ᠲᠡᠷᠢᠭᠦᠨ ᠨᠢᠭᠤᠷ>ᠨᠠᠮ᠎ᠤᠨ ᠪᠠᠢᠭᠤᠯᠤᠯᠲᠠ> ᠨᠠᠮ᠎ᠤ᠋ᠨ ᠲᠡᠦᠬᠡ᠎ᠶ᠋ᠢᠨ ᠮᠡᠳᠡᠯᠭᠡ

2021-12-13 10:42:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠠᠷᠪᠠᠨ ᠨᠠᠢ᠍ᠮᠠᠳᠤᠭᠠᠷ ᠤᠳᠠᠭ᠎ᠠ᠎ᠢ᠋ᠢᠨ ᠪᠦᠬᠦ ᠤᠯᠤᠰ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ 2012 ᠤᠨ ᠤ᠋ 11 ᠰᠠᠷ᠎ᠠ ᠢ᠋ᠢᠨ 8 ᠤ᠋ ᠡᠲᠦᠷ ᠡᠴᠡ 14 ᠤ᠋ ᠡᠲᠦᠷ ᠪᠤᠯᠲᠠᠯ᠎ᠠ ᠪᠡᠭᠡᠵᠢᠩ ᠳ᠋ᠤ ᠬᠤᠷᠠᠯᠳᠤᠪᠠ᠃ ᠬ᠍ᠣ ᠵᠢᠨ ᠲᠤᠤ《ᠲᠤᠮᠲᠠᠲᠤ ᠤᠯᠤᠰ ᠤ᠋ᠨᠤᠨᠴᠠᠯᠢᠬ ᠲᠠᠢ ᠨᠡᠢᠭᠡᠮ ᠵᠢᠷᠦᠮ ᠤ᠋ᠨ ᠵᠠᠮ ᠢ᠋ᠢᠡᠷ ᠡᠷᠡᠰᠭᠤᠢᠪᠢᠰᠢ ᠦᠭᠡᠢ ᠤᠷᠤᠬᠰᠢᠯᠠᠵᠦ᠂ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠢ᠋ᠢᠨ ᠲᠦᠯᠦᠭᠡᠲᠡᠮᠡᠴᠡᠵᠡᠭᠡᠶ᠎ᠡ》 ᠬᠡᠬᠦ ᠰᠡᠲᠦᠪ ᠢ᠋ᠢᠡᠷ ᠢᠯᠡᠳᠬᠡᠯ ᠬᠢᠪᠡ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠪᠤᠯ ᠮᠠᠨ ᠤ᠋ ᠤᠯᠤᠰ ᠴᠢᠨᠡᠭᠡᠯᠢᠭ ᠨᠡᠢᠭᠡᠮ ᠢ᠋ ᠪᠦᠬᠦ ᠲᠠᠯ᠎ᠠᠪᠡᠷ ᠪᠡᠶᠡᠯᠡᠭᠦᠯᠬᠦ ᠰᠢᠢᠳᠪᠦᠷᠢᠯᠡᠭᠴᠢ ᠴᠢᠨᠠᠷᠲᠠᠢ ᠱᠠᠲᠤᠨ ᠳ᠋ᠤ ᠤᠷᠤᠬᠰᠠᠨ ᠦᠶ᠎ᠡ ᠳ᠋ᠤ ᠬᠤᠷᠠᠯᠳᠤᠭᠤᠯᠤᠬᠰᠠᠨᠨᠢᠭᠡ ᠤᠳᠠᠭᠠᠨ ᠤ᠋ ᠲᠦᠢᠯ ᠤ᠋ᠨ ᠴᠢᠬᠤᠯᠠ ᠶᠡᠬᠡ ᠬᠤᠷᠠᠯᠮᠦᠨ᠂ ᠨᠠᠮ᠎ᠤ᠋ᠨ ᠲᠡᠮᠡᠴᠡᠯ ᠤ᠋ᠨ ᠲᠡᠦᠬᠡᠨ ᠶᠠᠪᠤᠴᠠ ᠳ᠋ᠡᠬᠢ ᠪᠠᠰᠠ ᠨᠢᠭᠡ ᠤᠳᠠᠭᠠᠨ ᠤ᠋ ᠤᠷᠢᠳᠤᠬᠢ ᠵᠢ ᠵᠠᠯᠭᠠᠮᠵᠢᠯᠠᠨ ᠢᠷᠡᠭᠡᠲᠦᠢ ᠵᠢ ᠨᠡᠭᠡᠭᠡᠬᠦ ᠬᠤᠷᠠᠯ ᠮᠦᠨ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠰᠢᠨᠵᠢᠯᠡᠬᠦ ᠤᠬᠠᠭᠠᠨᠴᠢ ᠬᠦᠭᠵᠢᠯᠲᠡ ᠢ᠋ᠢᠨ ᠦᠵᠡᠯᠲᠡ ᠳ᠋ᠤᠵᠢᠩᠬᠢᠨᠢ ᠪᠡᠷ ᠪᠠᠢᠷᠢ ᠲᠤᠬᠲᠠᠭᠠᠯᠲᠠ ᠬᠢᠭᠰᠡᠨ ᠪᠠᠢᠨ᠎ᠠ᠃5 ᠵᠢᠯ ᠤ᠋ᠨ ᠡᠮᠦᠨᠡᠬᠢ ᠨᠠᠮ ᠤ᠋ᠨ ᠠᠷᠪᠠᠨ ᠲᠤᠯᠤᠳᠤᠭᠠᠷ ᠶᠡᠬᠡ ᠬᠤᠷᠠᠯ ᠡᠴᠡ ᠰᠢᠨᠵᠢᠯᠡᠬᠦ ᠤᠬᠠᠭᠠᠨᠴᠢ ᠬᠦᠭᠵᠢᠯᠲᠡ ᠢ᠋ᠢᠨ ᠦᠵᠡᠯᠲᠡ ᠳ᠋ᠤᠰᠢᠨᠵᠢᠯᠡᠬᠦ ᠤᠬᠠᠭᠠᠨᠴᠢ ᠦᠨᠡᠯᠡᠯᠲᠡ ᠬᠢᠭᠰᠡᠨ ᠪᠤᠯᠪᠠᠴᠤ ᠪᠠᠰᠠ ᠵᠢᠩᠬᠢᠨᠢ ᠪᠡᠷ ᠪᠠᠢᠷᠢ ᠲᠤᠬᠲᠠᠭᠠᠯᠲᠠ ᠬᠢᠭᠰᠡᠨᠦᠭᠡᠢ᠃ 5 ᠵᠢᠯ ᠤ᠋ᠨ ᠦᠢᠯᠡᠲᠦᠯᠭᠡ ᠪᠡᠷ ᠲᠠᠮᠵᠢᠭᠠᠳ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠦᠢᠯᠡᠲᠦᠯᠭᠡᠢ᠋ᠢᠨ ᠦᠷ᠎ᠡ ᠪᠦᠲᠦᠮᠵᠢ᠂ ᠠᠷᠠᠳ ᠲᠦᠮᠡᠨ ᠪᠠ ᠪᠦᠬᠦ ᠨᠠᠮ ᠤ᠋ᠨ ᠬᠦᠰᠡᠯ ᠡᠷᠡᠮᠡᠯᠵᠡᠯ ᠢ᠋ ᠦᠨᠳᠦᠰᠦᠯᠡᠨ᠂ ᠰᠢᠨᠵᠢᠯᠡᠬᠦ ᠤᠬᠠᠭᠠᠨᠴᠢᠬᠦᠭᠵᠢᠯᠲᠡ ᠢ᠋ᠢᠨ ᠦᠵᠡᠯᠲᠡ ᠵᠢ ᠮᠠᠷᠺᠰ ᠯᠸᠨᠢᠨ ᠤ᠋ ᠦᠵᠡᠯ᠂ ᠮᠠᠤ ᠽᠸ ᠳ᠋ᠦᠩ ᠤ᠋ᠨ ᠦᠵᠡᠯ ᠰᠠᠨᠠᠭ᠎ᠠ᠂ ᠳ᠋ᠸᠩᠰᠢᠶᠤᠤ ᠫᠢᠩ ᠤ᠋ᠨ ᠤᠨᠤᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ ᠲᠠᠢ ᠴᠤᠬ ᠢ᠋ᠢᠡᠷ ᠨᠠᠮ᠎ᠤᠨ ᠲᠦᠷᠢᠮ ᠳ᠋ᠤ ᠤᠷᠤᠭᠤᠯᠵᠦ᠂ ᠵᠢᠩᠬᠢᠨᠢ ᠪᠡᠷ 《ᠨᠠᠮ ᠤ᠋ᠨ ᠡᠷᠬᠡᠪᠰᠢ ᠤᠷᠳᠤ ᠬᠤᠭᠤᠴᠠᠭ᠎ᠠ ᠪᠡᠷ ᠪᠠᠷᠢᠮᠲᠠᠯᠠᠬᠤᠴᠢᠬᠤᠯᠠ ᠲᠠᠢ ᠵᠢᠯᠤᠭᠤᠳᠬᠤ ᠦᠵᠡᠯ ᠰᠠᠨᠠᠭ᠎ᠠ》 ᠬᠡᠵᠦ ᠲᠤᠬᠲᠠᠭᠠᠭᠠᠳ᠂ᠨᠠᠮ ᠤ᠋ᠨ ᠵᠢᠯᠤᠭᠤᠳᠬᠤ ᠦᠵᠡᠯ ᠰᠠᠨᠠᠭᠠᠨ ᠤ᠋ ᠪᠠᠰᠠ ᠨᠢᠭᠡ ᠤᠳᠠᠭᠠᠨ ᠤ᠋ ᠴᠠᠬ ᠦᠶ᠎ᠡ ᠲᠠᠢ ᠵᠡᠷᠭᠡ ᠪᠡᠷᠤᠷᠤᠬᠰᠢᠯᠠᠬᠤ ᠵᠢ ᠪᠡᠶᠡᠯᠡᠭᠦᠯᠵᠡᠢ᠃ ᠡᠨᠡ ᠪᠤᠯ ᠨᠠᠮ ᠤ᠋ᠨᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠭᠠᠷᠭᠠᠬᠰᠠᠨ ᠬᠠᠮᠤᠭ ᠤ᠋ᠨ ᠴᠢᠬᠤᠯᠠ ᠲᠡᠦᠬᠡᠨ ᠰᠢᠢᠳᠪᠦᠷᠢᠲᠦ ᠪᠤᠳᠤᠯᠭ᠎ᠠᠮᠦᠨ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ 《2020 ᠤᠨ ᠪᠤᠯᠬᠤ ᠳ᠋ᠤ ᠴᠢᠨᠡᠭᠡᠯᠢᠭᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ ᠠᠤᠭ᠎ᠠ ᠬᠠᠷᠠᠯᠲᠠ ᠵᠢ ᠪᠡᠶᠡᠯᠡᠭᠦᠯᠬᠦ ᠵᠢ ᠦᠨᠡᠨ᠎ᠬᠦ ᠪᠠᠲᠤᠯᠠᠨ᠎ᠠ》 ᠬᠡᠵᠦ ᠲᠤᠲᠤᠷᠬᠠᠢ ᠲᠤᠷᠠᠳᠤᠨ ᠭᠠᠷᠭᠠᠪᠠ᠃ 《ᠴᠢᠨᠡᠭᠡᠯᠢᠭᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦ》 ᠵᠢ ᠨᠠᠮ ᠤ᠋ᠨ ᠠᠷᠪᠠᠨ ᠵᠢᠷᠭᠤᠳᠤᠭᠠᠷᠶᠡᠬᠡ ᠬᠤᠷᠠᠯ ᠤ᠋ᠨ ᠢᠯᠡᠳᠬᠡᠯ ᠤ᠋ᠨ ᠭᠠᠷᠴᠠᠭ ᠲᠡᠬᠢ 《ᠴᠢᠨᠡᠭᠡᠯᠢᠭ ᠨᠡᠢᠭᠡᠮ ᠢ᠋ ᠪᠦᠬᠦᠲᠠᠯ᠎ᠠ ᠪᠡᠷ ᠪᠦᠲᠦᠭᠡᠨ ᠪᠠᠢᠭᠤᠯᠬᠤ》 ᠲᠠᠢ ᠬᠠᠷᠢᠴᠠᠭᠤᠯᠪᠠᠯ᠂ 《ᠪᠦᠲᠦᠭᠡᠨ ᠪᠠᠢᠭᠤᠯᠬᠤ》 ᠵᠢ《ᠪᠡᠶᠡᠯᠡᠭᠦᠯᠬᠦ》 ᠪᠤᠯᠭᠠᠨ ᠦᠭᠡᠷᠡᠴᠢᠯᠡᠪᠡ᠃ ᠨᠢᠭᠡ ᠯᠡ ᠦᠰᠦᠭ ᠤ᠋ᠨ ᠬᠤᠪᠢᠷᠠᠯᠲᠠ ᠨᠢ ᠴᠢᠨᠡᠭᠡᠯᠢᠭ ᠨᠡᠢᠭᠡᠮᠢ᠋ ᠪᠦᠲᠦᠭᠡᠨ ᠪᠠᠢᠭᠤᠯᠬᠤ ᠶᠡᠷᠦ ᠪᠤᠰᠤ ᠢ᠋ᠢᠨ ᠦᠩᠭᠡᠷᠡᠯᠲᠡ ᠵᠢ ᠨᠡᠢᠳᠬᠡᠵᠦ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠤ᠋ᠨ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠡᠷ ᠪᠡᠶᠡᠯᠡᠭᠦᠯᠬᠦᠰᠢᠢᠳᠪᠦᠷᠢᠲᠦ ᠢᠯᠠᠯᠲᠠ ᠵᠢ ᠤᠯᠬᠤ ᠡᠷᠡᠰ ᠵᠤᠷᠢᠭ ᠪᠠ ᠪᠠᠢᠷᠢᠯᠠᠭᠤᠯᠤᠯᠲᠠ ᠵᠢ ᠨᠢᠬᠲᠠᠷᠠᠭᠤᠯᠪᠠ᠃ ᠨᠠᠮ ᠤ᠋ᠨᠠᠷᠪᠠᠨ ᠵᠢᠷᠭᠤᠳᠤᠭᠠᠷ᠂ ᠠᠷᠪᠠᠨ ᠲᠤᠯᠤᠳᠤᠭᠠᠷ ᠶᠡᠬᠡ ᠬᠤᠷᠠᠯ ᠡᠴᠡ ᠲᠤᠬᠲᠠᠭᠠᠬᠰᠠᠨ ᠴᠢᠨᠡᠭᠡᠯᠢᠭ ᠨᠡᠢᠭᠡᠮ ᠢ᠋ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠬᠠᠷᠠᠯᠲᠠ ᠢ᠋ᠢᠨ ᠰᠠᠭᠤᠷᠢᠨ ᠲᠡᠭᠡᠷ᠎ᠡ᠂ ᠮᠠᠨ ᠤ᠋ ᠤᠯᠤᠰ ᠤ᠋ᠨ ᠠᠵᠦᠠᠬᠤᠢ ᠨᠡᠢᠭᠡᠮ ᠤ᠋ᠨ ᠬᠦᠭᠵᠢᠯᠲᠡ ᠢ᠋ᠢᠨ ᠪᠤᠲᠠᠲᠤ ᠪᠠᠢᠲᠠᠯ ᠢ᠋ ᠦᠨᠳᠦᠰᠦᠯᠡᠨ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠲᠠᠪᠤᠨᠰᠢᠨ᠎ᠡ ᠱᠠᠭᠠᠷᠲᠠᠯᠭ᠎ᠠ ᠵᠢ ᠴᠢᠷᠮᠠᠢᠨ ᠪᠡᠶᠡᠯᠡᠭᠦᠯᠬᠦ ᠬᠡᠷᠡᠭᠲᠡᠢ ᠬᠡᠵᠦ ᠲᠤᠷᠠᠳᠤᠨ ᠭᠠᠷᠭᠠᠪᠠ᠃ 《ᠤᠯᠤᠰ ᠤ᠋ᠨ ᠲᠤᠲᠤᠭᠠᠲᠦ ᠢ᠋ᠢᠨ ᠦᠢᠯᠡᠳᠪᠦᠷᠢᠯᠡᠯ ᠤ᠋ᠨ ᠶᠡᠷᠦᠩᠬᠡᠢ ᠦᠷᠲᠡᠭ ᠪᠠ ᠬᠤᠲᠠ ᠬᠦᠲᠡᠭᠡᠢ᠋ᠢᠨ ᠰᠠᠭᠤᠭᠠᠯᠢ ᠠᠷᠠᠳ ᠤ᠋ᠨ ᠬᠦᠮᠦᠨ ᠲᠤᠮᠲᠠᠴᠢ ᠢ᠋ᠢᠨ ᠤᠷᠤᠯᠭ᠎ᠠ ᠵᠢ 2010 ᠤᠨ ᠤ᠋ ᠬᠢ ᠡᠴᠡ ᠬᠤᠶᠠᠷ ᠲᠠᠬᠢᠨᠪᠤᠯᠲᠠᠯ᠎ᠠ ᠨᠡᠮᠡᠭᠲᠡᠭᠦᠯᠦᠨ᠎ᠡ》 ᠬᠡᠵᠦ ᠲᠤᠲᠤᠷᠬᠠᠢ ᠲᠤᠷᠠᠳᠤᠨ ᠭᠠᠷᠭᠠᠪᠠ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ᠄《ᠲᠤᠮᠲᠠᠲᠤ ᠤᠯᠤᠰ ᠤ᠋ᠨ ᠤᠨᠴᠠᠯᠢᠬ ᠲᠠᠢ ᠨᠡᠢᠭᠡᠮ ᠵᠢᠷᠦᠮ ᠢ᠋ ᠪᠦᠲᠦᠭᠡᠨ ᠪᠠᠢᠭᠤᠯᠬᠤ ᠢ᠋ᠢᠨᠶᠡᠷᠦᠩᠬᠡᠢ ᠦᠨᠳᠦᠰᠦᠯᠡᠯ ᠪᠤᠯ ᠨᠡᠢᠭᠡᠮ ᠵᠢᠷᠦᠮ ᠤ᠋ᠨ ᠠᠩᠬᠠᠨ ᠤ᠋ ᠱᠠᠲᠤ᠂ ᠶᠡᠷᠦᠩᠬᠡᠢ ᠪᠠᠢᠷᠢᠰᠢᠭᠤᠯᠤᠯᠲᠠ ᠪᠤᠯᠲᠠᠪᠤ ᠵᠢ ᠨᠢᠭᠡ ᠴᠤᠬᠴᠠᠵᠢᠭᠤᠯᠬᠤ᠂ ᠶᠡᠷᠦᠩᠬᠡᠢ ᠡᠭᠦᠷᠭᠡ ᠪᠤᠯ ᠨᠡᠢᠭᠡᠮ ᠵᠢᠷᠦᠮ ᠤ᠋ᠨ ᠤᠳᠤᠬᠢᠴᠢᠯᠠᠯᠲᠠ ᠪᠠᠲᠤᠮᠲᠠᠲᠤ ᠢ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠲᠠᠯ ᠪᠤᠯᠤᠨ᠎ᠠ》 ᠬᠡᠵᠦ ᠲᠤᠲᠤᠷᠬᠠᠢ ᠵᠢᠭᠠᠵᠦ ᠭᠠᠷᠭᠠᠪᠠ᠃ 《ᠲᠠᠪᠤᠵᠢ ᠨᠢᠭᠡ ᠴᠤᠬᠴᠠᠵᠢᠭᠤᠯᠬᠤ》 ᠬᠡᠲᠡᠭ ᠨᠢ ᠠᠵᠦ ᠠᠬᠤᠢ ᠢ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦᠢ᠋ᠢᠨ ᠪᠠᠢᠭᠤᠯᠤᠯᠲᠠ᠂ ᠰᠤᠶᠤᠯ ᠤ᠋ᠨ ᠪᠠᠢᠭᠤᠯᠤᠯᠲᠠ᠂ ᠨᠡᠢᠭᠡᠮ ᠤ᠋ᠨ ᠪᠠᠢᠭᠤᠯᠤᠯᠲᠠ᠂ ᠠᠮᠢ ᠠᠬᠤᠢ ᠢ᠋ᠢᠨ ᠪᠤᠯᠪᠠᠰᠤᠨ ᠤ᠋ ᠪᠠᠢᠭᠤᠯᠤᠯᠲᠠ ᠵᠢ ᠪᠦᠬᠦ ᠲᠠᠯ᠎ᠠ ᠪᠡᠷ ᠠᠬᠢᠭᠤᠯᠬᠤᠵᠢ ᠵᠢᠭᠠᠵᠦ ᠪᠠᠢᠨ᠎ᠠ᠃ 《ᠶᠡᠷᠦᠩᠬᠡᠢ ᠪᠠᠢᠷᠢᠰᠢᠭᠤᠯᠤᠯᠲᠠ》ᠬᠡᠲᠡᠭ ᠨᠢ ᠲᠠᠪᠤᠨ ᠲᠠᠯ᠎ᠠ᠎ᠢ᠋ᠢᠨ ᠪᠦᠲᠦᠭᠡᠨ ᠪᠠᠢᠭᠤᠯᠤᠯᠲᠠ ᠵᠢ ᠨᠢᠭᠡᠲᠦᠯᠲᠡᠢ ᠲᠦᠯᠦᠪᠵᠢᠭᠦᠯᠦᠨᠨᠢᠭᠡ ᠴᠤᠬᠴᠠᠵᠢᠭᠤᠯᠵᠦ᠂ ᠨᠢᠬᠲᠠ ᠵᠤᠬᠢᠴᠠᠭᠤᠯᠬᠤ ᠪᠦᠬᠦᠯᠢ ᠴᠤᠬᠴᠠ ᠢ᠋ᠢᠨ ᠲᠦᠯᠦᠪᠵᠢᠭᠦᠯᠭᠡ ᠪᠠ ᠪᠠᠢᠯᠳᠤᠬᠤ ᠪᠤᠳᠤᠯᠭ᠎ᠠ ᠢ᠋ᠢᠨ ᠪᠠᠢᠷᠢᠯᠠᠭᠤᠯᠤᠯᠲᠠᠵᠢ ᠵᠢᠭᠠᠵᠦ ᠪᠠᠢᠨ᠎ᠠ᠃ ᠡᠨᠡ᠎ᠬᠦ ᠶᠡᠷᠦᠩᠬᠡᠢ ᠪᠠᠢᠷᠢᠰᠢᠭᠤᠯᠤᠯᠲᠠ ᠢ᠋ᠢᠨ ᠨᠢᠭᠡᠨ ᠴᠢᠬᠤᠯᠠ ᠬᠢᠯᠠᠰ ᠴᠡᠭ ᠪᠤᠯ ᠠᠮᠢ ᠠᠬᠤᠢ ᠢ᠋ᠢᠨ ᠪᠤᠯᠪᠠᠰᠤᠨ ᠤ᠋ ᠪᠠᠢᠭᠤᠯᠤᠯᠲᠠ ᠵᠢ ᠠᠷᠠᠳᠲᠦᠮᠡᠨ ᠤ᠋ ᠠᠵᠠ ᠵᠢᠷᠭᠠᠯ ᠳ᠋ᠤ ᠬᠤᠯᠪᠤᠬᠲᠠᠬᠤ᠂ ᠦᠨᠳᠦᠰᠦᠲᠡᠨ ᠤ᠋ ᠢᠷᠡᠭᠡᠲᠦᠢ ᠳ᠋ᠤ ᠬᠤᠯᠪᠤᠬᠲᠠᠬᠤ ᠠᠯᠤᠰ ᠬᠡᠲᠦᠢ᠋ᠢᠨ ᠶᠡᠬᠡ ᠪᠤᠳᠤᠯᠭ᠎ᠠ ᠪᠤᠯᠭᠠᠵᠦ᠂ ᠤᠷᠢᠳ ᠡᠮᠦᠨ᠎ᠡ ᠪᠠᠢᠭ᠎ᠠ ᠦᠭᠡᠢ ᠲᠡᠭᠡᠲᠦ ᠬᠡᠮᠵᠢᠶᠡᠨ᠎ᠳᠤ ᠬᠦᠷᠭᠡᠭᠰᠡᠨᠶᠠᠪᠤᠲᠠᠯ ᠪᠤᠯᠤᠨ᠎ᠠ᠃

ᠶᠡᠬᠡ ᠬᠤᠷᠠᠯ ᠡᠴᠡ 205 ᠬᠡᠰᠢᠭᠦᠨ ᠪᠠ 171 ᠤᠷᠤᠯᠠᠬᠴᠢ ᠬᠡᠰᠢᠭᠦᠨ ᠢ᠋ᠢᠡᠷ ᠪᠦᠷᠢᠯᠲᠦᠭᠰᠡᠨ ᠨᠠᠮᠤ᠋ᠨ ᠲᠦᠪ ᠬᠤᠷᠢᠶ᠎ᠠ ᠵᠢ ᠰᠤᠩᠭᠤᠨ ᠭᠠᠷᠭᠠᠵᠦ᠂ 130 ᠬᠡᠰᠢᠭᠦᠨ ᠢ᠋ᠢᠡᠷ ᠪᠦᠷᠢᠯᠲᠦᠭᠰᠡᠨ ᠲᠦᠪ ᠤ᠋ᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ ᠵᠢ ᠰᠤᠩᠭᠤᠨ ᠭᠠᠷᠭᠠᠪᠠ᠃ ᠡᠭᠦᠨ ᠤ᠋ ᠲᠠᠷᠠᠭᠠᠬᠠᠨ ᠬᠤᠷᠠᠯᠳᠤᠭᠤᠯᠤᠬᠰᠠᠨᠠᠷᠪᠠᠨ ᠨᠠᠢ᠍ᠮᠠᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠠᠩᠬᠠᠳᠤᠭᠠᠷ ᠪᠦᠬᠦᠲᠡ ᠬᠤᠷᠠᠯ ᠡᠴᠡ ᠲᠦᠪ ᠬᠤᠷᠢᠶᠠᠨ ᠤ᠋ ᠤᠯᠤᠰ ᠲᠦᠷᠦ ᠢ᠋ᠢᠨ ᠲᠤᠪᠴᠢᠶ᠎ᠠ ᠵᠢᠴᠢᠪᠠᠢᠩᠭᠤ ᠢ᠋ᠢᠨ ᠬᠤᠷᠢᠶ᠎ᠠ ᠵᠢ ᠰᠤᠩᠭᠤᠨ ᠭᠠᠷᠭᠠᠵᠦ᠂ ᠰᠢᠵᠢᠨ ᠫᠢᠩ ᠢ᠋ ᠲᠦᠪ ᠬᠤᠷᠢᠶᠠᠨ ᠤ᠋ ᠶᠡᠷᠦᠩᠬᠡᠢ ᠱᠦᠵᠢ ᠪᠡᠷ ᠰᠤᠩᠭᠤᠵᠦ᠂ ᠰᠢ ᠵᠢᠨ ᠫᠢᠩ ᠢ᠋ ᠲᠦᠪ ᠤ᠋ᠨ ᠴᠡᠷᠢᠭ ᠤ᠋ᠨ ᠶᠠᠪᠤᠲᠠᠯ ᠤ᠋ᠨ ᠬᠤᠷᠢᠶᠠᠨ ᠤ᠋ ᠲᠡᠷᠢᠭᠦᠯᠡᠭᠴᠢ ᠪᠡᠷ ᠲᠤᠬᠲᠠᠭᠠᠵᠦ᠂ ᠸᠠᠩ ᠴᠢ ᠱᠠᠨ ᠢ᠋ ᠲᠦᠪ ᠤ᠋ᠨ ᠰᠠᠬᠢᠯᠭ᠎ᠠᠪᠠᠲᠦ ᠪᠠᠢᠴᠠᠭᠠᠬᠤ ᠬᠤᠷᠢᠶᠠᠨ ᠤ᠋ ᠱᠦᠵᠢ ᠪᠡᠷ ᠵᠦᠪᠰᠢᠶᠡᠷᠡᠪᠡ᠃


( 《ᠰᠤᠷᠤᠯᠴᠠᠯᠭ᠎ᠠ᠎ᠢ᠋ᠢᠨ ᠬᠦᠴᠦᠷᠭᠡᠭ ᠤᠯᠤᠰ》 ᠰᠢᠯᠵᠢᠶ᠎ᠡ ᠡᠴᠡ ᠬᠠᠨ ᠯᠢᠩ ᠯᠢᠩ ᠤᠷᠴᠢᠭᠤᠯᠪᠠ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面