2021-12-19 21:42:53
( 2019 ᠣᠨ᠎ᠤ 8 ᠰᠠᠷ᠎ᠠ᠎ᠶ᠋ᠢᠨ 22 ᠤᠨ ᠡᠳᠦᠷ )
ᠭᠠᠨᠰᠦ ᠪᠣᠯ ᠬᠤᠪᠢᠰᠭᠠᠯᠲᠤ ᠤᠷᠤᠨ ᠮᠥᠨ᠂ ᠳᠤᠮᠳᠠᠳᠤ ᠤᠯᠤᠰ᠎ᠤᠨ ᠬᠤᠪᠢᠰᠭᠠᠯ᠎ᠤᠨ ᠲᠡᠦᠬᠡᠨ ᠶᠠᠪᠤᠴᠠ᠎ᠳᠤ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠦᠵᠡᠭᠦᠯᠪᠡ᠃ 2009 ᠣᠨ᠎ᠳᠤ ᠪᠢ ᠭᠠᠨᠰᠦ ᠳᠦ ᠢᠷᠡᠬᠦ᠌ ᠳᠦ᠂ ᠲᠡᠭᠦᠨ᠎ᠢ《ᠬᠣᠶᠠᠷ ᠴᠡᠭ ᠨᠢᠭᠡ ᠣᠷᠣᠱᠢᠨ ᠲᠣᠭ᠍ᠲᠠᠨᠢᠬᠤ》ᠬᠡᠵᠤ ᠬᠤᠷᠢᠶᠠᠩᠭᠤᠢᠯᠠᠵᠤ᠂ ᠳᠠᠷᠤᠢ ᠱᠠᠨᠰᠢ ᠭᠠᠨᠰᠦ᠎ᠶ᠋ᠢᠨ ᠬᠤᠪᠢᠰᠭᠠᠯ᠎ᠤᠨ ᠰᠠᠭᠤᠷᠢᠨ ᠭᠠᠵᠠᠷ ᠨᠢ ᠨᠠᠮ᠎ᠤᠨ ᠲᠥᠪ ᠬᠣᠷᠢᠢ᠎ᠠ ᠪᠠ ᠡᠯ᠎ᠡ ᠵᠠᠮ᠎ᠤᠨ ᠤᠷᠳᠤ ᠵᠠᠮ᠎ᠤᠨ ᠠᠶᠠᠨ ᠲᠠᠢ᠌ᠨ᠎ᠦ ᠤᠯᠠᠭᠠᠨ ᠴᠡᠷᠢᠭ᠎ᠲᠦ ᠬᠦᠯ ᠲᠤᠭᠳᠠᠬᠤ ᠭᠠᠵᠠᠷ ᠬᠠᠩᠭᠠᠵᠤ᠂ ᠰᠡᠭᠦᠯᠡᠷ ᠨᠢ ᠨᠠᠢ᠍ᠮᠠᠳᠤᠭᠠᠷ ᠵᠠᠮ᠎ᠤᠨ ᠴᠡᠷᠢᠭ᠎ᠦᠨ ᠭᠣᠣᠯ ᠬᠦᠴᠦᠨ᠎ᠦ ᠶᠠᠫᠣᠨ᠎ᠢ ᠡᠰᠡᠷᠭᠦᠴᠡᠬᠦ᠌ ᠡᠮᠦᠨ᠎ᠡ ᠹᠷᠣᠨᠲ᠎ᠲᠤ ᠣᠴᠢᠬᠤ᠎ᠳᠤ ᠡᠬᠢᠯᠡᠯᠳᠡ ᠶ᠋ᠢᠨ ᠴᠡᠭ ᠬᠠᠩᠭᠠᠵᠤ᠂ ᠭᠠᠵᠠᠷ ᠱᠢᠷᠣᠢ᠎ᠶ᠋ᠢᠨ ᠬᠤᠪᠢᠰᠭᠠᠯᠲᠤ ᠲᠠᠢ᠌ᠨ᠎ᠦ ᠰᠡᠭᠦᠯᠴᠢ᠎ᠶ᠋ᠢᠨ ᠬᠤᠭᠤᠴᠠᠭᠠᠨ᠎ᠳᠤ ᠪᠦᠬᠦ᠌ ᠤᠯᠤᠰ᠎ᠲᠤ ᠴᠦᠭᠡᠨ ᠪᠠᠢᠬᠤ ᠪᠦᠷᠢᠨ ᠪᠦᠲᠦᠨ ᠬᠤᠪᠢᠰᠭᠠᠯ᠎ᠤᠨ ᠰᠠᠭᠤᠷᠢᠨ ᠭᠠᠵᠠᠷ ᠪᠣᠯᠤᠭ᠍ᠰᠠᠨ ᠪᠠᠢᠨ᠎ᠠ᠃ ᠭᠠᠵᠠᠷ ᠲᠠᠷᠢᠶᠠᠨ᠎ᠤ ᠬᠤᠪᠢᠰᠭᠠᠯᠲᠤ ᠲᠠᠢ᠌ᠨ᠎ᠦ ᠦᠶ᠎ᠡ᠎ᠳᠦ ᠯᠢᠦ ᡁᠢ ᠳ᠋ᠠᠨ᠂ ᠰᠶ᠋ᠶᠸ ᠽᠢ ᠴᠠᠩ᠂ ᠰᠢ ᠵᠦᠩ ᠱᠢᠶᠦ᠋ᠨ ᠵᠡᠷᠭᠡ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠢᠶᠠᠷ ᠲᠥᠯᠥᠭᠡᠯᠡᠭᠦᠯᠦᠭ᠌ᠰᠡᠨ ᠡᠪ ᠬᠠᠮᠲᠤᠴᠤᠳ ᠤᠯᠠᠭᠠᠨ ᠴᠡᠷᠢᠭ᠎ᠦᠨ ᠬᠣᠷᠢᠨ ᠵᠢᠷᠭᠤᠳᠤᠭᠠᠷ ᠴᠡᠷᠢᠭ ᠪᠠ ᠱᠠᠨᠰᠢ ᠭᠠᠨᠰᠦ᠎ᠶ᠋ᠢᠨ ᠬᠢᠵᠠᠭᠠᠷ ᠣᠷᠣᠨ᠎ᠤ ᠬᠤᠪᠢᠰᠭᠠᠯ᠎ᠤᠨ ᠰᠠᠭᠤᠷᠢᠨ ᠭᠠᠵᠠᠷ᠎ᠢ ᠡᠭᠦᠳᠦᠨ ᠪᠠᠢᠭᠤᠯᠤᠭ᠍ᠰᠠᠨ ᠪᠥᠭᠡᠳ 1934 ᠣᠨ᠎ᠤ 11 ᠰᠠᠷ᠎ᠠ᠎ᠳᠤ ᠱᠠᠨᠰᠢ ᠭᠠᠨᠰᠦ᠎ᠶ᠋ᠢᠨ ᠬᠢᠵᠠᠭᠠᠷ ᠣᠷᠣᠨ᠎ᠤ ᠰᠤᠪᠢᠶᠠᠳ ᠵᠠᠰᠠᠭ᠎ᠤᠨ ᠣᠷᠳᠣᠨ᠎ᠢ ᠪᠠᠢᠭᠤᠯᠵᠤ᠂ ᠰᠡᠭᠦᠯᠡᠷ ᠨᠢ ᠱᠠᠨᠰᠢ ᠭᠠᠨᠰᠦ᠎ᠶ᠋ᠢᠨ ᠬᠤᠪᠢᠰᠭᠠᠯ᠎ᠤᠨ ᠰᠠᠭᠤᠷᠢᠨ ᠭᠠᠵᠠᠷᠪᠤᠯᠤᠨ ᠪᠦᠷᠢᠯᠳᠦᠵᠠᠢ᠃ ᠭᠠᠨᠰᠦ᠎ᠶ᠋ᠢᠨ ᠡᠮᠦᠨᠡᠲᠦ ᠬᠡᠰᠡᠭ ᠪᠣᠯ ᠤᠯᠠᠭᠠᠨ ᠴᠡᠷᠢᠭ᠎ᠦᠨ ᠣᠷᠳᠣ ᠵᠠᠮ᠎ᠤᠨ ᠠᠶᠠᠨ ᠲᠡᠢᠨ᠎ᠦ ᠶᠠᠪᠤᠵᠤ ᠦᠡᠭᠭᠡᠷᠡᠭᠰᠡᠨ ᠬᠠᠮᠤᠭ᠎ᠤᠨ ᠥᠷᠭᠡᠨ ᠭᠠᠵᠠᠷ ᠣᠷᠣᠨ᠎ᠤ ᠨᠢᠭᠡ ᠪᠣᠯᠤᠨ᠎ᠠ᠂ ᠤᠯᠠᠭᠠᠨ ᠨᠢᠭᠡᠳᠦᠭᠡᠷ ᠹᠷᠣᠨᠲ᠎ᠤᠨ ᠴᠡᠷᠢᠭ᠂ ᠤᠯᠠᠭᠠᠨ ᠬᠣᠶᠠᠳᠤᠭᠠᠷ ᠹᠷᠣᠨᠲ᠎ᠤᠨ ᠴᠡᠷᠢᠭ᠂ ᠤᠯᠠᠭᠠᠨ ᠳᠥᠷᠪᠡᠳᠦᠭᠡᠷ ᠹᠷᠣᠨᠲ᠎ᠤᠨ ᠴᠡᠷᠢᠭ᠂ ᠤᠯᠠᠭᠠᠨ ᠬᠣᠷᠢᠨ ᠲᠠᠪᠤᠳᠤᠭᠠᠷ ᠠᠷᠮᠢ ᠪᠦᠷ ᠡᠨᠳᠡ ᠲᠡᠢᠨ᠎ᠦ ᠤᠯᠠ ᠮᠥᠷ᠎ᠢᠶᠡᠨ ᠦᠯᠡᠳᠡᠭᠡᠵᠦ᠍ ᠥᠩᠭᠡᠷᠡᠭ᠌ᠰᠡᠨ ᠶᠤᠮ᠃ ᠨᠠᠮ᠎ᠤᠨ ᠲᠥᠪ ᠬᠣᠷᠢᠶ᠎ᠠ ᠭᠠᠨᠰᠦ᠎ᠶ᠋ᠢᠨ ᠬᠢᠯᠢ ᠳᠣᠲᠣᠷ᠎ᠠ ᠡᠸ ᠵᠢᠶᠸ ᠵᠢᠨ ᠬᠤᠷᠠᠯ᠂ ᠬᠠ ᠳᠠ ᠫᠦ᠎ᠶ᠋ᠢᠨ ᠬᠤᠷᠠᠯ᠂ ᠪᠠᠡᠭ ᠯᠦᠸᠧ ᠵᠸᠨ ᠪᠠᠯᠭᠠᠰᠤᠨ᠎ᠤ ᠬᠤᠷᠠᠯ᠎ᠢ ᠬᠤᠷᠠᠯᠳᠤᠭᠤᠯᠵᠤ᠂ ᠱᠠᠨᠰᠢ᠎ᠶ᠋ᠢᠨ ᠬᠣᠢᠲᠤ ᠬᠡᠰᠡᠭ᠎ᠢᠶᠡᠷ ᠳᠤᠮᠳᠠᠳᠤ ᠤᠯᠤᠰ᠎ᠤᠨ ᠬᠤᠪᠢᠰᠭᠠᠯ᠎ᠤᠨ ᠶᠡᠬᠡ ᠬᠤᠸᠠᠷᠠᠨ᠎ᠢ ᠤᠳᠤᠷᠢᠳᠭᠤ ᠪᠠᠢᠯᠳᠤᠬᠤ ᠪᠣᠳᠣᠯᠭ᠎ᠠ᠎ᠶ᠋ᠢᠨ ᠱᠢᠶ᠋ᠳᠪᠦᠷᠢᠲᠦ ᠪᠣᠳᠣᠯᠭ᠎ᠠ ᠭᠠᠷᠭᠠᠪᠠ᠃ 1936 ᠣᠨ᠎ᠤ 10 ᠰᠠᠷ᠎ᠠ᠎ᠳᠤ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠨᠢᠭᠡᠳᠦᠭᠡᠷ᠂ ᠬᠣᠶᠠᠳᠤᠭᠠᠷ᠂ ᠳᠥᠷᠪᠡᠳᠦᠭᠡᠷ ᠹᠷᠣᠨᠲ᠎ᠤᠨ ᠴᠡᠷᠢᠭ᠎ᠦᠨ ᠭᠤᠷᠪᠠᠨ ᠶᠡᠬᠡ ᠭᠣᠣᠯ ᠬᠦᠴᠦᠨ ᠬᠤᠢ ᠨᠢᠩ᠎ᠳᠦ ᠢᠯᠠᠯᠲᠠ᠎ᠲᠠᠶ᠎ᠪᠠᠷ ᠠᠭᠤᠯᠵᠠᠪᠠ᠃ ᠤᠯᠠᠭᠠᠨ ᠴᠡᠷᠢᠭ᠎ᠦᠨ ᠴᠡᠷᠢᠭ ᠨᠡᠢᠯᠡᠭᠰᠡᠨᠤ ᠳᠠᠷᠠᠭ᠎ᠠ᠂ ᠵᠦᠪᠯᠡᠯᠳᠦ ᠬᠣᠯᠪᠣᠭᠠᠲᠤ ᠤᠯᠤᠰ᠎ᠤᠨ ᠲᠤᠰᠠᠯᠠᠬᠤ ᠵᠠᠮ᠎ᠢ ᠨᠡᠪᠲᠡᠷᠡᠭᠦᠯᠬᠦ᠌ ᠵᠣᠷᠢᠯᠭ᠎ᠠ᠎ᠶ᠋ᠢᠨ ᠲᠥᠯᠥᠭᠡ᠂ ᠨᠠᠮ᠎ᠤᠨ ᠲᠥᠪ ᠬᠣᠷᠢᠶ᠎ᠠ᠎ᠠᠴᠠ ᠾᠸ ᠰᠢ ᠵᠢᠨ ᠴᠡᠷᠢᠭ ᠠᠡᠭᠬᠢ ᠪᠠᠷ ᠪᠠᠷᠠᠭᠤᠨ ᠵᠠᠮ᠎ᠤᠨ ᠴᠡᠷᠢᠭ ᠪᠣᠯᠭᠠᠨ ᠪᠦᠷᠢᠯᠳᠦᠭᠦᠯᠵᠦ᠍᠂ ᠪᠠᠷᠠᠭᠤᠨ ᠵᠠᠮ᠎ᠤᠨ ᠴᠡᠷᠢᠭ ᠡᠷᠡᠯᠬᠡᠭ ᠪᠠᠭᠠᠲᠤᠷᠯᠢᠭ᠎ᠢᠶᠠᠷ ᠪᠠᠷᠠᠭᠤᠨᠰᠢ ᠳᠠᠢᠯᠠᠵᠤ᠂ ᠴᠶ ᠯᠢᠶᠠᠨ ᠱᠠᠨ ᠠᠭᠤᠯᠠᠨ ᠳ᠋ᠦ ᠴᠢᠰᠤ ᠤᠷᠤᠰᠬᠠᠪᠠ᠃ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠳᠦ᠂ ᠭᠠᠨᠰᠦ ᠪᠣᠯ ᠨᠠᠮ ᠪᠣᠯᠤᠨ ᠤᠯᠠᠭᠠᠨ ᠴᠡᠷᠢᠭ᠎ᠦᠨ ᠪᠠᠢᠯᠳᠤᠬᠤ ᠪᠤᠳᠤᠯᠭ᠎ᠠ᠎ᠶ᠋ᠢᠨ ᠶᠡᠬᠡ ᠲᠦᠰᠢᠭ ᠪᠠᠢᠵᠤ᠂ ᠯᠠᠨᠵᠧᠦ᠍᠎ᠶ᠋ᠢᠨ《ᠨᠠᠢ᠍ᠮᠠᠨ ᠵᠦᠢᠯ᠎ᠦᠨ ᠠᠯᠪᠠᠨ ᠭᠡᠷ》ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠴᠢᠯᠥᠭᠡᠯᠡᠬᠦ᠌ ᠲᠠᠢ᠌ᠨ᠎ᠦ ᠦᠶ᠎ᠡ᠎ᠳᠦ ᠯᠠᠨᠵᠧᠦ᠍᠎ᠶ᠋ᠢᠨ ᠳᠠᠢᠯᠠᠯᠳᠤᠭᠠᠨ ᠪᠣᠯ ᠪᠠᠷᠠᠭᠤᠨ ᠬᠣᠢᠲᠤ ᠣᠷᠣᠨ᠎ᠢ ᠴᠢᠯᠥᠭᠡᠯᠡᠬᠦ ᠬᠠᠮᠤᠭ᠎ᠤᠨ ᠵᠠᠩᠭᠢᠯᠠᠭ᠎ᠠ᠎ᠶ᠋ᠢᠨ᠂ ᠬᠠᠮᠤᠭ᠎ᠤᠨ ᠬᠤᠷᠴᠠ ᠱᠢᠷᠦᠭᠦᠨ ᠱᠢᠢᠳᠪᠦᠷᠢᠲᠦ ᠪᠠᠢᠯᠳᠤᠭᠠᠨ ᠪᠣᠯᠤᠨ᠎ᠠ᠃ ᠨᠢᠭᠡᠳᠦᠭᠡᠷ ᠬᠡᠭᠡᠷᠡᠯᠡᠨ ᠪᠠᠢᠯᠳᠤᠬᠤ ᠴᠡᠷᠢᠭ ᠯᠠᠨᠵᠧᠦ᠍ᠶ᠋ᠢ ᠴᠢᠯᠥᠭᠡᠯᠡᠵᠦ᠍᠂ ᠪᠦᠬᠦᠢᠯᠡ ᠪᠠᠷᠠᠭᠤᠨ ᠬᠣᠢᠲᠤ ᠣᠷᠣᠨ᠎ᠢ ᠴᠢᠯᠥᠭᠡᠯᠡᠬᠦ᠌᠎ᠳᠦ ᠵᠠᠮ ᠳᠡᠪᠢᠰᠴᠦ᠍ ᠥᠭ᠌ᠴᠡᠢ᠃ ᠮᠠᠨ᠎ᠤ ᠨᠠᠮ᠎ᠤᠨ ᠱᠠᠨᠰᠢ ᠭᠠᠨᠰᠦ ᠨᠢᠩᠱᠢᠶᠠ᠎ᠶ᠋ᠢᠨ ᠭᠠᠵᠠᠷ ᠣᠷᠣᠨ᠎ᠳᠠᠬᠢ ᠬᠤᠪᠢᠰᠭᠠᠯᠲᠤ ᠠᠵᠢᠯᠯᠠᠭ᠎ᠠ ᠨᠢ ᠲᠦᠮᠡᠨ ᠦᠶ᠎ᠠ ᠵᠢ ᠭᠡᠢᠭᠦᠯᠬᠦ ᠲᠡᠦᠬᠡᠨ ᠭᠠᠪᠢᠶ᠎ᠠ ᠪᠠᠢᠭᠤᠯᠪᠠ᠂ ᠡᠭᠦᠨ᠎ᠤ ᠨᠢᠭᠡᠨ ᠴᠢᠬᠤᠯᠠ ᠱᠢᠯᠲᠠᠭᠠᠨ ᠪᠤᠯ ᠮᠠᠨ᠎ᠤ ᠨᠠᠮ ᠪᠠ ᠴᠡᠷᠢᠭ ᠠᠡᠭᠬᠢ ᠠᠷᠠᠳ ᠤᠯᠠᠨ᠎ᠤ ᠬᠦᠴᠦᠲᠡᠢ ᠳᠡᠮᠵᠢᠯᠭᠡ᠎ᠶ᠋ᠢ ᠣᠯᠤᠭ᠍ᠰᠠᠨ ᠶᠠᠪᠤᠳᠠᠯ ᠪᠣᠯᠤᠨ᠎ᠠ᠃
ᠢᠷᠡᠯᠳᠡ᠄ ᠲᠤᠮᠳᠠᠳᠦ ᠤᠯᠤᠰ᠎ᠤᠨ ᠡᠪ ᠬᠠᠮᠳᠤ ᠨᠠᠮ᠎ᠤᠨ ᠲᠡᠤᠬᠡ ᠵᠢ ᠦᠭᠦᠯᠡᠭᠰᠡᠨ ᠨᠢ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃