ᠲᠡᠷᠢᠭᠦᠨ ᠨᠢᠭᠤᠷ>ᠨᠠᠮ᠎ᠤᠨ ᠪᠠᠢᠭᠤᠯᠤᠯᠲᠠ>ᠤᠯᠠᠨ ᠲᠦᠮᠡᠨ᠎ᠳ᠋ᠦ᠍ ᠪᠣᠳᠠᠲᠤ ᠶᠠᠪᠤᠳᠠᠯ ᠬᠢᠵᠦ ᠥᠭᠭᠦᠶ᠎ᠡ

2021-12-27 11:19:03

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠬᠦᠷᠢᠶ᠎ᠡ ᠬᠣᠱᠢᠭᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠦᠶ᠋ᠯᠡᠴᠢᠯᠡᠭᠡᠨ᠎ᠦᠬᠡᠯᠪᠡᠷᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠡᠭᠦᠳᠦᠨ ᠪᠠᠢᠭᠤᠯᠬᠤ᠎ᠪᠠᠷ ᠬᠠᠷᠠᠯᠲᠠ ᠪᠣᠯᠭᠠᠨ᠂《ᠣᠯᠠᠨ ᠲᠦᠮᠡᠨ ᠰᠠᠨᠠᠯ ᠰᠠᠨᠠᠭᠤᠯᠭ᠎ᠠ ᠳᠤᠷᠠᠳᠴᠥ᠍᠂ ᠰᠠᠯᠠᠭ᠎ᠠ ᠮᠥᠴᠢᠷ ᠬᠥᠯᠢᠶᠠᠨ ᠭᠦᠶ᠋ᠴᠡᠳᠭᠡᠬᠦ᠌》ᠠᠷᠠᠳ ᠲᠦᠮᠡᠨ᠎ᠳᠦ ᠦᠶ᠋ᠯᠡᠴᠢᠯᠡᠬᠦ᠌ ᠲᠣᠭ᠍ᠲᠠᠴᠠ᠎ᠶ᠋ᠢ ᠬᠦᠴᠦᠯᠡᠨ ᠠᠬᠢᠭᠤᠯᠵᠤ᠂ ᠦᠨᠡᠨ ᠬᠦ᠌ ᠪᠣᠳᠠᠲᠤᠶᠠᠪᠤᠳᠠᠯ ᠬᠢᠬᠥ᠌ ᠪᠠ ᠱᠢᠨ᠎ᠡ ᠪᠠᠢᠳᠠᠯ᠎ᠢ ᠡᠭᠦᠳᠬᠦ᠌ ᠲᠠᠯ᠎ᠠ᠎ᠪᠠᠷ ᠨᠠᠩ ᠣᠯᠠᠨ ᠪᠣᠳᠠᠲᠠᠶ ᠦᠷ᠎ᠡ ᠪᠦᠲᠦᠮᠵᠢᠤᠯᠵᠤ ᠪᠠᠢ᠌ᠨ᠎ᠠ ᠃

ᠰᠠᠭᠤᠭᠠᠯᠢ ᠠᠷᠠᠳ᠎ᠤᠨ ᠠᠩᠬᠠᠷᠤᠯ᠎ᠦᠨ ᠴᠡᠭ᠎ᠢ ᠲᠥᠪᠯᠡᠷᠡᠭᠦᠯᠵᠦ᠍᠂ ᠠᠷᠠᠳ᠎ᠤᠨᠪᠠᠢᠳᠠᠯ᠎ᠢ ᠰᠤᠷᠪᠤᠯᠵᠢᠯᠠᠨ ᠬᠦᠴᠢᠷ ᠠᠰᠠᠭᠤᠳᠠᠯ᠎ᠢ ᠱᠢᠢᠳᠪᠦᠷᠢᠯᠡᠪᠠ᠃ ᠣᠯᠠᠨ ᠠᠷᠭ᠎ᠠ ᠵᠠᠮ᠎ᠢᠶᠠᠷ ᠰᠤᠷᠠᠭ ᠵᠠᠩᠭᠢᠴᠤᠭ᠍ᠯᠠᠭᠤᠯᠵᠤ᠂ ᠬᠣᠱᠢᠭᠤᠨ᠎ᠤ ᠪᠠᠠ 78 ᠬᠠᠮᠲᠤ᠎ᠪᠠᠷ ᠪᠦᠲᠦᠭᠡᠨᠪᠠᠢᠭᠤᠯᠬᠤ ᠨᠢᠭᠡᠴᠢ᠎ᠵᠢᠨ ᠨᠠᠮ᠎ᠤᠨ ᠭᠡᠱᠢᠭᠦᠨ ᠺᠠᠳ᠋ᠷ᠂ ᠨᠡᠢᠭᠡᠮ ᠲᠣᠭᠣᠷᠢᠭ᠎ᠤᠨ ᠲᠣᠣᠷᠵᠢᠭᠤᠯᠤᠯᠲᠠ᠎ᠶ᠋ᠢᠨ ᠠᠵᠢᠯᠲᠠᠨᠪᠠ ᠨᠡᠢᠭᠡᠮ᠎ᠦᠨ ᠠᠵᠢᠯ᠎ᠤᠨ ᠺᠠᠳ᠋ᠷ᠎ᠤᠨ ᠳᠠᠭᠠᠭᠤᠯᠭ᠎ᠠ᠎ᠪᠠᠷ ᠨᠡᠢᠭᠡᠮ ᠲᠣᠭᠣᠷᠢᠭ᠎ᠲᠤ ᠭᠦᠨᠵᠡᠭᠡᠢᠷᠡᠨ᠂ ᠣᠯᠠᠨᠲᠦᠮᠡᠨ᠎ᠦ ᠳᠤᠮᠳᠠ ᠭᠦᠨᠵᠡᠭᠡᠢᠷᠡᠵᠦ᠍᠂ ᠳᠠᠭᠠᠭᠠᠴᠢᠯᠠᠨ ᠬᠠᠷᠢᠯᠴᠠᠬᠤ ᠤᠳᠤᠷᠢᠳᠭᠤ ᠺᠠᠳ᠋ᠷ ᠬᠢᠭᠡᠳ ᠨᠡᠢᠭᠡᠮ ᠲᠣᠭᠣᠷᠢᠭ᠎ᠤᠨᠨᠠᠮ ᠎ᠤᠨ ᠡᠭᠦᠷ᠎ᠦᠨ ᠱᠦᠵᠢ᠎ᠶ᠋ᠢᠨ ᠶᠡᠬᠡ ᠰᠤᠷᠪᠤᠯᠵᠢᠯᠠᠭ᠎ᠠ᠎ᠶ᠋ᠢᠨ ᠠᠵᠢᠯᠯᠠᠭ᠎ᠠ ᠥᠷᠨᠢᠭᠦᠯᠦᠨ᠂ ᠪᠠᠢᠴᠠᠭᠠᠯᠲᠠ᠎ᠶ᠋ᠢᠨᠠᠰᠠᠭᠤᠯᠲᠠ᠎ᠶ᠋ᠢᠨ ᠬᠠᠭᠤᠳᠠᠰᠤ ᠲᠠᠷᠬᠠᠭᠠᠬᠤ᠂ ᠡᠷᠦᠬᠡ᠎ᠳᠦ ᠬᠦᠷᠴᠦ᠍ ᠰᠠᠨᠠᠯ ᠰᠠᠨᠠᠭᠤᠯᠭ᠎ᠠ ᠬᠤᠷᠢᠶᠠᠬᠤ ᠵᠡᠷᠭᠡᠠᠷᠭ᠎ᠠ ᠬᠡᠯᠪᠡᠷᠢ᠎ᠪᠡᠷ ᠰᠠᠭᠤᠭᠠᠯᠢ ᠠᠷᠠᠳ᠎ᠤᠨ ᠳᠤᠷᠠᠳᠤᠭ᠍ᠰᠠᠨ ᠰᠠᠨᠠᠯ ᠰᠠᠨᠠᠭᠤᠯᠭ᠎ᠠ ᠵᠢ ᠨᠢᠭᠤᠷᠳᠠᠨ ᠴᠤᠭ᠍ᠯᠠᠭᠤᠯᠵᠠᠢ᠃

ᠨᠡᠢᠭᠡᠮ ᠲᠣᠭᠣᠷᠢᠭ᠎ᠢᠶᠠᠷ ᠨᠢᠭᠡᠴᠢ ᠪᠣᠯᠭᠠᠨ᠂ ᠨᠠᠮ᠎ᠤᠨ ᠭᠡᠱᠢᠭᠦᠨ᠂ᠰᠠᠭᠤᠭᠠᠯᠢ ᠠᠷᠠᠳ᠎ᠤᠨ ᠲᠥᠯᠥᠭᠡᠯᠡᠭ᠌ᠴᠢ᠂《ᠬᠣᠶᠠᠷ ᠲᠥᠯᠥᠭᠡᠯᠡᠭ᠌ᠴᠢᠨᠢᠭᠡ ᠭᠡᠱᠢᠭᠦᠨ》᠂ ᠨᠡᠢᠭᠡᠮ᠎ᠦᠨ ᠵᠣᠬᠢᠶᠠᠨ ᠪᠠᠢᠭᠤᠯᠤᠯᠲᠠ ᠎ᠶ᠋ᠢᠨ ᠲᠥᠯᠥᠭᠡᠯᠡᠭ᠌ᠴᠢ ᠵᠡᠷᠭᠡ᠎ᠶ᠋ᠢ ᠵᠣᠬᠢᠶᠠᠨᠪᠠᠢᠭᠤᠯᠵᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠢᠵᠥ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠥᠷᠭᠡᠨ᠎ᠢᠶᠡᠷ ᠦᠢᠯᠠᠭᠠᠠ᠂ ᠰᠠᠨᠠᠯ ᠰᠠᠨᠠᠭᠤᠯᠭ᠎ᠠ ᠵᠢᠨᠪᠦᠬᠦ᠌ ᠲᠠᠯᠠᠲᠤ ᠴᠢᠨᠠᠷ᠂ ᠲᠥᠯᠥᠭᠡᠯᠡᠬᠦ᠌ ᠴᠢᠨᠠᠷ᠎ᠢ ᠦᠨᠡᠨ ᠬᠦ᠌ ᠪᠠᠲᠤᠯᠠᠪᠠ᠃ ᠨᠡᠢᠭᠡᠮ᠎ᠳᠦ ᠬᠠᠨᠳᠤᠭᠤᠯᠤᠨᠠᠷᠠᠳ᠎ᠤᠨ ᠰᠠᠨᠠᠯ᠎ᠢ ᠬᠤᠷᠢᠶᠠᠬᠤ ᠬᠠᠯᠠᠮᠱᠢᠯ ᠤᠲᠠᠰᠤ ᠨᠡᠢᠲᠡᠯᠡᠵᠦ᠍᠂ ᠡᠯ᠎ᠡ ᠲᠥᠷᠥᠯ᠎ᠦᠨ ᠠᠷᠠᠳ᠎ᠤᠨ ᠪᠠᠢᠳᠠᠯ᠎ᠤᠨᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠲᠡᠮᠳᠡᠭ᠌ᠯᠡᠨ ᠴᠤᠭ᠍ᠯᠠᠭᠤᠯᠵᠠᠢ᠃ ᠣᠳᠣ ᠣᠯᠠᠨ ᠲᠦᠮᠡᠨ ᠎ᠦ ᠲᠤᠰᠭᠠᠭ᠍ᠰᠠᠨᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠵᠠᠮ ᠬᠠᠷᠢᠯᠴᠠᠭᠠᠨ᠎ᠤ ᠬᠠᠮᠠᠭᠠᠯᠠᠯᠲᠠ ᠵᠢᠠ ᠲᠡᠯ᠎ᠠ ᠪᠠᠷ ᠬᠢ 6 ᠶᠡᠬᠡ ᠲᠥᠷᠥᠯ᠎ᠤᠨ 83 ᠭᠤᠤᠯᠳᠠᠯᠭ᠎ᠠ᠎ᠲᠠᠶᠠᠰᠠᠭᠤᠳᠠᠯ᠎ᠢ ᠴᠤᠭ᠍ᠯᠠᠭᠤᠯᠤᠨ᠂ ᠨᠢᠭᠡᠨᠲᠡ ᠠᠰᠠᠭᠤᠳᠠᠯ᠎ᠤᠨ ᠨᠠᠷᠢᠨ ᠲᠠᠩᠰᠠ᠎ᠶ᠋ᠢ ᠡᠮᠬᠢᠯᠡᠨ ᠪᠦᠷᠢᠯᠳᠦᠭᠦᠯᠵᠦ᠍᠂ᠵᠦᠶ᠋ᠯ ᠳᠠᠷᠠᠭᠠᠯᠠᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠪᠠᠢ᠌ᠨ᠎ᠠ᠃

ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠵᠤ᠂ ᠬᠠᠷᠢᠭᠤᠴᠠᠯᠭ᠎ᠠ᠎ᠶ᠋ᠢᠲᠣᠳᠣᠷᠬᠠᠢᠯᠠᠨ ᠳᠠᠷᠤᠭᠠᠰᠤ᠎ᠶ᠋ᠢ ᠬᠥᠩᠭᠡᠷᠡᠭᠦᠯᠪᠡ᠃ ᠬᠣᠱᠢᠭᠤᠨ᠎ᠤ ᠨᠠᠮ᠎ᠤᠨ ᠬᠣᠷᠢᠶ᠎ᠠ ᠲᠤᠰᠭᠠᠢᠯᠠᠨ《ᠣᠯᠠᠨ ᠲᠦᠮᠡᠨ ᠰᠠᠨᠠᠯ ᠰᠠᠨᠠᠭᠤᠯᠭ᠎ᠠ ᠳᠤᠷᠠᠳᠴᠥ᠍᠂ ᠰᠠᠯᠠᠭ᠎ᠠ ᠮᠥᠴᠢᠷ ᠬᠥᠯᠢᠶᠠᠨ ᠭᠦᠶ᠋ᠴᠡᠳᠭᠡᠬᠦ᠌》ᠣᠯᠠᠨ ᠲᠦᠮᠡᠨ ᠤ᠋ ᠪᠣᠳᠠᠲᠠᠶ ᠬᠦᠴᠢᠷᠳᠡᠯ᠎ᠢ ᠱᠢᠶ᠋ᠳᠪᠦᠷᠢᠯᠡᠬᠦ᠌ ᠵᠠᠭᠤᠨ ᠡᠳᠦᠷ᠎ᠦᠨ ᠠᠵᠢᠯᠯᠠᠭᠠᠨ᠎ᠤᠬᠤᠷᠠᠯ ᠬᠢᠵᠥ᠂ ᠡᠯ᠎ᠡ ᠰᠠᠯᠠᠭ᠎ᠠ ᠮᠥᠴᠢᠷ ᠪᠠ ᠨᠢᠭᠡᠴᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠰᠠᠨᠠᠭᠠᠴᠢᠯᠠᠭ᠎ᠠ᠎ᠠᠴᠠ᠎ᠪᠠᠨᠠᠰᠠᠭᠤᠳᠠᠯ ᠎ᠢ ᠭᠥᠯᠢᠶᠡᠨ ᠠᠪᠴᠤ᠌᠂ ᠦᠨᠡᠨ᠎ᠡᠴᠡ ᠵᠥᠪ᠎ᠢ ᠡᠷᠢᠬᠦ᠂ ᠴᠢᠳᠠᠯ᠎ᠤᠨ ᠬᠢᠷᠢ᠎ᠪᠡᠷ ᠬᠢᠬᠦ᠌ ᠵᠠᠷᠴᠢᠮᠶᠣᠰᠣᠭᠠᠷ᠂ ᠠᠷᠠᠳ᠎ᠤᠨ ᠳᠤᠷᠠᠳᠤᠬ᠍ᠰᠠᠨ ᠰᠠᠨᠠᠯ᠎ᠰᠠᠨᠠᠭᠤᠯᠭ᠎ᠠ ᠵᠢ ᠱᠢᠶ᠋ᠳᠪᠦᠷᠢᠯᠡᠬᠦ᠌ ᠴᠠᠭ᠎ᠤᠨ ᠬᠢᠵᠠᠭᠠᠷ ᠵᠢᠴᠢᠬᠠᠷᠢᠭᠤᠴᠠᠯᠭᠠᠲᠠᠨ᠎ᠢ ᠲᠣᠳᠣᠷᠬᠠᠢᠯᠠᠵᠤ᠂ ᠠᠰᠠᠭᠤᠳᠠᠯ᠎ᠢ ᠨᠢᠭᠡᠳ ᠨᠢᠭᠡ ᠪᠡᠷ ᠱᠢᠢᠳᠪᠥᠷᠢᠯᠡᠬᠥ᠌ ᠬᠡᠯᠪᠡᠷᠢ᠎ᠶ᠋ᠢᠨᠬᠠᠮᠢᠶᠠᠷᠤᠯᠲᠠ ᠵᠢ ᠬᠡᠷᠡᠭ᠌ᠵᠢᠭᠥᠯᠥᠨ᠂ ᠲᠥᠷᠥᠯ ᠵᠦᠶ᠋ᠯᠵᠢᠭᠦᠯᠦᠨ ᠠᠬᠢᠭᠤᠯᠵᠠᠢ᠃ ᠣᠳᠤ ᠨᠢᠭᠡᠨᠲᠡ《ᠰᠠᠨᠠᠯ ᠰᠠᠨᠠᠭᠤᠯᠭ᠎ᠠ》ᠵᠢ 53 ᠬᠤᠪᠢ ᠱᠢᠶ᠋ᠳᠪᠦᠷᠢᠯᠡᠵᠦ᠍᠂ ᠰᠠᠭᠤᠭᠠᠯᠢ ᠠᠷᠠᠳ᠎ᠤᠨ ᠲᠣᠭᠣᠷᠢᠭ᠎ᠤᠨ ᠵᠠᠮ᠎ᠢ8 ᠵᠤᠷᠪᠤᠰ ᠵᠠᠰᠠᠵᠤ ᠬᠠᠲᠠᠭᠤᠷᠠᠭᠤᠯᠥᠨ᠂ ᠡᠪᠳᠡᠭ᠌ᠳᠡᠭ᠌ᠰᠡᠨ ᠵᠠᠮ᠎ᠢ 3.6 ᠺᠢᠯᠣᠮᠧᠲ᠋ᠷ ᠰᠡᠯᠪᠢᠨ ᠵᠠᠰᠠᠵᠤ᠂ 6 ᠤᠰᠤ ᠲᠠᠲᠠᠬᠤ ᠰᠤᠪᠠᠭ ᠮᠠᠯᠳᠠᠨ᠂ ᠪᠡᠶ᠎ᠡᠴᠢᠭᠢᠷᠠᠭ᠍ᠵᠢᠭᠤᠯᠬᠤ ᠪᠦᠷᠢᠠ ᠲᠦᠬᠦᠷ ᠪᠠᠭᠠᠵᠢ ᠬᠡᠷᠡᠭ᠌ᠰᠡᠯ᠎ᠢ10 ᠢᠵᠢ ᠲᠣᠬᠢᠷᠠᠭᠤᠯᠵᠤ᠂ ᠰᠠᠭᠤᠭᠠᠯᠢ ᠠᠷᠠᠳ᠎ᠤᠨ ᠳᠤᠷᠠᠳᠤᠭ᠍ᠰᠠᠨ ᠲᠠᠭᠤ ᠱᠤᠤᠬᠢᠶᠠᠨ᠎ᠢ ᠨᠠᠮᠳᠠᠭᠤᠯᠬᠤ᠂ ᠬᠣᠭ ᠨᠣᠪᠰᠢ᠎ᠶ᠋ᠢᠨ ᠬᠠᠢᠷᠴᠠᠭᠨᠡᠮᠡᠵᠦ᠍ ᠲᠣᠬᠢᠷᠠᠭᠤᠯᠬᠤ᠂ ᠵᠠᠮ᠎ᠤᠨ ᠰᠠᠭᠤᠷᠢ᠎ᠶ᠋ᠢ ᠰᠡᠯᠪᠢᠨ ᠵᠠᠰᠠᠬᠤ ᠵᠡᠷᠭᠡ 20 ᠭᠠᠷᠤᠶ ᠤᠴᠢᠷ ᠶᠠᠪᠤᠳᠠᠯ᠎ᠢ ᠪᠥᠲᠥᠮᠵᠢᠲᠠᠢ ᠱᠢᠶ᠋ᠳᠪᠦᠷᠢᠯᠡᠨ᠂ ᠣᠯᠠᠨᠲᠦᠮᠡᠨ᠎ᠦ ᠬᠠᠨᠤᠮᠵᠢ᠎ᠶ᠋ᠢᠨ ᠬᠡᠮᠵᠢᠶ᠎ᠡ ᠵᠢ ᠢᠯᠡᠳᠲᠡ ᠳᠡᠭᠡᠭ᠌ᠰᠢᠯᠡᠭᠥᠯᠥᠭ᠌ᠰᠡᠨ ᠪᠠᠢ᠌ᠨ᠎ᠠ᠃

ᠬᠢᠨᠠᠨ ᠭᠦᠶ᠋ᠴᠡᠳᠭᠡᠬᠦ᠌ ᠲᠣᠭ᠍ᠲᠠᠴᠠ ᠪᠠᠢᠭᠤᠯᠵᠤ᠂ ᠦᠶ᠋ᠯᠡᠴᠢᠯᠡᠭᠡᠨ᠎ᠦᠪᠣᠳᠠᠲᠤ ᠦᠷ᠎ᠡ ᠪᠦᠲᠦᠮᠵᠢ᠎ᠶ᠋ᠢ ᠠᠬᠢᠭᠤᠯᠪᠠ᠃ ᠬᠣᠲᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ《213》ᠠᠵᠢᠯ ᠎ᠤᠨ ᠵᠠᠭ᠍ᠪᠤᠷ᠎ᠵᠢᠡᠷ᠂ ᠬᠣᠱᠢᠭᠤᠨ᠎ᠤ ᠨᠠᠮ᠎ᠤᠨ ᠬᠣᠷᠢᠶ᠎ᠠ ᠭᠤᠤᠯᠯᠠᠨ ᠤᠳᠤᠷᠢᠳᠴᠤ᠌᠂ ᠨᠡᠢᠭᠡᠮᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠲᠠᠪᠴᠠᠩ ᠪᠠᠢᠭᠤᠯᠤᠨ᠂ ᠬᠠᠮᠲᠤ᠎ᠪᠠᠷ ᠪᠥᠲᠥᠭᠡᠨ ᠪᠠᠢᠭᠤᠯᠬᠤᠡᠯ᠎ᠠ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠᠣᠷᠣᠯᠴᠠᠭ᠍ᠰᠠᠨ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠲᠠᠪᠴᠠᠩ ᠪᠠᠢᠭᠤᠯᠵᠤ᠂ ᠣᠯᠠᠨ ᠲᠦᠮᠡᠨ ᠰᠡᠳᠭᠢᠯ ᠬᠠᠨᠤᠮᠵᠢᠲᠠᠶᠪᠠᠢᠬᠤ᠎ᠪᠠᠷ ᠬᠠᠮᠤᠭ᠎ᠤᠨ ᠥᠨᠳᠥᠷ ᠪᠠᠷᠢᠮᠵᠢᠶ᠎ᠠ ᠪᠣᠯᠭᠠᠬᠤ᠎ᠶ᠋ᠢ ᠪᠠᠷᠢᠮᠲᠠᠯᠠᠨ᠂ ᠲᠣᠭ᠍ᠲᠠᠮᠠᠯ ᠬᠤᠭᠤᠴᠠᠭ᠎ᠠ᠎ᠲᠠᠶ᠎ᠪᠠᠷᠠᠰᠠᠭᠤᠳᠠᠯ᠎ᠢ ᠱᠢᠢᠳᠪᠥᠷᠢᠯᠡᠭ᠌ᠰᠡᠨ ᠬᠠᠷᠢᠭᠤ ᠲᠤᠰᠭᠠᠯ᠎ᠤᠨ ᠬᠦᠰᠦᠨᠦᠭ᠌ ᠲᠠᠷᠬᠠᠭᠠᠵᠤ᠂ ᠰᠠᠭᠤᠭᠠᠯᠢ ᠠᠷᠠᠳ᠎ᠢᠤᠷᠢᠵᠤ ᠰᠠᠯᠠᠭ᠎ᠠ ᠮᠥᠴᠢᠷ᠎ᠦᠨ ᠠᠰᠠᠭᠤᠳᠠᠯ᠎ᠢ ᠱᠢᠶ᠋ᠳᠪᠦᠷᠢᠯᠡᠵᠦ᠍ ᠪᠠᠢᠭ᠎ᠠ ᠪᠠᠢᠳᠠᠯ᠎ᠳᠤ ᠬᠤᠪᠢ ᠥᠭ᠌ᠴᠦ ᠦᠨᠡᠯᠡᠬᠦᠯᠤᠨ᠂ᠠᠰᠠᠭᠤᠳᠠᠯ᠎ᠢ ᠱᠢᠶ᠋ᠳᠪᠦᠷᠢᠯᠡᠬᠦ᠌ ᠲᠠᠯ᠎ᠠ᠎ᠪᠠᠷ ᠶᠣᠰᠣ᠎ᠶ᠋ᠢᠨ ᠲᠡᠳᠦᠶ ᠥᠩᠭᠡᠷᠡᠭᠦᠯᠬᠦ᠂ ᠠᠷᠭ᠎ᠠ ᠬᠡᠮᠵᠢᠶ᠎ᠡᠬᠦᠴᠦᠨ ᠥᠬᠡᠶ᠂ ᠠᠵᠢᠯᠯᠠᠭ᠎ᠠ᠎ᠶ᠋ᠢᠨ ᠦᠷ᠎ᠡ ᠪᠦᠲᠦᠮᠵᠢ ᠠᠨᠠᠶ᠂ ᠣᠯᠠᠨ ᠲᠦᠮᠡᠨ᠎ᠦ ᠬᠠᠨᠤᠮᠵᠢ ᠵᠢᠨ ᠬᠡᠮᠵᠢᠶ᠎ᠡᠥᠨᠳᠥᠷ ᠪᠢᠰᠢ ᠰᠠᠯᠠᠭ᠎ᠠ ᠮᠥᠴᠢᠷ ᠪᠠ ᠨᠢᠭᠡᠴᠢ᠎ᠶ᠋ᠢ ᠵᠠᠷᠯᠠᠨ ᠮᠡᠳᠡᠭ᠌ᠳᠡᠵᠦ᠍᠂ 《ᠬᠥᠯᠢᠶᠠᠨ ᠭᠥᠢᠴᠡᠳᠭᠡᠬᠥ᠌》ᠨᠢᠭᠡᠴᠢ᠎ᠶ᠋ᠢᠴᠡᠭ᠌ᠴᠡᠯᠡᠨ ᠥᠭᠡᠷᠡᠴᠢᠯᠡᠬᠥ᠌ ᠵᠢ ᠱᠠᠭᠠᠷᠳᠠᠵᠠᠢ᠃

ᠠᠵᠢᠯᠯᠠᠭ᠎ᠠ ᠥᠷᠨᠢᠭᠦᠯᠦᠭ᠌ᠰᠡᠨ ᠪᠠᠢᠳᠠᠯ᠎ᠢ ᠰᠠᠯᠠᠭ᠎ᠠ ᠮᠥᠴᠢᠷ ᠪᠠᠨᠢᠭᠡᠴᠢ᠎ᠶ᠋ᠢᠨ ᠣᠨ᠎ᠤ ᠱᠢᠯᠭᠠᠨ ᠬᠢᠨᠠᠬᠤ ᠠᠭᠤᠯᠭ᠎ᠠ᠎ᠳᠤ ᠣᠷᠣᠭᠤᠯᠵᠤ᠂ ᠱᠢᠯᠭᠠᠨ ᠦᠨᠡᠯᠡᠭ᠌ᠰᠡᠨ ᠦᠷ᠎ᠡ ᠳ᠋ᠦᠩ᠎ᠢᠡᠯ᠎ᠡ ᠰᠠᠯᠠᠭ᠎ᠠ ᠮᠥᠴᠢᠷ᠎ᠦᠨ ᠤᠳᠤᠷᠢᠳᠭᠤ ᠪᠠᠭ ᠵᠢᠴᠢ ᠤᠳᠤᠷᠢᠳᠭᠤ ᠺᠠᠳ᠋ᠷ᠎ᠤᠨ ᠠᠵᠢᠯ᠎ᠤᠨ ᠠᠮᠵᠢᠯᠲᠠ ᠪᠦᠲᠦᠮᠵᠢ᠎ᠶ᠋ᠢᠨᠴᠢᠬᠤᠯᠠ ᠦᠨᠳᠦᠰᠦᠯᠡᠯ ᠪᠣᠯᠭᠠᠨ᠂《ᠬᠢᠬᠦ ᠶᠠᠪᠤᠴᠠ᠎ᠨᠢᠣᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠦᠷ᠎ᠡ ᠪᠦᠲᠦᠮᠵᠢ ᠎ᠵᠢ ᠣᠯᠠᠨ ᠲᠦᠮᠡᠨ᠎ᠢᠶᠡᠷ ᠦᠨᠡᠯᠡᠭᠦᠯᠬᠦ᠌》ᠵᠢ ᠥᠨᠡᠨ ᠬᠥ᠌ ᠪᠠᠳᠤᠯᠠᠨ᠂ ᠦᠨᠡᠨ ᠪᠣᠳᠠᠲᠠᠶ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠪᠡᠷᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤᠲᠥᠷᠥᠭ᠌ᠳᠡᠯ᠎ᠢ ᠨᠡᠮᠡᠭᠳᠡᠭᠦᠯᠵᠦ ᠪᠠᠢ᠌ᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面