ᠲᠡᠷᠢᠭᠦᠨ ᠨᠢᠭᠤᠷ>ᠨᠠᠮ᠎ᠤᠨ ᠪᠠᠢᠭᠤᠯᠤᠯᠲᠠ> ᠨᠠᠮ᠎ᠤ᠋ᠨ ᠲᠡᠦᠬᠡ᠎ᠶ᠋ᠢᠨ ᠮᠡᠳᠡᠯᠭᠡ

2022-01-10 11:59:58

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ ᠱᠢᠨ᠎ᠡ ᠴᠠᠭ ᠦᠶ᠎ᠡ᠎ᠶ᠋ᠢᠨ\nᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠦᠨᠵᠡᠭᠡᠶ ᠲᠤᠭᠤᠱᠢᠯᠠᠭᠤᠯᠵᠦ᠂ ᠤᠨᠴᠠᠭᠠᠢᠯᠠᠨ ᠨᠠᠮ ᠤ᠋ᠨ\nᠲᠡᠦᠬᠡ ᠢ᠋ᠢᠨ ᠰᠤᠷᠤᠯᠴᠠᠯᠭ᠎ᠠ ᠬᠦᠮᠦᠵᠢᠯ᠎ᠢ᠋ ᠦᠷᠨᠢᠭᠦᠯᠦᠭᠰᠡᠨ ᠡᠴᠡ ᠨᠠᠭᠠᠰᠢ᠂ ᠪᠦᠬᠦ ᠲᠣᠭᠣᠷᠢᠭ ᠤ᠋ᠨ ᠬᠡᠪᠴᠢᠶᠡᠨ\nᠳ᠋ᠡᠬᠢ 120 ᠭᠠᠷᠤᠶ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠠᠵᠢᠯᠯᠠᠭ᠎ᠠ᠎ᠶ᠋ᠢᠨ ᠦᠶ᠋ᠯᠡᠴᠢᠯᠡᠭᠡᠨ᠎ᠦ ᠲᠥᠪ\nᠢ᠋ᠢᠡᠨ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠬᠦᠨᠴᠡ ᠲᠠᠢ᠂ ᠨᠡᠢᠭᠡᠮ ᠤ᠋ᠨ ᠵᠠᠰᠠᠯᠲᠠ ᠡᠷᠴᠢᠮ ᠲᠠᠢ᠂\nᠤᠯᠠᠨ ᠲᠦᠮᠡᠨ ᠤ᠋ ᠦᠢᠯᠡᠴᠢᠯᠡᠭᠡ ᠲᠤᠲᠤᠨᠤᠰᠤᠭ ᠬᠠᠮᠲᠦ ᠪᠡᠷ ᠡᠳ᠋ᠯᠡᠬᠦ ᠤᠷᠤᠨ ᠵᠠᠢ ᠪᠠ ᠶᠡᠷᠦᠩᠬᠡᠢᠯᠡᠭᠰᠡᠨ\nᠴᠢᠨᠠᠷᠲᠠᠢ ᠲᠠᠪᠴᠠᠩ ᠪᠤᠯᠭᠠᠨ ᠴᠤᠬᠴᠠᠯᠠᠨ᠂ ᠨᠠᠮ ᠤ᠋ᠨ ᠲᠡᠦᠬᠡ ᠢ᠋ᠢᠨ ᠰᠤᠷᠤᠯᠴᠠᠯᠭ᠎ᠠ ᠬᠦᠮᠦᠵᠢᠯ ᠤ᠋ᠨ ᠵᠢᠬᠰᠠᠭᠠᠯ\nᠤ᠋ᠨ ᠭᠠᠵᠠᠷ ᠪᠤᠯᠭᠠᠵᠦ᠂ ᠠᠵᠢᠯ ᠢ᠋ᠢᠡᠨ ᠬᠠᠷᠢᠶ᠎ᠠ ᠣᠷᠣᠨ᠎ᠤ ᠪᠠᠨ 7000 ᠭᠠᠷᠤᠶ ᠨᠠᠮ᠎ᠤᠨ ᠭᠡᠱᠢᠭᠦᠨ᠎ᠦ ᠰᠡᠳᠭᠢᠯ᠎ᠳᠦ\nᠬᠦᠷᠲᠡᠯ᠎ᠡ ᠬᠢᠵᠦ᠂ ᠪᠦᠬᠦ ᠢᠤᠢᠴᠢᠤᠸᠠᠨ ᠲᠤᠭᠤᠷᠢᠭ ᠤ᠋ᠨ ᠤᠯᠠᠨ ᠲᠦᠮᠡᠨ ᠤ᠋ ᠲᠡᠷᠭᠡᠲᠡ ᠬᠦᠷᠲᠡᠯ᠎ᠡ ᠦᠢᠯᠡᠴᠢᠯᠡᠪᠡ᠃

ᠢᠤᠢᠴᠢᠤᠸᠠᠨ ᠲᠤᠭᠤᠷᠢᠭ ᠡᠯ᠎ᠡ ᠲᠥᠷᠥᠯ᠎ᠦᠨ ᠡᠬᠢ ᠪᠠᠶᠠᠯᠢᠭ᠎ᠢ ᠨᠡᠢᠳᠬᠡᠨ᠂\nᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ ᠲᠦᠱᠢᠭ᠌ᠯᠡᠨ ᠤᠬᠠᠭᠤᠯᠭ᠎ᠠ\nᠬᠥᠮᠦᠵᠢᠯ᠂ ᠨᠡᠢᠭᠡᠮ᠎ᠦᠨ ᠦᠶ᠋ᠯᠡᠴᠢᠯᠡᠭᠡ᠂ ᠠᠵᠤ ᠠᠬᠤᠶ᠎ᠶ᠋ᠢᠨ ᠬᠥᠭ᠌ᠵᠢᠯᠲᠡ ᠵᠡᠷᠭᠡ 7 ᠲᠠᠯ᠎ᠠ᠎ᠶ᠋ᠢᠨ 86 ᠨᠠᠮ᠎ᠤᠨ\nᠪᠠᠢᠭᠤᠯᠤᠯᠲᠠ᠎ᠶ᠋ᠢᠨ ᠬᠣᠯᠪᠣᠭᠠᠲᠤ ᠴᠣᠭ᠍ᠴᠠ ᠶ᠋ᠢ ᠪᠠᠢᠭᠤᠯᠵᠤ᠂ ᠵᠢᠬᠰᠠᠭᠠᠯ ᠤ᠋ᠨ ᠭᠠᠵᠠᠷ ᠤ᠋ᠨ ᠬᠤᠯᠪᠤᠭᠠᠰᠤ\nᠢ᠋ᠢᠨ ᠦᠢᠯᠡᠲᠦᠯ ᠢ᠋ ᠭᠦᠶ᠋ᠴᠡᠳ ᠪᠠᠳᠠᠷᠠᠭᠤᠯᠪᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ\nᠨᠠᠭᠠᠰᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ\nᠦᠵᠡᠯ ᠰᠠᠨᠠᠭ᠎ᠠ᠂ ᠨᠠᠮ᠎ᠤᠨ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ᠂ ᠨᠠᠮ᠎ᠤᠨ ᠲᠡᠦᠬᠡ ᠤᠯᠤᠰ᠎ᠤᠨ\nᠲᠡᠦᠬᠡ᠂ ᠬᠠᠤᠯᠢ ᠰᠠᠬᠢᠯᠭ᠎ᠠ ᠬᠠᠤᠯᠢ ᠲᠣᠭ᠍ᠲᠠᠭᠠᠯ ᠵᠡᠷᠭᠡ ᠮᠡᠳᠡᠯᠭᠡ ᠢ᠋ᠢᠨ ᠰᠤᠷᠤᠯᠴᠠᠯᠭ᠎ᠠ ᠵᠢ ᠦᠨᠡᠨ ᠬᠦ᠌\nᠴᠢᠩᠭᠠᠳᠭᠠᠵᠦ ᠂ ᠬᠠᠷᠢᠶ᠎ᠠ ᠣᠷᠣᠨ᠎ᠤ ᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ\nᠲᠥᠪ ᠨᠢ ᠲᠤᠰᠭᠠᠶ ᠰᠡᠳᠦᠪᠲᠦ ᠨᠠᠮ᠎ᠤᠨ ᠬᠢᠴᠢᠶᠡᠯ ᠢ᠋ 1300 ᠭᠠᠷᠤᠶ ᠤᠳᠠᠭ᠎ᠠ᠂ ᠦᠵᠡᠯ ᠰᠠᠨᠠᠭ᠎ᠠ ᠤᠯᠤᠰ ᠲᠥᠷᠥ᠎ᠶ᠋ᠢᠨ\nᠲᠠᠢᠯᠤᠮᠵᠢ ᠵᠢ 140 ᠭᠠᠷᠤᠶ ᠤᠳᠠᠭ᠎ᠠ ᠥᠷᠨᠢᠭᠦᠯᠵᠦ᠍᠂ ᠲᠤᠰᠭᠠᠶ ᠰᠡᠳᠦᠪᠲᠦ ᠲᠠᠢᠯᠤᠮᠵᠢ᠂ ᠲᠥᠪᠯᠡᠷᠡᠭᠦᠯᠦᠨ\nᠰᠤᠷᠤᠯᠴᠠᠬᠤ᠂ ᠪᠣᠯᠪᠠᠰᠤᠷᠠᠯ ᠡᠷᠬᠢᠯᠡᠵᠦ ᠰᠤᠳᠤᠯᠤᠨ ᠶᠠᠷᠢᠯᠴᠠᠬᠤ᠂ ᠭᠤᠤᠯ ᠰᠡᠳᠦᠪᠲᠦ ᠦᠵᠡᠬᠦᠯᠭᠡ᠂ ᠭᠤᠤᠯ\nᠰᠡᠳᠦᠪᠲᠦ ᠨᠠᠮ᠎ᠤᠨ ᠡᠳᠦᠷᠯᠢᠭ ᠵᠡᠷᠭᠡ ᠪᠤᠰᠤᠳ ᠡᠯ᠎ᠡ ᠲᠥᠷᠥᠯ᠎ᠦᠨ ᠰᠤᠷᠤᠯᠴᠠᠯᠭ᠎ᠠ᠎ᠶ᠋ᠢ 500 ᠭᠠᠷᠤᠶ ᠤᠳᠠᠭ᠎ᠠ\nᠥᠷᠨᠢᠭᠦᠯᠦᠭ᠌ᠰᠡᠨ ᠪᠥᠭᠡᠳ ᠰᠦᠯᠵᠢᠶᠡᠨ ᠳᠡᠭᠡᠷ᠎ᠡ ᠰᠤᠷᠤᠯᠴᠠᠬᠤ ᠴᠢᠳᠠᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠰᠤᠷᠤᠯᠴᠠᠯᠭ᠎ᠠ ᠬᠥᠮᠦᠵᠢᠯ᠎ᠢ ᠬᠠᠮᠲᠤ᠎ᠳᠤᠨᠢ ᠬᠠᠷᠠᠭᠠᠯᠵᠠᠪᠠ᠃\nᠡᠭᠦᠨ᠎ᠦ ᠬᠠᠮᠲᠤ᠂ ᠨᠠᠮ᠎ᠤᠨ ᠭᠡᠱᠢᠭᠦᠨ᠎ᠦ ᠡᠳᠦᠷ ᠲᠤᠳᠤᠮ᠎ᠤᠨ ᠰᠤᠷᠤᠯᠴᠠᠯᠭ᠎ᠠ ᠬᠥᠮᠦᠵᠢᠯ ᠬᠠᠮᠢᠶᠠᠷᠤᠯᠲᠠ᠎ᠶ᠋ᠢ\nᠰᠠᠢᠲᠤᠷ ᠬᠢᠬᠦ᠌᠎ᠶ᠋ᠢᠨ ᠲᠥᠯᠥᠭᠡ᠂ ᠡᠯ᠎ᠡ ᠱᠠᠲᠤᠨ᠎ᠤ ᠨᠠᠮ ᠤ᠋ᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ\nᠲᠥᠪ 《ᠱᠦᠵᠢ᠎ᠶ᠋ᠢᠨ\nᠴᠢᠭᠤᠯᠭᠠᠨ》᠂ 《ᠨᠠᠮ᠎ᠤᠨ ᠭᠡᠱᠢᠭᠦᠨ᠎ᠦ ᠭᠡᠷ ᠪᠦᠯᠢ᠎ᠶ᠋ᠢᠨ ᠡᠳᠦᠷ》 ᠵᠡᠷᠭᠡ ᠤᠨᠴᠠᠯᠢᠬ᠍ᠳᠤ\nᠠᠵᠢᠯᠯᠠᠭ᠎ᠠ᠎ᠶ᠋ᠢ ᠥᠷᠨᠢᠭᠦᠯᠵᠦ᠍᠂ ᠨᠠᠮ᠎ᠤᠨ ᠭᠡᠱᠢᠭᠦᠨ᠎ᠳᠤ ᠭᠡᠷ᠎ᠦᠨ ᠡᠭᠦᠳᠡᠨ᠎ᠳᠤᠨᠢ ᠬᠤᠪᠢᠰᠭᠠᠯ᠎ᠤᠨ ᠬᠥᠮᠦᠵᠢᠯ\nᠬᠦᠷᠲᠡᠭᠡᠵᠦ᠍᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠭᠠᠪᠠ᠃

ᠢᠤᠢᠴᠢᠤᠸᠠᠨ ᠲᠤᠭᠤᠷᠢᠭ ᠤ᠋ᠨ ᠡᠯ᠎ᠡ ᠱᠠᠲᠤᠨ᠎ᠤ ᠨᠠᠮ ᠤ᠋ᠨ ᠬᠡᠰᠢᠭᠦᠨ\nᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠬᠥᠮᠦᠨ᠎ᠢᠶᠡᠷ ᠦᠨᠳᠦᠰᠦ ᠪᠣᠯᠭᠠᠵᠦ᠂ ᠦᠶ᠋ᠯᠡᠴᠢᠯᠡᠭᠡ᠎ᠶ᠋ᠢ ᠳᠡᠭᠡᠳᠦᠯᠡᠬᠦ᠌\nᠣᠢᠯᠠᠭᠠᠭ᠍ᠳᠠᠬᠤᠨ ᠢ᠋ ᠪᠠᠷᠢᠮᠲᠠᠯᠠᠵᠦ᠂ 《ᠪᠢ ᠣᠯᠠᠨ ᠲᠦᠮᠡᠨ᠎ᠳᠦ\nᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ\nᠭᠦᠨᠵᠡᠭᠡᠶ ᠥᠷᠨᠢᠭᠦᠯᠤᠨ᠂ 《ᠭᠤᠷᠪᠠ᠎ᠶ᠋ᠢ\nᠰᠤᠷᠪᠤᠯᠵᠢᠯᠠᠬᠤ》᠂ 《ᠭᠤᠷᠪᠠ᠎ᠶ᠋ᠢ ᠠᠰᠠᠭᠤᠬᠤ》 ᠠᠵᠢᠯᠯᠠᠭ᠎ᠠ᠂\n《12345》ᠤᠳᠠᠰᠤ ᠪᠡᠷ\nᠵᠠᠷᠭᠤ ᠬᠦᠯᠢᠶᠡᠮᠡᠭᠴᠡ ᠲᠠᠷᠤᠢ ᠬᠦᠢᠴᠡᠳᠬᠡᠬᠦ ᠵᠡᠷᠭᠡ᠎ᠶ᠋ᠢ 《ᠠᠷᠠᠳ᠎ᠲᠤ ᠦᠶ᠋ᠯᠡᠴᠢᠯᠡᠬᠦ᠌\nᠭᠤᠷᠪᠠᠨ ᠵᠦᠶ᠋ᠯ᠎ᠦᠨ ᠨᠠᠷᠢᠨ ᠲᠠᠩᠰᠠ》 ᠎ᠲᠠᠢ ᠪᠦᠲᠦᠮᠵᠢᠲᠡᠶ ᠤᠶᠠᠯᠳᠤᠭᠤᠯᠵᠦ᠂ ᠨᠡᠢᠭᠡᠮ ᠲᠣᠭᠣᠷᠢᠭ᠎ᠤᠨ ᠨᠠᠮ ᠤ᠋ᠨ ᠬᠡᠰᠢᠭᠦᠨ ᠪᠠ ᠣᠯᠠᠨ\nᠲᠦᠮᠡᠨ᠎ᠦ ᠦᠶ᠋ᠯᠡᠴᠢᠯᠡᠭᠡᠨ᠎ᠦ ᠲᠥᠪ᠎ᠲᠦ 《ᠨᠡᠷᠡᠨ ᠭᠡᠷᠡᠯᠲᠦ\nᠬᠡᠷᠡᠭ ᠵᠥᠪᠯᠡᠬᠦ᠌ ᠲᠢᠩᠬᠢᠮ》᠂ 《ᠠᠷᠠᠳ᠎ᠤᠨ ᠲᠠᠭᠤᠨ᠎ᠤ ᠠᠵᠢᠯᠯᠠᠬᠤ ᠲᠠᠰᠤᠭ》᠂ 《ᠠᠷᠠᠳ᠎ᠤᠨ ᠪᠠᠢᠳᠠᠯ᠎ᠢ ᠲᠦᠷᠭᠡᠨ ᠳᠠᠮᠵᠢᠭᠤᠯᠬᠤ ᠥᠷᠲᠡᠭᠡ》 ᠶ᠋ᠢ ᠪᠠᠢᠭᠤᠯᠵᠦ᠂《ᠡᠭᠦᠳᠡ᠎ᠪᠡᠨ\nᠨᠡᠭᠡᠭᠡᠵᠦ᠍ ᠰᠠᠨᠠᠯ ᠬᠤᠷᠢᠶᠠᠬᠤ》 ᠵᠡᠷᠭᠡ ᠬᠡᠯᠪᠡᠷᠢ\nᠪᠡᠷ᠂ ᠬᠠᠷᠢᠶ᠎ᠠ ᠣᠷᠣᠨ᠎ᠤ ᠣᠯᠠᠨ ᠲᠦᠮᠡᠨ᠎ᠦ《ᠪᠠᠴᠢᠮᠲᠠᠵᠦ\nᠬᠦᠴᠢᠷᠳᠡᠵᠦ ᠵᠣᠪᠠᠨᠢᠵᠦ ᠬᠦᠰᠡᠵᠦ》 ᠪᠠᠢᠭ᠎ᠠ ᠠᠰᠠᠭᠤᠳᠠᠯ᠎ᠢ\nᠴᠠᠭ ᠲᠤᠬᠠᠶ᠎ᠳᠤᠨᠢ ᠣᠢᠯᠠᠭᠠᠨ ᠡᠵᠡᠮᠰᠢᠵᠦ᠂ ᠰᠠᠭᠤᠭᠠᠯᠢ ᠠᠷᠠᠳ᠎ᠤᠨ ᠬᠡᠷᠡᠭ᠌ᠴᠡᠭᠡ᠎ᠶ᠋ᠢ 826 ᠵᠤᠷᠪᠤᠰ\nᠴᠤᠬᠯᠠᠭᠤᠯᠤᠨ᠂ ᠰᠠᠭᠤᠭᠠᠯᠢ ᠠᠷᠠᠳ᠎ᠤᠨ ᠲᠤᠰᠭᠠᠭ᠍ᠰᠠᠨ 576 ᠬᠤᠪᠢ ᠬᠠᠯᠠᠮᠱᠢᠯ ᠠᠰᠠᠭᠤᠲᠠᠯ᠂ ᠬᠦᠴᠢᠷ ᠠᠰᠠᠭᠤᠲᠠᠯ ᠢ᠋ ᠵᠤᠬᠢᠴᠠᠭᠤᠯᠤᠨ ᠰᠢᠢᠳᠪᠦᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面