ᠲᠡᠷᠢᠭᠦᠨ ᠨᠢᠭᠤᠷ>ᠨᠠᠮ᠎ᠤᠨ ᠪᠠᠢᠭᠤᠯᠤᠯᠲᠠ> ᠰᠤᠷᠤᠯᠴᠠᠯᠭ᠎ᠠ ᠎ᠶᠢᠨ ᠵᠢᠯᠣᠭᠣᠳᠤᠮᠵᠢ

2022-01-10 11:46:53

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠤᠯᠠᠨ ᠲᠦᠮᠡᠨ᠎ᠤ ᠠᠵᠢᠯ᠎ᠢ ᠰᠠᠢᠲᠤᠷ ᠬᠢᠵᠦ᠂ ᠤᠯᠠᠨ ᠲᠦᠮᠡᠨ ᠲᠠᠢ ᠬᠠᠷᠢᠯᠴᠠᠵᠦ\nᠶᠠᠪᠤᠯᠴᠠᠬᠤ ᠳ᠋ᠠᠭᠠᠨ ᠴᠢᠳᠠᠮᠠᠭᠠᠢ ᠪᠠᠢᠬᠤ ᠨᠢ ᠨᠠᠮ ᠎ᠤᠨ ᠬᠡᠰᠢᠬᠦᠨ ᠺᠠᠳ᠋ᠷᠴᠤᠳ᠎ᠤᠨ ᠪᠦᠷᠢᠯᠳᠦᠬᠦᠯᠪᠡᠰᠦ\nᠵᠤᠬᠢᠬᠤ ᠦᠨᠳᠦᠰᠦᠨ ᠬᠡᠪ ᠴᠢᠨᠠᠷ ᠶᠤᠮ᠃

《ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠰᠠᠭᠤᠷᠢ ᠨᠢ ᠠᠷᠠᠳ ᠲᠦᠮᠡᠨ᠎ᠳ᠋ᠤ ᠪᠤᠢ᠂ ᠠᠮᠢᠨ\nᠰᠤᠲᠠᠰᠤ ᠨᠢ ᠠᠷᠠᠳ ᠲᠦᠮᠡᠨ ᠳ᠋ᠤ ᠪᠤᠢ᠂ ᠬᠦᠴᠦᠨ ᠴᠢᠲᠠᠯ ᠨᠢ ᠠᠷᠠᠳ ᠲᠦᠮᠡᠨ ᠳ᠋ᠤ ᠪᠤᠢ》᠂ 《ᠮᠠᠨ ᠎ᠤ ᠨᠠᠮ ᠎ᠤᠨ ᠵᠠᠭᠤᠨ ᠵᠢᠯ ᠎ᠤᠨ ᠲᠡᠮᠡᠴᠡᠯ ᠎ᠤᠨ ᠲᠡᠥᠬᠡ ᠪᠤᠯ ᠳᠠᠷᠤᠢ ᠠᠷᠠᠳ ᠲᠦᠮᠡᠨ\n᠎ᠳᠤ ᠵᠤᠯ ᠵᠢᠷᠭᠠᠯ ᠡᠳ᠋ᠯᠡᠬᠦᠯᠬᠦ ᠪᠡᠷ ᠴᠢᠷᠮᠠᠢᠬᠰᠠᠨ ᠲᠡᠥᠬᠡ ᠮᠦᠨ》 ᠬᠡᠵᠦ ᠶᠠᠷᠦᠩᠬᠡᠢ ᠱᠦᠵᠢ ᠰᠢ ᠵᠢᠨ ᠫᠢᠩ ᠶᠠᠷᠢᠬᠰᠠᠨ ᠶᠤᠮ᠃ ᠡᠨᠡ ᠨᠢ ᠨᠠᠮ᠎ᠤᠨ ᠬᠡᠰᠢᠬᠦᠨ ᠺᠠᠳ᠋ᠷᠴᠤᠳ᠎ᠤᠨ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠮᠠᠬᠲᠠ ᠪᠠᠷᠢᠮᠲᠠᠯᠠᠵᠦ᠂\nᠤᠯᠠᠨ ᠲᠦᠮᠡᠨ ᠤ᠋ ᠲᠤᠮᠲᠠ ᠬᠦᠨᠵᠡᠭᠡᠢᠷᠡᠨ᠂ ᠤᠯᠠᠨ ᠲᠦᠮᠡᠨ ᠲᠠᠢ ᠨᠢᠬᠲᠠ ᠬᠠᠷᠢᠯᠴᠠᠵᠦ᠂ ᠤᠯᠠᠨ ᠲᠦᠮᠡᠨ ᠡᠴᠡ\nᠰᠠᠯᠤᠩᠬᠢᠷᠠᠬᠤ ᠦᠭᠡᠢ ᠪᠠᠢᠬᠤ ᠎ᠶᠢ ᠱᠠᠭᠠᠷᠳᠠᠵᠦ ᠪᠠᠢᠨ᠎ᠠ᠃

ᠤᠯᠠᠨ ᠲᠦᠮᠡᠨ ᠲᠠᠢ ᠨᠢᠬᠲᠠ ᠬᠠᠷᠢᠯᠴᠠᠬᠤ ᠪᠤᠯ ᠮᠠᠨ ᠤ᠋ ᠨᠠᠮ ᠤ᠋ᠨ\nᠢᠮᠠᠬᠲᠠ ᠪᠠᠷᠢᠮᠳᠠᠯᠠᠬᠰᠠᠭᠠᠷ ᠢᠷᠡᠭᠰᠡᠨ ᠰᠢᠯᠢᠲᠡᠭ ᠤᠯᠠᠮᠵᠢᠯᠠᠯ ᠪᠠ ᠰᠤᠷᠲᠠᠯ ᠪᠤᠯᠤᠨ᠎ᠠ᠃ ᠨᠠᠮ ᠤ᠋ᠨ ᠬᠡᠰᠢᠭᠦᠨ ᠺᠠᠳ᠋ᠷᠴᠤᠳ ᠡᠷᠬᠡᠪᠰᠢ ᠰᠠᠨᠠᠭᠠᠴᠢᠯᠠᠭ᠎ᠠ\nᠡᠴᠡ ᠪᠠᠨ ᠤᠯᠠᠨ ᠲᠦᠮᠡᠨ ᠤ᠋ ᠲᠤᠮᠲᠠ ᠬᠦᠨᠵᠡᠭᠡᠢᠷᠡᠨ᠂ ᠤᠯᠠᠨ ᠲᠦᠮᠡᠨ ᠲᠠᠢ ᠬᠠᠷᠢᠯᠴᠠᠵᠦ᠂ ᠤᠯᠠᠨ ᠲᠦᠮᠡᠨ᠎ᠢ\nᠬᠠᠯᠠᠮᠵᠢᠯᠠᠵᠦ᠂ ᠤᠯᠠᠨ ᠲᠦᠮᠡᠨ ᠳ᠋ᠤ ᠠᠰᠢᠭ ᠬᠦᠷᠲᠡᠭᠡᠬᠦ ᠬᠡᠷᠡᠭᠲᠡᠢ᠃ ᠤᠯᠠᠨ ᠲᠦᠮᠡᠨ ᠤ᠋ ᠲᠤᠰᠬᠠᠬᠰᠠᠨ ᠠᠰᠠᠭᠤᠲᠠᠯ᠂\nᠲᠤᠷᠠᠳᠤᠬᠰᠠᠨ ᠰᠠᠨᠠᠯ ᠎ᠳᠤ ᠵᠦᠪ ᠤᠪᠤᠷ ᠢ᠋ᠢᠡᠷ᠂ ᠨᠠᠷᠢᠨ ᠬᠢᠨᠠᠮᠠᠭᠠᠢ ᠬᠠᠨᠳᠤᠵᠦ᠂ ᠤᠯᠠᠨ ᠲᠦᠮᠡᠨ᠎ᠦ ᠢᠯᠡᠷᠡᠭᠦᠯᠦᠭᠰᠡᠨ\nᠠᠰᠠᠭᠤᠳᠠᠯ᠎ᠢ ᠲᠠᠷᠤᠤ ᠬᠢᠴᠢᠶᠡᠩᠬᠦᠢ ᠬᠦᠯᠢᠶᠡᠨ ᠠᠪᠴᠤ᠂ ᠵᠣᠷᠢᠭ᠍ᠲᠠᠢ᠎ᠪᠠᠷ ᠥᠪᠡᠷ ᠤ᠋ᠨ ᠪᠡᠶ᠎ᠡ᠎ᠳᠡᠭᠡᠨ ᠬᠤᠪᠢᠰᠭᠠᠯ\nᠬᠢᠵᠦ᠍᠂ ᠥᠪᠡᠷ᠎ᠢ᠎ᠪᠡᠨ ᠵᠠᠳᠠᠯᠤᠨ ᠱᠢᠨᠵᠢᠯᠡᠵᠦ᠍᠂ ᠶᠠᠮᠠᠷ ᠠᠰᠠᠭᠤᠳᠠᠯ ᠪᠠᠢᠪᠠᠯ ᠲᠡᠷᠡ᠎ᠬᠦ ᠠᠰᠠᠭᠤᠳᠠᠯ᠎ᠢᠶᠡᠨ\nᠦᠨᠡᠨᠴᠢ᠎ᠪᠡᠷ ᠳᠡᠯᠭᠡᠵᠦ᠂ ᠤᠯᠠᠨ ᠲᠦᠮᠡᠨ᠎ᠤ ᠲᠤᠷᠠᠳᠤᠬᠰᠠᠨ ᠵᠠᠯᠠᠷᠠᠭᠤᠯᠬᠤ ᠶᠣᠰᠣᠲᠠᠢ ᠵᠦᠢᠯ ᠢ᠋ ᠦᠨᠡᠨ᠎ᠬᠦ ᠵᠠᠯᠠᠷᠠᠭᠤᠯᠵᠤ᠂ ᠵᠠᠯᠬᠠᠭᠠᠨ ᠴᠡᠭᠡᠷᠯᠡᠭᠦᠯᠬᠦ᠌\nᠶᠣᠰᠣᠲᠠᠢ᠎ᠵᠦᠢᠯ ᠢ᠋ ᠪᠦᠬᠦᠨ ᠢ᠋ ᠵᠠᠯᠬᠠᠭᠠᠨ ᠴᠡᠭᠡᠷᠯᠡᠭᠦᠯᠬᠦ᠌ ᠬᠡᠷᠡᠭ᠌ᠲᠡᠢ; ᠤᠯᠠᠨ ᠲᠦᠮᠡᠨ\nᠲᠠᠢ ᠬᠠᠷᠢᠯᠴᠠᠬᠤ ᠎ᠳᠠᠭᠠᠨ ᠮᠦᠨ ᠤᠯᠠᠨ ᠲᠦᠮᠡᠨ ᠤ᠋ ᠤᠢᠯᠠᠭᠠᠬᠤ ᠳ᠋ᠤ ᠲᠦᠭᠦᠮ ᠬᠡᠯᠡ ᠬᠡᠯᠡᠯᠭᠡ᠂ ᠠᠷᠭ᠎ᠠ ᠬᠡᠯᠪᠡᠷᠢ\nᠪᠡᠷ᠂ ᠤᠯᠠᠨ ᠲᠦᠮᠡᠨ ᠤ᠋ ᠲᠤᠮᠲᠠ ᠠᠭᠤᠰᠤᠯᠴᠠᠵᠦ᠂ ᠨᠠᠮ᠎ᠤ᠋ᠨ ᠲᠦᠷᠦ ᠎ᠢ᠋ᠢᠨ ᠪᠤᠳᠤᠯᠭ᠎ᠠ᠂ ᠤᠨᠤᠯ ᠢ᠋ ᠤᠯᠠᠨ ᠲᠦᠮᠡᠨ\nᠳ᠋ᠤ ᠤᠢᠯᠠᠭᠠᠮᠵᠢᠲᠠᠢ ᠤᠬᠠᠭᠤᠯᠤᠨ ᠲᠠᠢᠯᠪᠤᠷᠢᠯᠠᠬᠤ ᠬᠡᠷᠡᠭᠲᠡᠢ; ᠤᠯᠠᠨ ᠲᠦᠮᠡᠨ\nᠤ᠋ ᠠᠰᠢᠬ ᠲᠤᠰᠠ ᠡᠴᠡ ᠡᠭᠦᠰᠴᠤ᠂ ᠦᠨᠡᠨᠴᠢ ᠰᠡᠳᠬᠢᠯ ᠢ᠋ᠢᠡᠷ᠂ ᠬᠦᠯᠢᠴᠡᠩᠬᠦᠢ ᠤᠪᠤᠷ ᠢ᠋ᠢᠡᠷ ᠤᠯᠠᠨ ᠲᠦᠮᠡᠨ ᠤ᠋ 《ᠪᠠᠴᠢᠮᠲᠠᠵᠦ\nᠬᠦᠴᠢᠷᠲᠡᠵᠦ ᠵᠤᠪᠠᠨᠢᠵᠦ ᠬᠦᠰᠡᠵᠦ》ᠪᠠᠢᠭ᠎ᠠ ᠶᠡᠬᠡ\nᠤᠴᠢᠷ ᠪᠠᠭ᠎ᠠ ᠶᠠᠪᠤᠲᠠᠯ ᠢ᠋ ᠰᠢᠢᠳᠪᠦᠷᠢᠯᠡᠨ ᠦᠭᠴᠤ᠂ ᠤᠯᠠᠨ ᠲᠦᠮᠡᠨ ᠳ᠋ᠤ ᠪᠤᠲᠠᠲᠤ ᠶᠠᠪᠤᠲᠠᠯ ᠬᠢᠵᠦ ᠦᠭᠬᠦ\nᠬᠡᠷᠡᠭᠲᠡᠢ᠃ ᠢᠩᠬᠢᠪᠡᠯ ᠤᠯᠠᠨ ᠲᠦᠮᠡᠨ ᠲᠠᠢ ᠨᠡᠩ ᠢᠯᠡᠭᠦᠦ ᠨᠢᠬᠲᠠ ᠬᠠᠷᠢᠯᠴᠠᠵᠦ᠂ ᠤᠯᠠᠨ ᠲᠦᠮᠡᠨ ᠳ᠋ᠤ ᠨᠡᠩ ᠰᠠᠢᠲᠦᠷ ᠦᠢᠯᠡᠴᠢᠯᠡᠵᠦ ᠴᠢᠲᠠᠨ᠎ᠠ᠃

《ᠲᠦᠷᠦ᠍ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ\nᠮᠥᠨ》᠂ ᠨᠠᠮ ᠤ᠋ᠨ ᠬᠡᠰᠢᠭᠦᠨ ᠺᠠᠳ᠋ᠷᠴᠤᠳ ᠢᠮᠠᠬᠲᠠ\nᠤᠯᠠᠨ ᠲᠦᠮᠡᠨ ᠤ᠋ ᠲᠤᠮᠲᠠ ᠬᠦᠨᠵᠡᠭᠡᠢᠷᠡᠨ᠂ ᠤᠯᠠᠨ ᠲᠦᠮᠡᠨ ᠲᠠᠢ ᠨᠢᠬᠲᠠ ᠬᠠᠷᠢᠯᠴᠠᠵᠦ᠂ ᠳᠠᠷᠤᠤ ᠬᠢᠴᠢᠶᠡᠩᠭᠦᠶ᠎ᠪᠡᠷ\nᠠᠷᠠᠳ ᠲᠦᠮᠡᠨ᠎ᠡᠴᠡ ᠰᠤᠷᠤᠯᠴᠠᠬᠤ᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠭᠤ᠂ ᠬᠠᠮᠤᠭ᠎ᠤᠨ ᠥᠷᠭᠡᠨ\nᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠰᠠᠢᠲᠤᠷ ᠬᠥᠭ᠌ᠵᠢᠭᠦᠯᠬᠦ᠌᠎ᠶᠢ ᠠᠯᠢᠪᠠ ᠠᠵᠢᠯ᠎ᠤᠨ᠎ᠢᠶᠠᠨ\nᠵᠤᠷᠢᠯᠲᠠ ᠪᠠ ᠲᠤᠰᠤᠯᠲᠠ ᠪᠣᠯᠭᠠᠬᠤ᠎ᠶᠢ ᠪᠠᠷᠢᠮᠳᠠᠯᠠᠳᠠᠭ ᠯᠡ ᠶᠤᠮ ᠪᠤᠯ᠂ ᠠᠷᠠᠳ ᠣᠯᠠᠨ ᠎ᠤ ᠬᠦᠷᠲᠡᠮᠵᠢ ᠎ᠶ᠋ᠢᠨ\nᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠎ᠦ ᠲᠥᠷᠥᠭ᠌ᠳᠡᠯ ᠎ᠢ ᠲᠠᠰᠤᠷᠠᠯᠲᠠ ᠦᠭᠡᠢ ᠨᠡᠮᠡᠭᠳᠡᠬᠦᠯᠬᠦ\nᠨᠢ ᠯᠠᠪᠲᠠᠢ᠃

《ᠨᠠᠮ᠎ᠤᠨ ᠱᠢᠨᠵᠢ ᠴᠢᠨᠠᠷ》 —

ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠵᠢᠯᠴᠢᠨ\nᠠᠡᠭ᠌ᠬᠢ᠎ᠶ᠋ᠢᠨ ᠬᠣᠱᠢᠭᠤᠴᠢ ᠠᠡᠭ᠌ᠬᠢ ᠮᠥᠨ᠂ ᠮᠥᠨ ᠴᠦ᠍ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ\nᠦᠨᠳᠦᠰᠦᠲᠡᠨ᠎ᠦ ᠬᠣᠱᠢᠭᠤᠴᠢ ᠠᠡᠭ᠌ᠬᠢ ᠮᠥᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠢᠯᠡᠰ᠎ᠢ\nᠤᠳᠤᠷᠢᠳᠭᠤ ᠭᠣᠣᠯᠯᠠᠭ᠍ᠴᠢ ᠮᠥᠨ᠂ ᠳᠤᠮᠳᠠᠳᠤ ᠤᠯᠤᠰ᠎ᠤᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ\nᠱᠠᠭᠠᠷᠳᠠᠯᠭ᠎ᠠ᠎ᠶ᠋ᠢ ᠲᠥᠯᠥᠭᠡᠯᠡᠵᠦ᠍᠂ ᠳᠤᠮᠳᠠᠳᠤ ᠤᠯᠤᠰ᠎ᠤᠨ ᠲᠡᠷᠢᠭᠦᠨ᠎ᠦ ᠰᠣᠶᠣᠯ᠎ᠤᠨ ᠤᠷᠤᠭ᠍ᠰᠢᠯᠠᠯᠲᠠ᠎ᠶ᠋ᠢᠨ\nᠴᠢᠭ᠌ᠯᠡᠯ᠎ᠢ ᠲᠥᠯᠥᠭᠡᠯᠡᠵᠦ᠍᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠤᠯᠡᠠ ᠠᠷᠠᠳ ᠲᠦᠮᠡᠨ᠎ᠦ ᠦᠨᠳᠦᠰᠦᠨ\nᠠᠱᠢᠭ ᠲᠤᠰᠠ᠎ᠶ᠋ᠢ ᠲᠥᠯᠥᠭᠡᠯᠡᠵᠦ᠍ ᠪᠠᠢᠳᠠᠭ᠃

《ᠨᠠᠮ᠎ᠤᠨ ᠠᠵᠢᠯᠯᠠᠭᠠᠨ᠎ᠤ ᠵᠦᠭ᠌ᠯᠡᠭᠦᠷ》 —

ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ ᠯᠧᠨᠢᠨ᠎ᠦ ᠦᠵᠡᠯ᠂ ᠮᠠᠤ\nᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂ 《ᠭᠤᠷᠪᠠ᠎ᠶ᠋ᠢ\nᠲᠥᠯᠥᠭᠡᠯᠡᠬᠦ᠌》ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ᠎ᠶ᠋ᠢᠨ\nᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ\nᠠᠵᠢᠯᠯᠠᠭᠠᠨ ᠤ᠋ ᠵᠦᠭᠯᠡᠭᠦᠷ ᠪᠤᠯᠭᠠᠳᠠᠬ᠃

《ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠡᠴᠦᠰ᠎ᠦᠨ ᠬᠠᠷᠠᠯᠲᠠ》 —

ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠡᠴᠦᠰ᠎ᠦᠨ ᠬᠠᠷᠠᠯᠲᠠ\nᠪᠣᠯ ᠡᠪ ᠬᠠᠮᠲᠤ ᠶᠣᠰᠣ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃

《ᠨᠠᠮ᠎ᠤᠨ ᠦᠨᠳᠦᠰᠦᠨ ᠵᠣᠷᠢᠯᠲᠠ》 —

ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面