ ᠲᠥᠪᠯᠡᠷᠡᠭᠦᠯᠦᠨ ᠵᠢᠭ᠍ᠰᠠᠭᠠᠨᠪᠠᠢᠴᠠᠭᠠᠬᠤ ᠪᠠ ᠬᠥᠳᠡᠯᠦᠩᠭᠦᠶ ᠬᠢᠨᠠᠨ ᠬᠡᠮᠵᠢᠯᠳᠡ᠎ᠵᠢ ᠥᠷᠨᠢᠭᠦᠯᠬᠦ᠌᠎ᠪᠡᠷ ᠲᠠᠮᠵᠢᠨ ᠂ ᠰᠠᠯᠠᠭ᠎ᠠ ᠮᠥᠴᠢᠷᠤ᠋ᠨ ᠬᠣᠭᠣᠷᠣᠨᠳᠣᠬᠢ ᠲᠣᠭ᠎ᠠ ᠪᠠᠷᠢᠮᠲᠠ ᠶ᠋ᠢ ᠬᠠᠷᠢᠴᠠᠭᠤᠯᠤᠨ ᠬᠠᠮᠲᠤ ᠪᠠᠷ ᠡᠳ᠋ᠯᠡᠬᠦ᠎ᠵᠢ ᠴᠢᠩᠭᠠᠳᠭᠠᠵᠤ ᠂ᠪᠦᠬᠦ ᠣᠷᠣᠨ ᠤ᠋ 7.11 ᠲᠦᠮᠡᠨ ᠬᠥᠮᠦᠨ ᠢ᠋ ᠬᠢᠨᠠᠨ ᠬᠡᠮᠵᠢᠯᠳᠡ ᠶ᠋ᠢᠨ ᠬᠡᠪᠴᠢᠶᠡᠨ ᠳ᠋ᠤ ᠣᠷᠣᠭᠤᠯᠤᠨ᠂ ᠳᠠᠬᠢᠨᠶᠠᠳᠠᠭᠤᠷᠠᠬᠤ ᠲᠦᠭ᠌ᠰᠢᠭᠦᠷᠢ ᠶ᠋ᠢ 66.2 % ᠶ᠋ᠢᠡᠷ ᠠᠷᠢᠯᠭᠠᠪᠡ ᠃

ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨᠮᠠᠨᠳᠤᠭᠤᠯᠬᠤ ᠲᠣᠪᠴᠢᠶ᠎ᠠ ᠨᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠂ ᠠᠷᠠᠳᠤ᠋ᠨ ᠶᠠᠪᠤᠳᠠᠯ ᠵᠡᠷᠭᠡ 10 ᠠᠵᠢᠯ ᠲᠥᠷᠥᠯ ᠤ᠋ᠨ ᠰᠠᠯᠠᠭ᠎ᠠ ᠮᠥᠴᠢᠷ ᠲᠦ᠍ ᠬᠢᠨᠠᠨ ᠬᠡᠮᠵᠢᠯᠳᠡ ᠶ᠋ᠢᠨ ᠡᠲᠡᠭᠡᠳᠪᠠ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ ᠶ᠋ᠢᠨ ᠲᠣᠭ᠎ᠠ ᠪᠠᠷᠢᠮᠲᠠ ᠶ᠋ᠢ ᠬᠦᠷᠭᠡᠵᠦ᠍᠂ ᠠᠵᠢᠯ ᠲᠥᠷᠥᠯᠤ᠋ᠨ ᠰᠠᠯᠠᠭ᠎ᠠ ᠮᠥᠴᠢᠷ ᠤ᠋ᠨ ᠤᠷᠢᠳᠴᠢᠯᠠᠨ ᠰᠡᠷᠡᠮᠵᠢᠯᠡᠭᠦᠯᠬᠦ᠌ ᠶ᠋ᠢ ᠴᠢᠩᠭᠠᠳᠭᠠᠪᠠ᠃ ᠠᠷᠠᠳ ᠤ᠋ᠨ ᠶᠠᠪᠤᠳᠠᠯᠤ᠋ᠨ ᠲᠢᠩᠬᠢᠮ ᠤ᠋ᠨ ᠬᠡᠷ ᠪᠦᠯᠢ ᠶ᠋ᠢᠨ ᠠᠵᠤ ᠠᠬᠤᠶ ᠶ᠋ᠢᠨ ᠬᠠᠷᠭᠤᠭᠤᠯᠬᠤ ᠱᠢᠰᠲ᠋ᠧᠮ ᠶ᠋ᠢᠡᠷ ᠲᠠᠮᠵᠢᠨ ᠂ ᠣᠷᠣᠨᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠂ ᠠᠷᠠᠳ ᠤ᠋ᠨ ᠶᠠᠪᠤᠳᠠᠯ ᠂ ᠬᠥᠮᠦᠨ᠎ᠦ ᠬᠦᠴᠦᠨ᠎ᠦᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠡᠷᠭᠡ 8 ᠠᠵᠢᠯ ᠲᠥᠷᠥᠯ ᠤ᠋ᠨ ᠰᠠᠯᠠᠭ᠎ᠠ ᠮᠥᠴᠢᠷ᠎ᠯᠦᠭᠡ 2ᠤᠳᠠᠭ᠎ᠠ ᠶᠠᠳᠠᠭᠤ᠎ᠡᠴᠡ ᠠᠩᠭᠢᠵᠢᠷᠠᠭ᠍ᠰᠠᠨ ᠡᠷᠦᠬᠡ ᠪᠠ ᠬᠢᠨᠠᠨ ᠬᠡᠮᠵᠢᠯᠳᠡ ᠶ᠋ᠢᠨ ᠡᠲᠡᠭᠡᠳ᠎ᠤᠨ ᠲᠣᠭ᠎ᠠ ᠪᠠᠷᠢᠮᠲᠠ᠎ᠵᠢᠨᠬᠠᠷᠢᠴᠠᠭᠤᠯᠤᠯ ᠬᠢᠵᠦ᠍ ᠂ 210 ᠲᠦᠮᠡᠨ ᠵᠤᠷᠪᠤᠰ(ᠤᠳᠠᠭ᠎ᠠ )ᠲᠣᠭ᠎ᠠ ᠪᠠᠷᠢᠮᠲᠠ ᠶ᠋ᠢ ᠬᠠᠷᠢᠴᠠᠭᠤᠯᠪᠠ ᠃

ᠡᠬᠦᠨ᠎ᠤ ᠬᠠᠮᠳᠤ ᠂ ᠡᠯ᠎ᠡ ᠭᠠᠵᠠᠷ ᠤ᠋ᠨ᠎ᠬᠢᠨ ᠢ᠋ ᠬᠠᠪᠰᠤᠷᠤᠨ ᠲᠡᠳᠬᠦᠬᠦ᠌ᠠᠷᠭ᠎ᠠ ᠬᠡᠮᠵᠢᠶ᠎ᠡ᠎ᠵᠢ ᠤᠤᠯ ᠤ᠋ᠨ 5 ᠲᠥᠷᠥᠯ ᠡᠴᠡ ᠠᠵᠤ ᠦᠶ᠋ᠯᠡᠰ ᠂ ᠠᠵᠢᠯ ᠣᠯᠭᠣᠯᠲᠠ ᠂ ᠮᠥᠩᠭᠥᠨ ᠭᠦᠶ᠋ᠯᠭᠡᠭᠡ᠂ ᠰᠤᠷᠭᠠᠨ ᠬᠥᠮᠦᠵᠢᠯ ᠂ ᠡᠷᠡᠭᠦᠯ ᠮᠡᠨᠳᠦ ᠂ ᠣᠷᠣᠨ ᠰᠠᠭᠤᠴᠠ ᠶ᠋ᠢᠨ ᠠᠮᠤᠷ ᠲᠦᠪᠱᠢᠨ᠎ᠦ ᠪᠠᠲᠤᠯᠠᠭ᠎ᠠ ᠂ ᠤᠤᠭᠤᠬᠤᠤᠰᠤᠨ ᠤ᠋ ᠠᠮᠤᠷ ᠲᠦᠪᠱᠢᠨ᠎ᠦ ᠪᠠᠳᠤᠯᠠᠭ᠎ᠠ ᠵᠡᠷᠭᠡ 10 ᠲᠠᠯ᠎ᠠ᠎ᠪᠡᠷ ᠨᠡᠮᠡᠭ᠌ᠳᠡᠭᠦᠯᠵᠦ᠍᠂ ᠬᠢᠨᠠᠨ ᠬᠡᠮᠵᠢᠬᠦᠡᠲᠡᠭᠡᠳ ᠢ᠋ ᠬᠠᠪᠰᠤᠷᠤᠨ ᠲᠡᠳᠬᠦᠬᠦ᠌ ᠶ᠋ᠢ ᠨᠠᠩ ᠬᠠᠨᠳᠤᠯᠭᠠᠲᠤ ᠴᠢᠨᠠᠷᠲᠠᠶ ᠪᠤᠯᠭᠠᠪᠠ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ ᠳᠠᠬᠢᠨ ᠶᠠᠳᠠᠭᠤᠷᠠᠬᠤ ᠪᠤᠯᠤᠮᠵᠢ᠎ᠲᠠᠢ 2.39 ᠲᠦᠮᠡᠨ ᠡᠷᠦᠬᠡ ᠳ᠋ᠤ ᠬᠠᠨᠳᠤᠯᠭᠠᠳᠤ ᠴᠢᠨᠠᠷᠲᠠᠶᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠵᠤ ᠂ ᠪᠥᠬᠥ᠌ ᠣᠷᠣᠨ ᠤ᠋ ᠲᠠᠬᠢᠨ ᠶᠠᠳᠠᠭᠤᠷᠠᠬᠤᠪᠤᠯᠤᠮᠵᠢ᠎ᠲᠠᠢ ᠡᠷᠦᠬᠡ ᠶ᠋ᠢᠨ ᠶᠡᠷᠦᠩᠬᠡᠶ ᠬᠡᠮᠵᠢᠶ᠎ᠡ ᠶ᠋ᠢᠨ 92.2 % ᠢ᠋ ᠡᠵᠡᠯᠡᠨ᠂ ᠶᠠᠳᠠᠭᠤᠷᠠᠬᠤ ᠪᠤᠯᠤᠮᠵᠢ᠎ᠲᠠᠢ ᠡᠷᠦᠬᠡ ᠶ᠋ᠢ ᠬᠠᠪᠰᠤᠷᠤᠨᠲᠡᠳᠬᠦᠬᠦ᠌ ᠶ᠋ᠢ ᠪᠡᠶᠡᠯᠡᠬᠦᠯᠦᠭᠰᠡᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面