2021-11-22 10:39:43
ᠨᠢᠭᠡ
ᠨᠡᠢᠭᠡᠮ ᠵᠢᠷᠤᠮ᠎ᠤᠨ ᠭᠣᠣᠯᠯᠠᠭ᠍ᠴᠢᠦᠷᠳᠡᠭᠦᠨ ᠦᠵᠡᠯᠲᠡ᠎ᠶ᠋ᠢ ᠶᠡᠬᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠵᠤ ᠬᠥᠮᠦᠨ ᠬᠥᠮᠦᠵᠢᠭᠦᠯᠬᠦ᠌ᠪᠦᠬᠦ᠌ ᠶᠠᠪᠤᠴᠠ᠎ᠳᠤ ᠲᠤᠭᠤᠰᠢᠯᠠᠭᠤᠯᠵᠦ᠂ ᠡᠬᠡ ᠣᠷᠣᠨᠴᠢ ᠦᠵᠡᠯ᠎ᠢᠶᠡᠷ ᠭᠣᠣᠯᠯᠠᠭᠤᠯᠤᠭ᠍ᠰᠠᠨ ᠦᠨᠳᠦᠰᠦᠲᠡᠨᠦᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠭᠣᠣᠯᠯᠠᠭᠤᠯᠤᠭ᠍ᠰᠠᠨ ᠴᠠᠭ ᠦᠶᠡᠶ᠋ᠢᠨᠵᠣᠷᠢᠭ ᠰᠠᠨᠠᠭ᠎ᠠ᠎ᠶ᠋ᠢ ᠪᠠᠳᠠᠷᠠᠭᠤᠯᠵᠦ᠂ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠪᠡᠷ ᠮᠡᠳᠡᠯᠭᠡᠶ᠋ᠢᠨᠬᠥᠮᠦᠵᠢᠯᠢ ᠬᠥᠲᠥᠯᠥᠨ ᠵᠢᠯᠣᠭᠣᠳᠭᠤ᠎ᠶ᠋ᠢ ᠪᠠᠷᠢᠮᠲᠠᠯᠠᠵᠦ᠂ ᠪᠠᠭ᠍ᠰᠢ᠎ᠶ᠋ᠢᠨ ᠶᠣᠰᠣ ᠮᠣᠷᠠᠯ᠎ᠤᠨ ᠪᠠᠢᠭᠤᠯᠤᠯᠲᠠᠶ᠋ᠢᠬᠥᠲᠥᠯᠥᠨ ᠳᠠᠭᠠᠭᠤᠯᠵᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠠ ᠬᠤᠪᠢᠰᠭᠠᠯᠲᠤ ᠰᠣᠶᠣᠯ᠂ ᠨᠡᠢᠭᠡᠮᠵᠢᠷᠤᠮᠤᠨᠲᠡᠷᠢᠭᠦᠨᠦᠰᠣᠶᠣᠯᠤᠨ ᠬᠥᠮᠦᠵᠢᠯ᠎ᠢ ᠴᠢᠩᠭᠠᠳᠭᠠᠵᠦ᠂ ᠨᠠᠮ᠎ᠤᠨ ᠲᠡᠦᠬᠡ᠂ ᠤᠯᠤᠰ᠎ᠤᠨ ᠲᠡᠦᠬᠡ᠂ ᠥᠭᠡᠷᠡᠴᠢᠯᠡᠯᠲᠡᠨᠡᠭᠡᠭᠡᠯᠲᠡᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠬᠥᠮᠦᠵᠢᠯ᠎ᠢ ᠴᠢᠩᠭᠠᠳᠭᠠᠵᠦ᠂ᠤᠯᠤᠰ ᠣᠷᠣᠨ᠎ᠤ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠂ ᠨᠡᠢᠭᠡᠮ᠎ᠦᠨ ᠬᠠᠷᠢᠭᠤᠴᠠᠯᠭᠠᠲᠤ ᠤᠬᠠᠮᠰᠠᠷᠤᠨᠬᠥᠮᠦᠵᠢᠯ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠂ ᠤᠯᠤᠰ᠎ᠤᠨ ᠠᠮᠤᠷ ᠲᠦᠪᠱᠢᠨ᠎ᠦ ᠬᠥᠮᠦᠵᠢᠯ᠂ᠱᠢᠨᠵᠢᠯᠡᠬᠦ᠌ ᠤᠬᠠᠭᠠᠨᠴᠢ ᠵᠣᠷᠢᠭ ᠰᠠᠨᠠᠭᠠᠨ᠎ᠤ ᠬᠥᠮᠦᠵᠢᠯ᠎ᠢ ᠴᠢᠡᠭᠭᠠᠳᠬᠠᠬᠤ ᠬᠡᠷᠡᠭᠳᠡᠢ᠃
(ᠰᠢ ᠵᠢᠨ ᠫᠢᠡᠭ᠎ᠤᠨ 2016ᠣᠨ᠎ᠤ 12 ᠰᠠᠷ᠎ᠠ᠎ᠶ᠋ᠢᠨ 7 ᠤᠡᠳᠦᠷ
ᠪᠦᠬᠦ᠌ ᠤᠯᠤᠰ᠎ᠤᠨ ᠶᠡᠬᠡ ᠳᠡᠭᠡᠳᠦ ᠰᠤᠷᠭᠠᠭᠤᠯᠢ ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠬᠤᠷᠠᠯ ᠳᠡᠭᠡᠷ᠎ᠡ ᠶᠠᠷᠢᠭ᠍ᠰᠠᠨ ᠶᠠᠷᠢᠶ᠎ᠠ)
ᠬᠤᠶᠠᠷ
ᠱᠠᠩᠬᠠᠶ ᠪᠣᠯ ᠮᠠᠨ᠎ᠤ ᠨᠠᠮᠤᠨᠮᠡᠨᠳᠦᠯᠡᠭ᠌ᠰᠡᠨ ᠭᠠᠵᠠᠷ ᠮᠥᠨ᠂ ᠨᠠᠮ ᠪᠠᠢᠭᠤᠯᠤᠭ᠍ᠳᠠᠭ᠍ᠰᠠᠨ ᠤ ᠳᠠᠷᠠᠭ᠎ᠠ ᠨᠠᠮ ᠤᠨ ᠲᠥᠪ ᠬᠣᠷᠢᠶᠠᠨ ᠤ ᠪᠠᠢᠭᠤᠯᠭ᠎ᠠ ᠣᠷᠳᠣ ᠬᠤᠭᠤᠴᠠᠭ᠎ᠠ᠎ᠪᠠᠷ ᠱᠠᠩᠬᠠᠶ᠎ᠳᠤ ᠰᠠᠭᠤᠪᠡ᠃ ᠪᠢ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠬᠤᠷᠠᠯᠳᠤᠭ᠍ᠰᠠᠨᠭᠠᠵᠠᠷ ᠢ ᠣᠯᠠᠨᠲᠠ ᠪᠠᠷᠠᠯᠬᠠᠰᠠᠨ᠂ ᠤᠳᠠᠭ᠎ᠠ ᠪᠣᠯᠭᠠᠨ ᠮᠠᠰᠢ ᠭᠦᠨ ᠲᠥᠷᠥᠭ᠌ᠳᠡᠯ᠎ᠲᠡᠶ᠃ ᠱᠠᠩᠬᠠᠢ᠎ᠶ᠋ᠢᠨ ᠬᠢᠨᠡᠳᠡᠭᠡᠷ ᠡᠯᠪᠡᠭ ᠪᠠᠶᠠᠯᠢᠭ ᠬᠤᠪᠢᠰᠭᠠᠯ᠎ᠤᠨ ᠡᠬᠢ ᠪᠠᠶᠠᠯᠢᠭ᠎ᠢᠶᠠᠷ ᠭᠣᠣᠯ ᠰᠡᠳᠦᠪᠲᠦ ᠬᠥᠮᠦᠵᠢᠯ᠎ᠦᠨ ᠠᠮᠢᠳᠤᠯᠢᠭᠵᠢᠭᠠᠬᠤ ᠮᠠᠲ᠋ᠧᠷᠢᠶᠠᠯ ᠪᠣᠯᠭᠠᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠤᠨ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ᠎ᠶ᠋ᠢᠨ ᠲᠡᠦᠬᠡ᠎ᠶ᠋ᠢ ᠭᠦᠨᠵᠡᠭᠡᠢ ᠰᠤᠷᠤᠯᠴᠠᠬᠤᠶ᠋ᠢᠬᠦᠳᠦᠯᠦᠨ ᠵᠢᠯᠣᠭᠣᠳᠴᠤ᠌᠂ ᠤᠬᠰᠠᠨᠠᠭᠠᠪᠠᠨ ᠤᠯᠠᠮᠵᠢᠯᠠᠨ ᠵᠠᠯᠭᠠᠮᠵᠢᠯᠠᠵᠤ᠂ ᠡᠭᠦᠷᠭᠡ ᠬᠠᠷᠢᠭᠤᠴᠠᠯᠭᠠᠪᠠᠨᠡᠭᠦᠷᠭᠡᠯᠡᠵᠦ᠍᠂《ᠬᠣᠣᠰ ᠵᠠᠭᠤᠨ ᠵᠢᠯ》᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤᠶ᠋ᠢᠨᠦᠨᠳᠦᠰᠦᠲᠡᠨᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ᠠᠬᠢᠴᠠ ᠳᠤᠮᠳᠠ ᠦᠨᠡᠨ ᠬᠦ᠌ ᠲᠡᠷᠢᠭᠦᠨ᠎ᠳᠦ ᠬᠣᠱᠢᠭᠤᠷᠠᠵᠤ᠂ ᠡᠮᠦᠨ᠎ᠡ ᠡᠩᠨᠡᠭᠡᠨ᠎ᠳᠦ ᠶᠠᠪᠤᠬᠤ ᠬᠡᠷᠡᠭ᠌ᠲᠡᠢ᠃
(ᠰᠢ ᠵᠢᠨ ᠫᠢᠡᠭ᠎ᠤᠨ 2019ᠣᠨ᠎ᠤ 11 ᠰᠠᠷ᠎ᠠ᠎ᠶ᠋ᠢᠨ 3 ᠤᠡᠳᠦᠷ
ᠱᠠᠩᠬᠠᠢ᠎ᠳᠤ ᠠᠵᠢᠯ ᠪᠠᠢᠴᠠᠭᠠᠵᠤ ᠳᠠᠭᠤᠰᠭᠤᠦᠶᠡᠳᠦ ᠶᠠᠷᠢᠭ᠍ᠰᠠᠨ ᠶᠠᠷᠢᠶ᠎ᠠ)
ᠭᠤᠷᠪᠠ
ᠤᠨᠤᠯ᠎ᠤᠨ ᠱᠢᠨ᠎ᠡ ᠡᠭᠦᠳᠦᠯᠲᠡᠨᠢᠭᠡ ᠠᠯᠬᠤᠮ ᠤᠷᠤᠭ᠍ᠰᠢᠯᠠᠬᠤ ᠪᠦᠷᠢ ᠤᠨᠤᠯ᠎ᠤᠨ ᠵᠡᠪᠰᠡᠭ᠌ᠯᠡᠯ ᠴᠦ᠍ ᠨᠢᠭᠡ ᠠᠯᠬᠤᠮ ᠳᠠᠭᠠᠨ ᠤᠷᠤᠭ᠍ᠰᠢᠯᠠᠬᠤᠬᠡᠷᠡᠭ᠌ᠲᠡᠢ᠃ ᠨᠠᠮ᠎ᠤᠨ ᠤᠳᠠᠭ᠎ᠠ ᠪᠦᠷᠢ᠎ᠶ᠋ᠢᠨ ᠲᠥᠪᠯᠡᠷᠡᠩᠭᠦᠢ ᠬᠥᠮᠦᠵᠢᠯ᠎ᠦᠨ ᠠᠵᠢᠯᠯᠠᠭ᠎ᠠ᠎ᠶ᠋ᠢ ᠴᠥᠮ ᠦᠵᠡᠯᠰᠠᠨᠠᠭᠠᠨᠤ ᠬᠥᠮᠦᠵᠢᠯ᠎ᠢᠶᠡᠷ ᠡᠬᠢᠯᠡᠭᠦᠯᠵᠦ᠍᠂ ᠰᠤᠷᠤᠯᠴᠠᠯᠭ᠎ᠠ ᠭᠦᠨᠵᠡᠭᠡᠢ ᠪᠤᠰᠤ᠂ ᠦᠵᠡᠯ ᠰᠠᠨᠠᠭ᠎ᠠ ᠨᠢᠭᠡᠳᠦᠯ᠎ᠦᠭᠡᠢ᠂ ᠦᠢᠯᠡ ᠠᠵᠢᠯᠯᠠᠭ᠎ᠠ ᠳᠠᠭᠠᠵᠤ ᠠᠮᠵᠢᠬᠤ ᠦᠭᠡᠢ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ᠦᠷᠭᠦᠯᠵᠢᠯᠡᠨ ᠬᠦᠴᠦᠯᠡᠬᠦ᠌ ᠮᠥᠷᠲᠡᠭᠡᠨ ᠪᠠᠰᠠ ᠲᠥᠪᠯᠡᠷᠡᠭᠦᠯᠦᠨ ᠬᠦᠴᠦᠯᠡᠵᠦ᠍᠂ ᠪᠦᠬᠦ᠌ ᠨᠠᠮ᠎ᠤᠨ ᠦᠵᠡᠯ ᠰᠠᠨᠠᠭᠠᠨᠤᠲᠠᠯᠠᠪᠠᠷ ᠨᠢᠭᠡᠳᠦᠯᠲᠡᠢ᠂ ᠤᠯᠤᠰ ᠲᠦᠷᠦ᠍᠎ᠶ᠋ᠢᠨ ᠲᠠᠯ᠎ᠠ᠎ᠪᠠᠷ ᠪᠦᠯᠬᠦᠮᠳᠡᠯ᠎ᠲᠡᠶ᠂ ᠦᠢᠯᠡ ᠠᠵᠢᠯᠯᠠᠭᠠᠶ᠋ᠢᠨᠲᠠᠯᠠᠪᠠᠷ ᠨᠢᠭᠡᠳᠦᠯᠲᠡᠢ ᠪᠠᠢᠬᠤ᠎ᠶ᠋ᠢ ᠠᠬᠢᠭᠤᠯᠪᠠ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ ᠰᠤᠷᠤᠯᠴᠠᠨᠲᠤᠭᠤᠱᠢᠯᠠᠭᠤᠯᠬᠤᠶ᠋ᠢ ᠦᠵᠡᠯ ᠰᠠᠨᠠᠭ᠎ᠠ᠎ᠪᠠᠨ ᠵᠡᠪᠰᠡᠭ᠌ᠯᠡᠬᠦ᠌᠎ᠶ᠋ᠢᠨ ᠴᠢᠬᠤᠯᠠ᠎ᠠᠴᠠ ᠴᠢᠬᠤᠯᠠ ᠵᠦᠢᠯ ᠪᠣᠯᠭᠠᠵᠤ᠂ᠮᠠᠷᠺᠰᠤᠨᠦᠵᠡᠯᠦᠨ ᠦᠨᠳᠦᠰᠦᠨ ᠤᠭ ᠶᠣᠰᠣ᠎ᠶ᠋ᠢ ᠰᠤᠷᠤᠯᠴᠠᠬᠤ᠎ᠲᠠᠶ ᠤᠶᠠᠯᠳᠤᠭᠤᠯᠵᠤ ᠂ ᠨᠠᠮ᠎ᠤᠨ ᠲᠡᠦᠬᠡ ᠂ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮᠤᠨᠬᠥᠭ᠌ᠵᠢᠯᠲᠡᠶ᠋ᠢᠨ ᠲᠡᠦᠬᠡ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠪᠢᠳᠡᠨᠦᠠᠭᠤᠤ ᠶᠡᠬᠡ ᠲᠡᠮᠡᠴᠡᠯ ᠬᠢᠬᠦ᠌᠂ ᠠᠭᠤᠤ ᠶᠡᠬᠡ ᠢᠨᠵᠧᠨᠧᠷᠢᠩ᠎ᠢ ᠪᠦᠲᠦᠭᠡᠨ ᠪᠠᠢᠭᠤᠯᠬᠤ᠂ ᠠᠭᠤᠤ ᠶᠡᠬᠡ ᠦᠢᠯᠡᠰᠢᠠᠬᠢᠭᠤᠯᠬᠤ᠂ ᠠᠭᠤᠤ ᠶᠡᠬᠡ ᠬᠦᠰᠡᠯ ᠵᠡᠭᠦᠳᠦ᠍᠎ᠶ᠋ᠢ ᠪᠡᠶᠡᠯᠡᠭᠦᠯᠬᠦ᠌ ᠡᠯᠪᠡᠭ ᠪᠠᠶᠠᠯᠢᠭ ᠦᠢᠯᠡᠳᠦᠯᠭᠡ᠎ᠲᠡᠶ ᠤᠶᠠᠯᠳᠤᠭᠤᠯᠵᠤ᠂ᠰᠤᠷᠤᠯᠴᠠᠨ ᠣᠢᠯᠠᠭᠠᠵᠤ ᠨᠡᠪᠲᠡᠷᠡᠲᠡᠯ᠎ᠡ ᠣᠢᠯᠠᠭᠠᠵᠤ ᠪᠣᠳᠠᠲᠠᠢᠵᠢᠭᠤᠯᠬᠤ ᠳᠡᠭᠡᠷ᠎ᠡ ᠬᠦᠴᠦ᠍ ᠣᠷᠣᠭᠤᠯᠵᠤ᠂ ᠦᠵᠡᠯᠰᠠᠨᠠᠭ᠎ᠠ᠎ᠪᠠᠨ ᠴᠢᠯᠥᠭᠡᠯᠡᠬᠦ᠌ ᠳᠤᠮᠳᠠ ᠦᠵᠡᠯ ᠰᠠᠨᠠᠭ᠎ᠠ᠎ᠪᠠᠨ ᠨᠢᠭᠡᠳᠭᠡᠵᠦ᠍᠂ ᠲᠠᠨᠢᠯᠲᠠ᠎ᠪᠠᠨ ᠭᠦᠨᠵᠡᠭᠡᠢᠷᠡᠭᠦᠯᠬᠦ᠌ ᠳᠤᠮᠳᠠ ᠲᠠᠨᠢᠯᠲᠠ ᠪᠠᠨ ᠳᠡᠭᠡᠭ᠌ᠰᠢᠯᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠦᠵᠡᠯ ᠰᠠᠨᠠᠭᠠᠨᠤᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠢ᠃
(ᠰᠢ ᠵᠢᠨ ᠫᠢᠡᠭ᠎ᠤᠨ 2020ᠣᠨ᠎ᠤ 1 ᠰᠠᠷ᠎ᠠ᠎ᠶ᠋ᠢᠨ 8 ᠤᠡᠳᠦᠷ
《ᠤᠬ ᠰᠠᠨᠠᠭ᠎ᠠ᠎ᠪᠠᠨ ᠦᠯᠦ᠍ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》ᠭᠣᠣᠯᠰᠡᠳᠦᠪᠲᠦ ᠬᠥᠮᠦᠵᠢᠯ᠎ᠦᠨ ᠳ᠋ᠦᠩᠨᠡᠯᠲᠡ᠎ᠶ᠋ᠢᠨ ᠶᠡᠬᠡ ᠬᠤᠷᠠᠯ ᠳᠡᠭᠡᠷ᠎ᠡ ᠶᠠᠷᠢᠬᠰᠠᠨ ᠶᠠᠷᠢᠶ᠎ᠠ)
ᠢᠷᠡᠯᠳᠡ᠄《ᠲᠤᠮᠳᠠᠳᠦ ᠤᠯᠤᠰ᠎ᠤᠨ ᠡᠪ ᠬᠠᠮᠳᠦ ᠨᠠᠮ᠎ᠤᠨ ᠲᠡᠤᠬᠡ ᠵᠢ ᠦᠬᠦᠯᠡᠬᠰᠡᠨ ᠨᠢ》
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃