2022-03-06 09:34:35
《ᠰᠠᠢᠨ ᠪᠠᠢᠵᠠᠭᠠᠨ᠎ᠠ ᠦᠦ! ᠪᠢ ᠪᠣᠯ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠨᠠᠮ ᠤ᠋ᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ 〈ᠳᠤᠯᠠᠭᠠᠨ ᠡᠭᠡᠴᠢ〉 ᠪᠠᠢᠨ᠎ᠠ᠃ ᠥᠨᠥᠳᠦᠷ ᠣᠯᠠᠨ᠎ᠳᠤ ᠲᠠᠨᠢᠯᠴᠠᠭᠤᠯᠵᠦ ᠪᠠᠢᠭ᠎ᠠ ᠨᠢ ᠰᠠᠢᠬᠠᠨ ᠲᠣᠭᠣᠷᠢᠭ ᠤᠨ ᠬᠤᠸᠠᠬᠤᠱᠢᠭᠤ ᠪᠠᠯᠭᠠᠰᠤ᠎ᠶ᠋ᠢᠨ ᠬᠤᠢᠲᠦ ᠶᠣᠣ ᠽᠢ ᠲᠣᠰᠭᠣᠨ᠎ᠤ 〈ᠨᠢᠭᠡ ᠲᠣᠰᠭᠣᠨ ᠨᠢᠭᠡ ᠲᠦᠷᠦᠯ ᠲᠡᠮᠲᠡᠭ〉᠎ᠤ᠋ᠨ ᠲᠥᠷᠥᠯ ᠵᠦᠶ᠋ᠯ᠎ᠦᠨ ᠪᠣᠬᠢᠷᠲᠤᠯ ᠥᠬᠡᠶ ᠬᠤᠯᠤᠤᠪᠠᠩ ᠪᠤᠯᠤᠨ᠎ᠠ ᠁》 ᠱᠢᠭᠤᠳ ᠨᠡᠪᠲᠡᠷᠡᠭᠦᠯᠭᠡ ᠪᠡᠷ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠢ᠋ᠢᠡᠨ ᠲᠠᠨᠢᠯᠴᠠᠭᠤᠯᠵᠤ ᠪᠠᠢᠭ᠎ᠠ《ᠲᠤᠯᠠᠭᠠᠨ ᠡᠬᠡᠴᠢ》 ᠪᠤᠯ ᠰᠠᠢᠬᠠᠨ ᠲᠣᠭᠣᠷᠢᠭ᠎ᠤᠨ ᠨᠠᠮ᠎ᠤᠨ ᠭᠡᠱᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠳᠡᠳ᠋ ᠡᠷᠬᠢᠯᠡᠭ᠌ᠴᠢ ᠵᠠᠩ ᡁᠢ ᠴᠦᠨ ᠪᠤᠯᠤᠨ᠎ᠠ᠂ ᠲᠡᠭᠦᠨ ᠤ᠋ ᠱᠢᠭᠤᠳ ᠨᠡᠪᠲᠡᠷᠡᠭᠦᠯᠭᠡ ᠨᠢ ᠤᠯᠠᠨ ᠬᠦᠮᠦᠨ ᠤ᠋ ᠠᠩᠬᠠᠷᠤᠯ᠎ᠢ ᠲᠠᠲᠠᠵᠤ᠂ 3 ᠰᠠᠷ᠎ᠠ ᠪᠣᠯᠤᠭ᠎ᠠ ᠥᠬᠡᠶ᠎ᠪᠡᠷ ᠲᠠᠷᠢᠶᠠᠴᠢᠨ ᠡᠷᠦᠬᠡ᠎ᠶ᠋ᠢ ᠬᠠᠪᠰᠤᠷᠤᠨ 20 ᠲᠦᠮᠡᠨ ᠺᠢᠯᠣᠭ᠌ᠷᠠᠮ ᠬᠤᠯᠤᠤᠪᠠᠩ ᠪᠣᠷᠣᠯᠠᠭᠤᠯᠪᠠ᠃
ᠰᠠᠢᠬᠠᠨ ᠲᠣᠭᠣᠷᠢᠭ᠎ᠤᠨ ᠨᠠᠮ᠎ᠤᠨ ᠭᠡᠱᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠠᠰᠠᠷ ᠲᠸ᠋ ᠤᠷᠤᠬᠤ ᠳ᠋ᠤ᠂ ᠰᠠᠢᠬᠠᠨ ᠲᠣᠭᠣᠷᠢᠭ᠎ᠤᠨ ᠰᠡᠭᠦᠵᠢ ᠲᠣᠰᠭᠣᠨ᠎ᠤ ᠨᠠᠷᠢᠮᠤ᠂ ᠬᠤᠢᠲᠦ ᠶᠣᠣ ᠽᠢ ᠲᠣᠰᠭᠣᠨ᠎ᠤ ᠬᠤᠯᠤᠤᠪᠠᠩ᠂ ᠬᠤᠵᠢᠷ ᠤ᠋ᠨ ᠲᠤᠬᠤᠢ ᠲᠣᠰᠭᠣᠨ᠎ᠤ ᠲᠥᠮᠥᠰᠥ᠍᠂ ᠬᠡᠷᠴᠢᠯᠠᠭᠤ ᠲᠣᠰᠭᠣᠨ᠎ᠤ ᠵᠢᠵᠢᠭ ᠯᠠᠩᠭᠤᠸᠠ ᠁ ᠲᠠᠷᠢᠶᠠᠯᠠᠩ᠎ᠤᠨ ᠪᠦᠲᠦᠭᠡᠭ᠌ᠳᠡᠬᠦᠨ ᠨᠤᠭᠦᠳ ᠨᠢ ᠨᠠᠮ᠎ᠤᠨ ᠪᠠᠢᠭᠤᠯᠤᠯᠲᠠ᠎ᠪᠠᠷ ᠲᠠᠷᠢᠶᠠᠴᠢᠳ᠎ᠢ ᠲᠤᠰᠠᠯᠠᠬᠤ 《ᠬᠤᠪᠢᠰᠭᠠᠯ ᠤ᠋ᠨ ᠪᠠᠷᠠᠭᠠᠨ᠎ᠤ ᠲᠠᠯᠪᠢᠭᠤᠷ》 ᠲᠡᠭᠡᠷ᠎ᠡ ᠲᠠᠯᠪᠢᠬᠲᠠᠵᠤ᠂ ᠡᠯ᠎ᠡ ᠲᠠᠯ᠎ᠠ ᠢ᠋ᠢᠨ ᠬᠢᠨ ᠢ᠋ ᠬᠣᠯᠪᠣᠭᠠᠯᠠᠨ ᠨᠡᠪᠲᠡᠷᠡᠭᠦᠯᠦᠭᠰᠡᠨ ᠲᠠᠷᠢᠶᠠᠴᠢᠳ᠎ᠢ ᠲᠤᠰᠠᠯᠠᠬᠤ ᠦᠷᠳᠡᠭᠡ ᠴᠸ᠋ ᠲᠤᠰ ᠲᠦᠪ ᠲᠸ᠋ ᠪᠠᠢᠭᠤᠯᠤᠬᠲᠠᠪᠠ᠃
《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤᠶ᠋ᠢᠠᠬᠢᠭᠤᠯᠬᠤᠶ᠋ᠢᠨᠲᠥᠯᠥᠭᠡ᠂ᠰᠠᠢᠬᠠᠨᠲᠣᠭᠣᠷᠢᠭᠨᠠᠮᠤ᠋ᠨᠬᠡᠰᠢᠭᠦᠨᠪᠠᠣᠯᠠᠨᠲᠦᠮᠡᠨᠦ ᠦᠶ᠋ᠯᠡᠴᠢᠯᠡᠭᠡᠨ᠎ᠦ ᠲᠥᠪ᠎ᠦᠨ ᠲᠠᠷᠢᠶᠠᠴᠢᠳ᠎ᠢ ᠲᠤᠰᠠᠯᠠᠬᠤ ᠥᠷᠲᠡᠭᠡ ᠢ᠋ᠢᠨ ᠲᠠᠪᠴᠠᠩ ᠪᠠ 《ᠤᠮᠠᠷᠠᠲᠤ᠎ᠶ᠋ᠢᠨ ᠡᠭᠦᠯᠡᠨ ᠬᠥᠮᠥᠷᠭᠡ》 ᠡᠯᠧᠺᠲ᠋ᠷᠣᠨ ᠬᠤᠳᠠᠯᠳᠤᠭᠠᠨ᠎ᠤ ᠪᠠᠷᠠᠭ᠎ᠠ᠎ᠶ᠋ᠢᠨ ᠭᠦᠶ᠋ᠯᠭᠡᠭᠡᠨ᠎ᠦ ᠲᠠᠪᠴᠠᠩ᠎ᠳᠤ ᠲᠦᠱᠢᠭ᠌ᠯᠡᠨ᠂ 《ᠡᠬᠢ ᠪᠠᠶᠠᠯᠢᠭ᠂ ᠬᠡᠷᠡᠭ᠌ᠴᠡᠭᠡ᠂ ᠲᠦᠷᠦᠯ ᠵᠦᠢᠯ᠂ ᠪᠡᠶᠡᠯᠡᠭᠦᠯᠬᠦ》 ᠵᠡᠷᠭᠡ ᠳᠥᠷᠪᠡᠨ ᠵᠦᠶ᠋ᠯ᠎ᠦᠨ ᠨᠠᠷᠢᠨ ᠲᠠᠩᠰᠠ ᠵᠢ ᠴᠢᠩᠭ᠎ᠠ ᠠᠳᠬᠤᠵᠦ᠂ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠵᠣᠯᠭᠠᠭᠤᠯᠤᠨ᠂ ᠵᠢᠷᠭᠤᠭᠠᠨ ᠪᠠᠯᠭᠠᠰᠤ ᠵᠡᠭᠡᠯᠢ ᠢ᠋ᠢᠨ ᠲᠣᠭᠣᠷᠢᠨ ᠳ᠋ᠤ᠂ ᠦᠶ᠋ᠯᠡᠳᠪᠦᠷᠢᠯᠡᠯ᠎ᠢᠶᠡᠨ ᠨᠡᠮᠡᠭ᠌ᠳᠡᠭᠦᠯᠵᠦ᠍ ᠪᠣᠷᠣᠯᠠᠭᠤᠯᠭ᠎ᠠ᠎ᠶ᠋ᠢ ᠲᠤᠰᠠᠯᠠᠬᠤ ᠬᠤᠤᠰ ᠱᠤᠭᠤᠮ᠎ᠢᠶᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠦ᠂ ᠨᠠᠢ᠍ᠮᠠᠨ ᠰᠠᠯᠠᠭ᠎ᠠ ᠮᠥᠴᠢᠷ ᠲᠠᠢ ᠬᠤᠯᠪᠤᠭᠠᠯᠠᠨ ᠬᠦᠲᠡᠯᠦᠯᠴᠡᠵᠦ᠂ ᠵᠠᠰᠠᠭ᠎ᠤᠨ ᠤᠷᠳᠤᠨ᠂ ᠠᠵᠤ ᠠᠬᠤᠢᠯᠠᠯ᠂ ᠰᠤᠷᠭᠠᠭᠤᠯᠢ᠂ ᠣᠷᠣᠨ ᠨᠤᠲᠤᠭ ᠬᠦᠴᠦ᠍᠎ᠪᠡᠨ ᠬᠠᠮᠲᠤᠳᠭᠠᠨ ᠣᠯᠠᠨ ᠲᠠᠯ᠎ᠠ᠎ᠶ᠋ᠢᠨ ᠪᠠᠲᠤᠯᠠᠭ᠎ᠠ ᠬᠠᠩᠭᠠᠨ᠂ 《ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠨᠠᠮ᠎ᠤᠨ ᠭᠡᠱᠢᠭᠦᠨ ᠲᠣᠯᠣᠭᠠᠢᠯᠠᠬᠤ᠂ ᠣᠯᠠᠨ ᠲᠦᠮᠡᠨ ᠠᠱᠢᠭ ᠬᠦᠷᠲᠡᠬᠦ 》 ᠪᠠᠶᠠᠵᠢᠯ ᠤ᠋ᠨ ᠱᠢᠨ᠎ᠡ ᠵᠠᠮ ᠢ᠋ ᠠᠯᠬᠤᠵᠦ᠂ 《ᠲᠠᠪᠤ᠎ᠶ᠋ᠢ ᠬᠠᠮᠵᠢᠯᠴᠠᠭᠤᠯᠤᠨ ᠦᠨᠳᠦᠰᠦᠨ ᠱᠠᠲᠤ᠎ᠶ᠋ᠢ ᠶᠡᠬᠡᠪᠡᠷ ᠠᠳᠭᠤᠬᠤ》 ᠳ᠋ᠤ ᠠᠮᠢᠳᠤᠯᠢᠭ ᠲᠠᠢᠯᠪᠤᠷᠢ ᠬᠢᠵᠡᠶ᠃
ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠲᠠᠷᠢᠶᠠᠴᠢᠳ᠎ᠢ ᠲᠤᠰᠠᠯᠠᠬᠤ ᠥᠷᠲᠡᠭᠡ ᠢ᠋ᠢᠨ ᠲᠠᠪᠴᠠᠩ ᠪᠠ 《 ᠤᠮᠠᠷᠠᠲᠦ ᠢ᠋ᠢᠨ ᠡᠭᠦᠯᠡᠨ ᠬᠦᠮᠦᠷᠭᠡ》 ᠡᠯᠧᠺᠲ᠋ᠷᠣᠨ ᠬᠤᠳᠠᠯᠳᠤᠭᠠᠨ᠎ᠤ ᠪᠠᠷᠠᠭᠠᠨ᠎ᠤ ᠭᠦᠶ᠋ᠯᠭᠡᠭᠡᠨ᠎ᠦ ᠲᠠᠪᠴᠠᠩ ᠪᠣᠯ ᠰᠠᠢᠬᠠᠨ ᠲᠣᠭᠣᠷᠢᠭ᠎ᠤᠨ ᠰᠦᠪᠡᠭ᠌ᠴᠢᠯᠡᠨ ᠪᠦᠷᠢᠯᠳᠦᠭᠦᠯᠦᠭ᠌ᠰᠡᠨ 《 ᠨᠠᠮ᠎ᠤᠨ ᠪᠠᠢᠭᠤᠯᠤᠯᠲᠠ + ᠣᠨᠴᠠᠯᠢᠭ᠍ᠲᠤ ᠠᠵᠤ ᠦᠶ᠋ᠯᠡᠰ + ᠰᠦᠯᠵᠢᠶᠡᠨ᠎ᠦ ᠱᠢᠭᠤᠳ ᠨᠡᠪᠲᠡᠷᠡᠭᠦᠯᠭᠡ + ᠡᠯᠧᠺᠲ᠋ᠷᠣᠨ ᠬᠤᠳᠠᠯᠳᠤᠭᠠᠨ᠎ᠤ ᠲᠠᠪᠴᠠᠩ 》 ᠤ᠋ᠨ ᠬᠥᠭ᠌ᠵᠢᠯᠲᠡ᠎ᠶ᠋ᠢᠨ ᠵᠠᠭ᠍ᠪᠤᠷ ᠪᠣᠯᠤᠨ᠎ᠠ᠃ ᠨᠠᠮ᠎ᠤᠨ ᠭᠡᠱᠢᠭᠦᠨ ᠺᠠᠳ᠋ᠷ᠂ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢᠨᠡᠷ 《ᠪᠠᠷᠠᠭ᠎ᠠ ᠬᠤᠳᠠᠯᠳᠤᠬᠤ ᠨᠡᠪᠲᠡᠷᠡᠭᠦᠯᠦᠭᠴᠢ 》 ᠪᠣᠯᠵᠣ ᠂ ᠸᠢᠳᠢᠣ᠋᠎ᠪᠠᠷ ᠲᠠᠢᠯᠪᠤᠷᠢᠯᠠᠬᠤ᠂ ᠳᠠᠷᠢᠵᠤ ᠲᠡᠵᠢᠭᠡᠬᠦ᠌ ᠲᠤᠬᠠᠶ᠎ᠶ᠋ᠢᠨ ᠲᠠᠯᠠᠪᠠᠶ᠎ᠳᠤ ᠭᠦᠨᠵᠡᠭᠡᠢᠷᠡᠨ ᠳᠡᠯᠭᠡᠨ ᠦᠵᠡᠭᠦᠯᠬᠦ᠌ ᠵᠡᠷᠭᠡ ᠠᠷᠭ᠎ᠠ ᠬᠡᠯᠪᠡᠷᠢ᠎ᠪᠡᠷ ᠰᠠᠢᠬᠠᠨ ᠲᠣᠭᠣᠷᠢᠭ᠎ᠤᠨ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ᠎ᠢ ᠣᠷᠣᠯᠠᠨ ᠥᠭᠦᠯᠡᠵᠦ᠍᠂ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ᠎ᠢ ᠨᠡᠪᠲᠡᠷᠡᠭᠦᠯᠪᠡ᠃ ᠡᠯᠧᠺᠲ᠋ᠷᠣᠨ ᠬᠤᠳᠠᠯᠳᠤᠭ᠎ᠠ᠎ᠶ᠋ᠢᠨ ᠬᠥᠮᠥᠷᠭᠡᠯᠡᠵᠦ᠍ ᠲᠣᠬᠢᠷᠠᠭᠤᠯᠬᠤ᠎ᠶ᠋ᠢ ᠨᠢᠭᠡ ᠴᠣᠠᠠᠴᠠᠵᠢᠭᠤᠯᠥᠠᠠᠰᠠᠨ ᠦᠶ᠋ᠯᠡᠴᠢᠯᠡᠭᠡᠨ᠎ᠢᠶᠡᠷ ᠳᠠᠮᠵᠢᠭᠤᠯᠵᠦ᠂ ᠦᠶ᠋ᠯᠡᠳᠬᠦᠨ᠎ᠦ ᠲᠡᠭᠡᠭᠡᠪᠦᠷᠢ᠎ᠶ᠋ᠢᠨ ᠭᠦᠶ᠋ᠯᠭᠡᠭᠡᠨ᠎ᠦ ᠵᠠᠮ ᠮᠥᠷ᠎ᠢ ᠱᠢᠯᠤᠭᠤᠳᠭᠠᠵᠤ᠂ 《ᠲᠣᠭᠠᠴᠢᠯᠠᠭ᠍ᠰᠠᠨ ᠬᠡᠯᠬᠢᠶ᠎ᠡ》 ᠦᠶ᠋ᠯᠡᠴᠢᠯᠡᠭᠡᠨ᠎ᠢᠶᠡᠷ ᠲᠠᠷᠢᠶᠠᠴᠢᠨ ᠡᠷᠦᠬᠡ᠎ᠶ᠋ᠢᠨ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠪᠡ᠃
ᠲᠠᠷᠢᠶᠠᠯᠠᠩ᠎ᠤᠨ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢᠨ ᠲᠣᠭᠣᠷᠢᠨ᠎ᠳᠤ᠂ ᠰᠠᠢᠬᠠᠨ ᠲᠣᠭᠣᠷᠢᠭ ᠬᠠᠷᠢᠶᠠᠲᠤ ᠣᠷᠣᠨ᠎ᠤ ᠪᠠᠨ ᠵᠢᠷᠭᠤᠭᠠᠨ ᠪᠠᠯᠭᠠᠰᠤ᠂ ᠲᠠᠷᠢᠶᠠᠯᠠᠩ᠎ᠳᠤ ᠬᠣᠯᠪᠣᠭ᠍ᠳᠠᠬᠤ ᠵᠡᠭᠡᠯᠢ ᠭᠤᠳᠤᠮᠵᠢ᠎ᠳᠤ 《ᠨᠢᠭᠡ ᠲᠣᠰᠭᠣᠨ ᠨᠢᠭᠡ ᠲᠦᠷᠦᠯ ᠲᠡᠮᠲᠡᠭ᠂ ᠨᠢᠭᠡ ᠪᠠᠯᠭᠠᠰᠤ ᠨᠢᠭᠡ ᠠᠵᠤ ᠦᠶ᠋ᠯᠡᠰ》 ᠦ᠋ᠨ ᠬᠥᠭ᠌ᠵᠢᠯᠲᠡ᠎ᠶ᠋ᠢᠨ ᠵᠠᠭ᠍ᠪᠤᠷ᠎ᠢ ᠪᠦᠷᠢᠯᠳᠦᠭᠦᠯᠵᠦ᠍᠂ ᠣᠯᠠᠨᠡᠱᠢᠵᠢᠭ᠌ᠰᠡᠨᠬᠥᠳᠡᠭᠡᠲᠣᠰᠭᠣᠨᠤ ᠠᠵᠤ ᠦᠶ᠋ᠯᠡᠰ᠎ᠦᠨ ᠱᠢᠰᠲ᠋ᠧᠮ᠎ᠢ ᠬᠦᠴᠦᠯᠡᠨ ᠪᠠᠢᠭᠤᠯᠵᠤ᠂ ᠡᠯᠧᠺᠲ᠋ᠷᠣᠨ ᠬᠤᠳᠠᠯᠳᠤᠭᠠᠨ᠎ᠤ ᠠᠵᠤ ᠦᠶ᠋ᠯᠡᠰ᠂ ᠵᠢᠮᠢᠰ ᠢᠳᠡᠱᠢᠨ ᠨᠣᠭᠣᠭ᠎ᠠ᠎ᠶ᠋ᠢᠨ ᠠᠵᠤ ᠦᠶ᠋ᠯᠡᠰ᠂ ᠳᠠᠷᠢᠵᠤ ᠲᠡᠵᠢᠭᠡᠬᠦ᠌ ᠦᠶ᠋ᠯᠡᠰ᠂ ᠮᠠᠯ ᠠᠵᠤ ᠠᠬᠤᠶ᠂ ᠬᠣᠲᠠ᠎ᠶ᠋ᠢᠨ ᠰᠡᠯᠡᠭᠦᠴᠡᠯ ᠵᠢᠭᠤᠯᠴᠢᠯᠠᠯ ᠤᠨ ᠲᠠᠷᠢᠶᠠᠯᠠᠩ᠂ ᠬᠥᠳᠡᠭᠡ ᠲᠣᠰᠭᠣᠨ᠎ᠤ ᠵᠢᠭᠤᠯᠴᠢᠯᠠᠯ᠎ᠤᠨ ᠦᠶ᠋ᠯᠡᠰ ᠵᠡᠷᠭᠡ ᠬᠦᠷᠢᠶᠡᠨ᠎ᠳᠦ 13 ᠠᠵᠤ ᠦᠢᠯᠡᠰᠵᠢᠭ᠌ᠰᠡᠨ ᠬᠠᠮᠲᠤ᠎ᠶ᠋ᠢᠨ ᠴᠣᠭ᠍ᠴᠠ᠎ᠶ᠋ᠢ ᠦᠷᠭᠦᠯᠵᠢᠯᠡᠨ ᠪᠤᠵᠠᠭᠠᠢᠷᠠᠭᠤᠯᠤᠨ ᠬᠥᠭ᠌ᠵᠢᠭᠦᠯᠵᠦ᠍᠂ ᠵᠢᠯ᠎ᠦᠨ ᠦᠶ᠋ᠯᠡᠳᠪᠦᠷᠢᠯᠡᠯ᠎ᠦᠨ ᠥᠷᠲᠡᠭ᠎ᠨᠢ 1950 ᠲᠦᠮᠡᠨ ᠲᠥᠭᠥᠷᠢᠭ᠎ᠲᠦ ᠬᠦᠷᠴᠡᠶ᠃
ᠰᠦᠯᠵᠢᠶᠡᠨ ᠳᠡᠭᠡᠷᠡᠬᠢ ᠪᠠ ᠪᠤᠲᠠᠲᠤ ᠴᠤᠬᠴᠠ᠎ᠶ᠋ᠢ ᠤᠶᠠᠯᠳᠤᠭᠤᠯᠬᠤ᠎ᠪᠠᠷ ᠳᠠᠮᠵᠢᠭᠤᠯᠤᠨ᠂ ᠰᠦᠯᠵᠢᠶᠡᠨ᠎ᠦ ᠲᠠᠪᠴᠠᠩ᠎ᠨᠢ ᠵᠢᠵᠢᠭ ᠲᠠᠷᠢᠶᠠᠴᠢᠨ ᠡᠷᠦᠬᠡ ᠪᠣᠯᠤᠨ ᠲᠣᠮᠣ ᠵᠠᠬ᠎ᠠ ᠳᠡᠯᠭᠡᠭᠦᠷ᠎ᠢ ᠬᠣᠯᠪᠣᠵᠤ᠂ ᠦᠶ᠋ᠯᠡᠳᠪᠦᠷᠢᠯᠡᠭ᠌ᠴᠢ ᠪᠣᠯᠤᠨ ᠬᠡᠷᠡᠭ᠌ᠯᠡᠭ᠌ᠴᠢᠳ᠎ᠢ ᠬᠣᠯᠪᠣᠵᠤ᠂ ᠨᠢᠭᠡ ᠭᠠᠷ ᠤᠲᠠᠰᠤ᠂ ᠨᠢᠭᠡ ᠰᠡᠭᠦᠳᠡᠷᠯᠡᠬᠦ᠌ ᠪᠠᠭᠠᠵᠢ᠎ᠨᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 《ᠱᠢᠨ᠎ᠡ ᠲᠠᠷᠢᠶᠠᠯᠠᠩ᠎ᠤᠨ ᠪᠠᠭᠠᠵᠢ》 ᠪᠣᠯᠵᠣ᠂ ᠲᠠᠷᠢᠶᠠᠯᠠᠩ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠢ《ᠦᠶ᠋ᠯᠡᠳᠪᠦᠷᠢᠯᠡᠵᠦ᠍ ᠳᠡᠢᠯᠬᠦ᠌ ᠮᠥᠷᠲᠡᠭᠡᠨ ᠪᠣᠷᠣᠯᠠᠭᠤᠯᠵᠤ ᠳᠡᠢᠯᠬᠦ᠌》 ᠪᠣᠯᠭᠠᠵᠤ᠂ ᠲᠣᠰᠭᠣᠨ᠎ᠤ ᠠᠷᠠᠳ᠎ᠤᠨ ᠬᠥᠭ᠌ᠵᠢᠯᠲᠡ᠎ᠶ᠋ᠢᠨ ᠢᠲᠡᠭᠡᠯ᠎ᠢ ᠨᠡᠮᠡᠭ᠌ᠳᠡᠭᠦᠯᠪᠡ᠃ ᠡᠭᠦᠨ᠎ᠦ ᠬᠠᠮᠲᠤ ᠡᠯ᠎ᠡ ᠲᠣᠰᠭᠣᠨ᠎ᠤ ᠣᠨᠴᠠᠯᠢᠭ᠍ᠲᠤ ᠵᠢᠮᠢᠰ ᠢᠳᠡᠱᠢᠨ ᠨᠣᠭᠣᠭ᠎ᠠ᠂ ᠠᠮᠤ ᠪᠤᠳᠠᠭ᠎ᠠ᠂ ᠭᠡᠷ᠎ᠦᠨ ᠵᠢᠭᠦᠷᠲᠡᠨ ᠭᠡᠷ᠎ᠦᠨ ᠲᠡᠵᠢᠭᠡᠪᠦᠷᠢ ᠵᠡᠷᠭᠡ ᠲᠠᠷᠢᠶᠠᠯᠠᠩ ᠲᠤᠰᠠᠯᠠᠬᠤ ᠠᠵᠦ ᠠᠬᠤᠢ ᠢ᠋ᠢᠨ ᠪᠦᠲᠦᠭᠡᠭ᠌ᠳᠡᠬᠦᠨ᠎ᠦ ᠬᠠᠳᠠᠭᠠᠯᠠᠯᠲᠠ ᠪᠠ ᠪᠣᠷᠣᠯᠠᠭᠤᠯᠭ᠎ᠠ᠎ᠶ᠋ᠢᠨ ᠬᠡᠷᠡᠭ᠌ᠴᠡᠭᠡ᠎ᠶ᠋ᠢ ᠱᠢᠰᠲ᠋ᠧᠮ᠎ᠲᠡᠶ ᠪᠦᠷᠢᠳᠭᠡᠵᠦ᠍᠂ ᠪᠣᠷᠣᠯᠠᠭᠤᠯᠭ᠎ᠠ᠎ᠶ᠋ᠢᠨ ᠨᠠᠷᠢᠨ ᠳᠠᠩᠰᠠ ᠪᠣᠯᠭᠠᠪᠠ; ᠡᠯ᠎ᠡ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢᠶᠠᠷ ᠳᠠᠮᠵᠢᠭᠤᠯᠤᠨ ᠬᠡᠷᠡᠭ᠌ᠯᠡᠭ᠌ᠴᠢᠳ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠵᠤ᠂ ᠬᠡᠷᠡᠭ᠌ᠴᠡᠭᠡ ᠱᠠᠭᠠᠷᠳᠠᠯᠭ᠎ᠠ᠎ᠲᠠᠶ ᠬᠡᠷᠡᠭ᠌ᠯᠡᠭ᠌ᠴᠢᠳ᠎ᠲᠡᠶ ᠢᠳᠡᠪᠬᠢᠲᠡᠶ ᠵᠣᠯᠭᠠᠭᠤᠯᠵᠤ᠂ ᠲᠠᠷᠢᠶᠠᠴᠢᠳ᠎ᠢ ᠬᠠᠪᠰᠤᠷᠤᠨ ᠪᠤᠷᠤᠯᠠᠭᠤᠯᠵᠦ᠂ ᠬᠤᠳᠠᠯᠳᠤᠨ ᠠᠪᠬᠤ ᠨᠠᠷᠢᠨ ᠬᠠᠭᠤᠳᠠᠰᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠦᠷᠢᠯᠳᠦᠭᠦᠯᠪᠡ᠃
《ᠢᠨᠲ᠋ᠸᠷ ᠰᠦᠯᠵᠢᠶᠡᠨ᠎ᠦ ᠤᠬᠠᠭᠤᠯᠭ᠎ᠠ᠎ᠶ᠋ᠢᠨ ᠳᠠᠪᠠᠭᠤᠯᠢᠭ᠎ᠢ ᠠᠱᠢᠭ᠍ᠯᠠᠨ᠂ ᠲᠠᠷᠢᠶᠠᠴᠢᠨ ᠡᠷᠦᠬᠡ᠎ᠶ᠋ᠢ ᠬᠠᠪᠰᠤᠷᠤᠨ ᠲᠠᠷᠢᠶᠠᠯᠠᠩ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠨᠡᠪᠲᠡᠷᠡᠭᠦᠯᠵᠦ᠍᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠰᠠᠭᠤᠷᠢ᠎ᠶ᠋ᠢ ᠪᠡᠬᠢᠵᠢᠭᠦᠯᠪᠡ᠂ ᠡᠨᠡ ᠪᠣᠯ ᠨᠢᠭᠡ ᠤᠳᠠᠭᠠᠨ᠎ᠤ ᠴᠣ ᠱᠢᠨ᠎ᠡ ᠰᠥᠪᠡᠭ᠌ᠴᠢᠯᠡᠯᠲᠡ ᠮᠥᠨ᠂ ᠪᠠᠰᠠ ᠴᠤ᠌ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ 〈ᠲᠣᠭᠠᠴᠢᠯᠠᠭ᠍ᠰᠠᠨ ᠠᠬᠢᠭᠤᠯᠤᠬᠴᠢ〉ᠮᠥᠨ》ᠬᠡᠵᠦ ᠰᠠᠢᠬᠠᠨ ᠲᠣᠭᠣᠷᠢᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠪᠦ᠋ ᠵᠢᠶᠦ᠋ᠨ ᠰᠦᠧᠧ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃