ᠲᠡᠷᠢᠭᠦᠨ ᠨᠢᠭᠤᠷ>ᠨᠠᠮ᠎ᠤᠨ ᠪᠠᠢᠭᠤᠯᠤᠯᠲᠠ> ᠨᠠᠮ᠎ᠤ᠋ᠨ ᠲᠡᠦᠬᠡ᠎ᠶ᠋ᠢᠨ ᠮᠡᠳᠡᠯᠭᠡ

2022-02-07 10:46:44

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

《ᠲᠤᠰᠭᠠᠶ ᠮᠡᠷᠭᠡᠵᠢᠯ ᠎ᠦᠨ ᠠᠵᠢᠯᠲᠠᠨ ᠡᠴᠡ ᠪᠢᠳᠡᠨ᠎ᠳᠦ ᠪᠣᠳᠠᠲᠠᠶ᠎ᠶ᠋ᠢ ᠡᠷᠬᠢᠮᠯᠡᠭ᠌ᠰᠡᠨ ᠨᠠᠷᠢᠨᠨᠢᠮᠪᠠᠶ ᠲᠥᠷᠥ ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ ᠦᠭᠪᠡ᠂ ᠡᠨᠡ ᠨᠢ ᠠᠵᠤ ᠠᠬᠤᠢᠯᠠᠯ ᠎ᠳᠤ ᠠᠪᠴᠤ᠌ᠬᠡᠯᠡᠪᠡᠯ ᠮᠠᠰᠢ ᠴᠢᠬᠤᠯᠠ ᠪᠠᠢᠳᠠᠭ᠂ ᠬᠤᠢᠰᠢᠲᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠦᠶ᠋ᠯᠡᠴᠢᠯᠡᠭᠡ᠎ᠶ᠋ᠢ ᠳᠣᠷᠣᠭ᠍ᠰᠢ ᠪᠠᠭᠤᠯᠭᠠᠬᠤ᠎ᠶ᠋ᠢ ᠪᠠᠢᠩᠭᠤᠵᠢᠭᠤᠯᠬᠤ᠎ᠶ᠋ᠢᠬᠦᠰᠡᠵᠦ᠍ ᠪᠠᠢᠨ᠎ᠠ》 ᠭᠡᠵᠦ᠍ ᠥᠪᠥᠷ ᠮᠣᠩᠭᠣᠯ᠎ᠤᠨ ᠾᠧᠩ ᠶᠤᠸᠠᠨᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠬᠡᠯᠡᠨ᠎ᠡ᠃

ᠡᠭᠦᠨ᠎ᠡᠴᠡ ᠡᠮᠦᠨ᠎ᠡ᠂ᠲᠥᠷᠥ᠎ᠶ᠋ᠢᠨ ᠪᠣᠳᠣᠯᠭ᠎ᠠ᠎ᠶ᠋ᠢ ᠡᠵᠡᠮᠳᠡᠵᠦ᠍ ᠳᠡᠢᠯᠬᠦ᠌ ᠥᠬᠡᠶ᠎ᠡᠴᠡ ᠪᠣᠯᠵᠣ᠂ ᠥᠪᠥᠷ ᠮᠣᠩᠭᠣᠯ᠎ᠤᠨ ᠾᠧᠩ ᠶᠤᠸᠠᠨᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ ᠨᠢ ᠳᠡᠭᠡᠳᠦ ᠱᠢᠨ᠎ᠡ ᠮᠡᠷᠭᠡᠵᠢᠯ᠎ᠦᠨᠠᠵᠤ ᠠᠬᠤᠢᠯᠠᠯ᠎ᠢᠶᠡᠷ ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠤᠭ᠍ᠰᠠᠨ ᠥᠬᠡᠶ ᠪᠠᠢᠵᠠᠢ᠂ ᠥᠪᠡᠷᠲᠡᠭᠡᠨ ᠵᠠᠰᠠᠬᠤᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ ᠎ᠦᠨ ᠨᠠᠮ ᠎ᠤᠨ ᠡᠭᠦᠷ ᠡᠨᠡ ᠬᠦ᠌ ᠪᠠᠢᠳᠠᠯ᠎ᠢ ᠮᠡᠳᠡᠭ᠌ᠰᠡᠨ ᠎ᠦ ᠳᠠᠷᠠᠭ᠎ᠠ᠂ ᠲᠤᠰᠭᠠᠶ ᠠᠵᠢᠯᠲᠠᠨ᠎ᠢ ᠵᠣᠬᠢᠶᠠᠨ ᠪᠠᠢᠭᠤᠯᠤᠨ ᠠᠵᠤ ᠠᠬᠤᠢᠯᠠᠯ᠎ᠳᠤ ᠳᠡᠭᠡᠳᠦ ᠱᠢᠨ᠎ᠡ ᠲᠧᠭᠨᠢᠭ ᠮᠡᠷᠭᠡᠵᠢᠯ᠎ᠦᠨ ᠠᠵᠤ ᠠᠬᠤᠢᠯᠠᠯ ᠎ᠢᠶᠡᠷᠮᠠᠭᠠᠳᠯᠠᠨ ᠲᠣᠭ᠍ᠲᠠᠭᠠᠬᠤ ᠲᠤᠬᠠᠢ ᠲᠥᠷᠥ᠎ᠶ᠋ᠢᠨ ᠪᠣᠳᠣᠯᠭ᠎ᠠ᠎ᠶ᠋ᠢ ᠲᠤᠬᠠᠶ᠎ᠶ᠋ᠢᠨ ᠭᠠᠵᠠᠷ᠎ᠲᠤᠨᠢ ᠲᠠᠢᠯᠪᠤᠷᠢᠯᠠᠨᠥᠭ᠌ᠭᠦᠭ᠌ᠰᠡᠨ ᠪᠥᠭᠡᠳ ᠠᠵᠤ ᠠᠬᠤᠢᠯᠠᠯ᠎ᠤᠨ ᠠᠩᠬᠠᠷᠴᠤ᠌ ᠪᠠᠢᠭ᠎ᠠ ᠠᠰᠠᠭᠤᠳᠠᠯ᠎ᠢ ᠨᠢᠭᠡᠳ ᠨᠢᠭᠡ᠎ᠪᠡᠷ ᠬᠠᠷᠢᠭᠤᠯᠳᠠᠦᠭᠪᠡ᠃

2021 ᠣᠨ᠎ᠠᠴᠠ ᠨᠠᠭᠠᠰᠢ᠂ ᠨᠠᠮ᠎ᠤᠨ ᠲᠡᠦᠬᠡ ᠎ᠶ᠋ᠢᠨ ᠰᠤᠷᠤᠯᠴᠠᠯᠭ᠎ᠠ ᠬᠥᠮᠦᠵᠢᠯ ᠲᠡᠶ ᠤᠶᠠᠯᠳᠤᠭᠤᠯᠤᠨ᠂ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠡᠯ᠎ᠡ ᠦᠨᠳᠦᠰᠦᠨᠱᠠᠲᠤᠨ ᠎ᠤ ᠨᠠᠮ᠎ᠤᠨ ᠵᠣᠬᠢᠶᠠᠨ ᠪᠠᠢᠭᠤᠯᠤᠯᠲᠠ᠂ ᠲᠤᠱᠢᠶᠠᠯ ᠎ᠳᠤ ᠪᠠᠢᠭ᠎ᠠ ᠨᠠᠮ ᠎ᠤᠨ ᠭᠡᠱᠢᠭᠦᠨ ᠺᠠᠳ᠋ᠷᠴᠤᠳ᠎ᠤᠨ ᠠᠷᠠᠳ᠎ᠤᠨ ᠪᠠᠢᠳᠠᠯ ᠎ᠢ ᠦᠨᠡᠨ ᠬᠦ᠌ ᠣᠢᠯᠠᠭᠠᠨ᠂ ᠪᠣᠳᠠᠲᠤ ᠪᠠᠢᠳᠠᠯ᠎ᠢ ᠡᠵᠡᠮᠱᠢᠵᠦ᠂ ᠠᠰᠠᠭᠤᠳᠠᠯ᠎ᠢ ᠪᠦᠲᠦᠮᠵᠢᠲᠡᠶ᠎ᠱᠢᠶ᠋ᠳᠪᠦᠷᠢᠯᠡᠬᠦ᠌᠂ ᠠᠵᠢᠯ᠎ᠢᠶᠠᠨ ᠰᠠᠢᠵᠢᠷᠠᠭᠤᠯᠬᠤ ᠠᠷᠭ᠎ᠠᠬᠡᠮᠵᠢᠶ᠎ᠡ᠎ᠶ᠋ᠢ ᠳᠤᠷᠠᠳᠬᠤ᠎ᠶᠢ ᠠᠬᠢᠭᠤᠯᠪᠠ᠃

《ᠠᠵᠤ ᠠᠬᠤᠢᠯᠠᠯ᠎ᠨᠢ ᠱᠢᠨ᠎ᠡ ᠎ᠶ᠋ᠢ ᠡᠭᠦᠳᠬᠦ᠌ ᠭᠤᠤᠯ ᠴᠣᠭ᠍ᠴᠠ ᠪᠣᠯᠬᠤ᠎ᠪᠠᠷ ᠪᠠᠷᠠᠬᠤ ᠥᠬᠡᠶᠪᠠᠰᠠ ᠦᠷ᠎ᠡ ᠪᠦᠲᠦᠭᠡᠯ ᠎ᠢ ᠬᠡᠷᠡᠭ᠌ᠯᠡᠬᠦ᠌ ᠪᠠ ᠤᠨᠳᠤᠤᠰᠢᠭᠤᠯᠬᠤ ᠭᠤᠤᠯ ᠴᠣᠭ᠍ᠴᠠ ᠪᠣᠯᠤᠨ᠎ᠠ᠂ ᠪᠢᠳᠡᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠵᠣᠭ᠍ᠰᠣᠴᠠ ᠪᠣᠯ ᠳᠠᠷᠤᠶ ᠲᠠᠪᠴᠠᠩ ᠪᠠᠢᠭᠤᠯᠵᠤ᠂ ᠨᠠᠩᠣᠯᠠᠨ ᠠᠵᠤ ᠠᠬᠤᠢᠯᠠᠯ ᠎ᠳᠤ ᠦᠶ᠋ᠯᠡᠴᠢᠯᠡᠵᠦ᠍᠂ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ᠠᠵᠤ ᠠᠬᠤᠢᠯᠠᠯ ᠎ᠤᠨ ᠱᠢᠨ᠎ᠡ ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠭᠤᠤᠯᠴᠣᠭ᠍ᠴᠠ᠎ᠳᠤ ᠪᠣᠳᠠᠲᠤ ᠶᠠᠪᠤᠳᠠᠯ ᠬᠢᠬᠦ᠌ ᠶᠠᠪᠤᠳᠠᠯ ᠪᠣᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨᠲᠢᠩᠬᠢᠮ ᠎ᠦᠨ ᠨᠠᠮ ᠎ᠤᠨ ᠤᠳᠤᠷᠢᠳᠭᠤ ᠳᠤᠭᠤᠢᠯᠠᠩ᠎ᠤᠨ ᠱᠦᠵᠢ ᠹᠸᠩ ᠵᠢᠶᠠ ᠵᠢᠤᠢ ᠢᠯᠡᠷᠬᠡᠢᠯᠡᠨ᠎ᠡ᠃

ᠠᠷᠠᠳ᠎ᠤᠨ ᠪᠠᠢᠳᠠᠯ᠎ᠢ ᠦᠨᠡᠨ ᠬᠦ᠌ ᠪᠠᠢᠴᠠᠭᠠᠵᠤ᠂ ᠠᠷᠠᠳ ᠎ᠤᠨ ᠰᠠᠨᠠᠭ᠎ᠠ ᠎ᠶ᠋ᠢ ᠦᠨᠡᠨ ᠬᠦ᠌ ᠣᠢᠯᠠᠭᠠᠬᠤ᠎ᠶ᠋ᠢᠨ ᠲᠥᠯᠥᠭᠡ᠂ ᠥᠪᠡᠷᠲᠡᠭᠡᠨᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠲᠢᠩᠬᠢᠮ ᠱᠢᠨᠵᠢᠯᠡᠬᠦ᠌ ᠤᠬᠠᠭᠠᠨ ᠎ᠤᠰᠤᠳᠤᠯᠭᠠᠨ ᠎ᠤ ᠵᠠᠷᠤᠳᠠᠯ ᠎ᠢ ᠴᠠᠭ ᠲᠤᠬᠠᠶ᠎ᠳᠤᠨᠢ ᠪᠣᠳᠠᠲᠠᠢᠵᠢᠭᠤᠯᠬᠤ ᠲᠣᠭ᠍ᠲᠠᠴᠠ ᠪᠠᠢᠭᠤᠯᠬᠤ᠂ ᠱᠢᠨ᠎ᠡ᠎ᠶ᠋ᠢᠡᠭᠦᠳᠬᠦ᠌ ᠭᠤᠤᠯ ᠴᠣᠭ᠍ᠴᠠ᠎ᠳᠤ ᠲᠥᠷᠥ᠎ᠶ᠋ᠢᠨ ᠪᠣᠳᠣᠯᠭ᠎ᠠ ᠬᠦᠷᠭᠡᠬᠦ᠂ ᠠᠵᠤ ᠠᠬᠤᠢᠯᠠᠯ ᠎ᠤᠨ ᠱᠢᠨ᠎ᠡ ᠎ᠶ᠋ᠢ ᠡᠭᠦᠳᠬᠦ᠌᠎ᠳᠦ ᠦᠶ᠋ᠯᠡᠴᠢᠯᠡᠭᠡ ᠬᠠᠩᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨᠬᠠᠩᠭᠠᠯᠭ᠎ᠠ ᠬᠡᠷᠡᠭ᠌ᠴᠡᠭᠡ ᠎ᠶ᠋ᠢ ᠵᠣᠯᠭᠠᠭᠤᠯᠬᠤ ᠲᠠᠪᠴᠠᠩ ᠬᠠᠩᠭᠠᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌᠎ᠳᠦ ᠦᠷ᠎ᠡ ᠪᠦᠲᠦᠮᠵᠢ ᠭᠠᠷᠭᠠᠬᠤ᠂ ᠭᠠᠳᠠᠭᠠᠳᠤ᠎ᠶ᠋ᠢᠨ ᠲᠤᠰᠭᠠᠶᠮᠡᠷᠭᠡᠵᠢᠯᠲᠡᠨ ᠎ᠦ ᠬᠦᠴᠢᠷ ᠠᠰᠠᠭᠤᠳᠠᠯ ᠎ᠢ ᠱᠢᠶ᠋ᠳᠪᠦᠷᠢᠯᠡᠬᠦ᠂ ᠱᠢᠨᠵᠢᠯᠡᠬᠦ᠌ ᠤᠬᠠᠭᠠᠨ ᠎ᠤ ᠰᠤᠳᠤᠯᠭᠠᠨ ᠎ᠤᠵᠠᠯᠠᠭᠤ ᠴᠢᠳᠠᠪᠤᠷᠢᠲᠠᠨ ᠎ᠳᠤ ᠬᠠᠢᠷ᠎ᠠ ᠬᠠᠯᠠᠮᠵᠢ ᠬᠦᠷᠭᠡᠬᠦ᠂ ᠵᠠᠰᠠᠭ ᠵᠠᠬᠢᠷᠭᠠᠨ ᠎ᠤ ᠵᠥᠪᠱᠢᠶᠡᠷᠡᠯ᠎ᠦᠨᠭᠦᠶ᠋ᠴᠡᠳᠭᠡᠬᠦ᠌ ᠶᠠᠪᠤᠴᠠ ᠎ᠶ᠋ᠢ ᠳᠥᠭᠥᠮᠴᠢᠯᠡᠬᠦ᠌ ᠵᠡᠷᠭᠡ 8 ᠵᠦᠶ᠋ᠯ᠎ᠦᠨ ᠡᠭᠦᠷᠭᠡ ᠎ᠶ᠋ᠢᠨ ᠲᠤᠬᠠᠶ ᠪᠣᠳᠠᠲᠤ ᠶᠠᠪᠤᠳᠠᠯ᠎ᠤᠨ ᠨᠠᠷᠢᠨ ᠲᠠᠩᠰᠠ ᠬᠢᠵᠡᠢ᠃ ᠣᠳᠣᠬᠠᠨᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ19 ᠦᠨᠳᠦᠰᠦᠨ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ ᠨᠢᠭᠡᠨᠲᠡᠪᠣᠳᠠᠲᠠᠶ᠎ᠲᠠᠶ᠎ᠪᠠᠨ ᠤᠶᠠᠯᠳᠤᠭᠤᠯᠤᠨ ᠦᠶ᠋ᠯᠡᠴᠢᠯᠡᠬᠦ᠌ ᠡᠲᠡᠭᠡᠳ᠎ᠯᠦᠭᠡ ᠠᠳᠠᠯᠢ ᠪᠤᠰᠤ ᠭᠤᠤᠯ ᠰᠡᠳᠦᠪᠲᠦ ᠡᠯ᠎ᠡᠲᠥᠷᠥᠯ᠎ᠦᠨ ᠠᠵᠢᠯᠯᠠᠭ᠎ᠠ᠎ᠶ᠋ᠢ 100 ᠭᠠᠷᠤᠶ ᠤᠳᠠᠭ᠎ᠠᠥᠷᠨᠢᠭᠦᠯᠵᠦ᠍᠂ ᠡᠯ᠎ᠡ ᠲᠥᠷᠥᠯ ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠲᠥᠷᠥ ᠎ᠶ᠋ᠢᠨ ᠪᠣᠳᠣᠯᠭ᠎ᠠ᠎ᠶ᠋ᠢᠨ ᠬᠡᠷᠡᠭ᠌ᠯᠡᠯᠲᠡ᠂ ᠱᠢᠨ᠎ᠡ ᠎ᠶ᠋ᠢ ᠡᠭᠦᠳᠬᠦ᠌ ᠲᠦᠷᠢᠮ ᠎ᠦᠨ ᠬᠡᠷᠡᠭ᠌ᠯᠡᠯᠲᠡ᠎ᠶ᠋ᠢᠨ ᠲᠣᠭᠣᠷᠢᠨ᠎ᠳᠤ 16 ᠤᠳᠠᠭ᠎ᠠ ᠪᠠᠢᠴᠠᠭᠠᠨ ᠰᠤᠳᠤᠯᠤᠯᠲᠠ ᠥᠷᠨᠢᠭᠦᠯᠵᠦ᠍᠂ ᠠᠵᠢᠯ ᠎ᠤᠨ ᠦᠶ᠋ᠯᠡᠴᠢᠯᠡᠬᠦ᠌ᠡᠲᠡᠭᠡᠳ᠎ᠡᠴᠡ 40 ᠭᠠᠷᠤᠶ ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ ᠲᠥᠷᠥ ᠎ᠶ᠋ᠢᠨᠪᠣᠳᠣᠯᠭ᠎ᠠ ᠎ᠶ᠋ᠢᠨ ᠲᠠᠢᠯᠤᠮᠵᠢ᠂ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌᠂ ᠲᠤᠬᠠᠢᠯᠠᠭ᠍ᠰᠠᠨ ᠠᠵᠢᠯ ᠎ᠢᠶᠠᠷᠬᠠᠪᠰᠤᠷᠤᠨ ᠲᠡᠳᠬᠦᠬᠦ᠌ ᠵᠡᠷᠭᠡ ᠡᠯ᠎ᠡ ᠲᠥᠷᠥᠯ ᠎ᠦᠨ ᠪᠣᠳᠠᠲᠠᠶ ᠠᠰᠠᠭᠤᠳᠠᠯ᠎ᠢ 50 ᠱᠢᠬᠠᠮ ᠱᠢᠶ᠋ᠳᠪᠦᠷᠢᠯᠡᠪᠡ᠃

ᠥᠪᠡᠷᠲᠡᠭᠡᠨᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ ᠵᠣᠬᠢᠶᠠᠨ ᠪᠠᠢᠭᠤᠯᠬᠤ ᠬᠡᠯᠲᠡᠰ ᠎ᠦᠨ 《ᠲᠦᠮᠡᠨ ᠲᠤᠰᠭᠠᠶ ᠮᠡᠷᠭᠡᠵᠢᠯᠲᠡᠨ ᠦᠨᠳᠦᠰᠦᠨ ᠱᠠᠲᠤᠨ ᠎ᠳᠤ ᠦᠶ᠋ᠯᠡᠴᠢᠯᠡᠬᠦ᠌》 ᠠᠵᠢᠯᠯᠠᠭ᠎ᠠ ᠎ᠶ᠋ᠢᠨ ᠲᠣᠬᠢᠷᠠᠭᠤᠯᠤᠯᠲᠠ ᠎ᠶ᠋ᠢ ᠦᠨᠳᠦᠰᠦᠯᠡᠨ᠂《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠲᠠᠶ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠎ᠤ ᠱᠢᠨᠵᠢᠯᠡᠬᠦ᠌ ᠤᠬᠠᠭᠠᠨᠲᠧᠭᠨᠢᠭ ᠮᠡᠷᠭᠡᠵᠢᠯ᠎ᠦᠨ ᠲᠢᠩᠬᠢᠮ᠎ᠡᠴᠡ《ᠲᠦᠮᠡᠨ ᠲᠤᠰᠭᠠᠶ ᠮᠡᠷᠭᠡᠵᠢᠯᠲᠡᠨ ᠦᠨᠳᠦᠰᠦᠨ ᠱᠠᠲᠤᠨ ᠎ᠳᠤ ᠦᠶ᠋ᠯᠡᠴᠢᠯᠡᠬᠦ᠌ ᠠᠵᠢᠯᠯᠠᠭ᠎ᠠ ᠎ᠶ᠋ᠢᠨᠲᠥᠰᠦᠯ》᠎ᠢ᠋ᠲᠣᠭ᠍ᠲᠠᠭᠠᠵᠤ᠂ ᠬᠡᠷᠡᠭ᠌ᠴᠡᠭᠡ ᠱᠠᠭᠠᠷᠳᠠᠯᠭ᠎ᠠ ᠪᠦᠬᠦᠢ ᠨᠢᠭᠡᠴᠢ᠂ ᠲᠤᠰᠭᠠᠶ ᠮᠡᠷᠭᠡᠵᠢᠯᠲᠡᠨ ᠪᠠ ᠴᠢᠳᠠᠪᠤᠷᠢᠲᠠᠨ᠎ᠤ ᠨᠢᠭᠡᠴᠢ ᠯᠤᠭᠡ ᠨᠡᠪᠲᠡᠷᠡᠯᠴᠡᠬᠦ᠌ ᠲᠣᠭ᠍ᠲᠠᠴᠠ ᠎ᠶ᠋ᠢ ᠪᠠᠢᠭᠤᠯᠤᠨ᠂ ᠬᠡᠷᠡᠭ᠌ᠴᠡᠭᠡ ᠱᠠᠭᠠᠷᠳᠠᠯᠭ᠎ᠠ᠎ᠪᠠᠷ᠎ᠤᠳᠤᠷᠢᠳᠤᠮᠵᠢ᠎ᠪᠣᠯᠭᠠᠵᠤ᠎ᠠᠵᠤ ᠠᠬᠤᠢᠯᠠᠯ᠎ᠯᠤᠭ᠎ᠠ ᠬᠠᠩᠭᠠᠯᠭ᠎ᠠ ᠬᠡᠷᠡᠭ᠌ᠴᠡᠭᠡ᠎ᠶ᠋ᠢ ᠣᠨᠣᠪᠴᠢᠲᠠᠶ ᠵᠣᠯᠭᠠᠭᠤᠯᠪᠠ᠃ ᠡᠬᠦᠨ ᠎ᠳᠤ ᠥᠪᠡᠷᠲᠡᠭᠡᠨ ᠵᠠᠰᠠᠬᠤᠣᠷᠣᠨ ᠎ᠤ 9 ᠱᠢᠨᠵᠢᠯᠡᠬᠦ᠌ ᠤᠬᠠᠭᠠᠨ᠎ᠤ ᠰᠤᠳᠤᠯᠭᠠᠨ ᠎ᠤ ᠬᠦᠷᠢᠶᠡᠯᠡᠩ ᠭᠠᠵᠠᠷ ᠎ᠤᠨ 17 ᠡᠯ᠎ᠡ ᠬᠦᠷᠢᠶ᠎ᠡ ᠴᠠᠷᠠᠭᠠᠨ᠎ᠤ ᠲᠤᠰᠭᠠᠶᠮᠡᠷᠭᠡᠵᠢᠯᠲᠡᠨ ᠮᠡᠳᠡᠭᠡ ᠵᠠᠩᠭᠢ ᠎ᠶ᠋ᠢᠨ ᠮᠡᠷᠭᠡᠵᠢᠯ᠂ ᠪᠣᠬᠢᠷ ᠤᠰᠤ ᠎ᠶ᠋ᠢ ᠱᠢᠶ᠋ᠳᠪᠦᠷᠢᠯᠡᠬᠦ᠌᠂ ᠬᠢᠲᠠᠳ ᠡᠮ᠎ᠦᠨ ᠮᠠᠲ᠋ᠧᠷᠢᠶᠠᠯ ᠳᠠᠷᠢᠬᠤ ᠵᠡᠷᠭᠡ 8 ᠬᠦᠷᠢᠶ᠎ᠡ ᠴᠠᠷᠠᠭᠠᠨ᠎ᠤ 12 ᠵᠦᠶ᠋ᠯ᠎ᠦᠨ ᠦᠶ᠋ᠯᠡᠴᠢᠯᠡᠭᠡᠨ ᠎ᠦ ᠲᠥᠷᠥᠯ ᠵᠦᠶ᠋ᠯ ᠎ᠢ ᠰᠣᠩᠭᠣᠨ ᠠᠪᠴᠠᠶ᠃

ᠱᠢᠨᠵᠢᠯᠡᠬᠦ᠌ᠤᠬᠠᠭᠠᠨ ᠲᠧᠭᠨᠢᠭ ᠮᠡᠷᠭᠡᠵᠢᠯ ᠎ᠦᠨ ᠬᠦᠷᠢᠶ᠎ᠠ ᠴᠠᠷᠠᠭᠠᠨ ᠎ᠦ ᠬᠠᠮᠢᠶ᠎ᠠ ᠪᠥᠬᠥᠶ ᠲᠤᠰᠭᠠᠶ ᠮᠡᠷᠭᠡᠵᠢᠯᠲᠡᠨ ᠮᠠᠯᠵᠢᠬᠤᠲᠠᠷᠢᠶᠠᠯᠠᠬᠤ ᠣᠷᠣᠨ᠂ ᠦᠶ᠋ᠯᠡᠳᠪᠦᠷᠢ ᠠᠭᠤᠷᠬᠠᠶ᠎ᠶ᠋ᠢᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂ ᠤᠯᠠᠨ ᠬᠡᠯᠪᠡᠷᠢᠮᠠᠶᠢ᠍ᠭ ᠤ᠋ᠨ ᠦᠢᠯᠡᠴᠢᠯᠡᠬᠡ ᠬᠠᠩᠭᠠᠵᠦ᠂ ᠬᠥᠲᠥᠯᠥᠨ ᠳᠠᠭᠠᠭᠤᠯᠵᠤ ᠳᠠᠢᠴᠢᠯᠠᠬᠤ ᠦᠢᠯᠡᠳᠦᠯ ᠪᠠ ᠲᠤᠰᠭᠠᠶ ᠮᠡᠷᠭᠡᠵᠢᠯ᠎ᠦᠨᠳᠠᠪᠠᠭᠤᠯᠢᠭ᠎ᠢᠶᠡᠨ ᠪᠠᠳᠠᠷᠠᠭᠤᠯᠤᠨ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠭᠣᠮᠢ᠎ᠶ᠋ᠢ ᠱᠢᠶ᠋ᠳᠪᠦᠷᠢᠯᠡᠪᠡ᠃ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠎ᠦᠨ ᠥᠷᠨᠢᠭᠦᠯᠦᠭ᠌ᠰᠡᠨᠡᠯ᠎ᠡ ᠵᠦᠢᠯ᠎ᠤᠨ ᠠᠵᠢᠯ ᠨᠢ 《ᠪᠢ ᠣᠯᠠᠨ ᠲᠦᠮᠡᠨ ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ ᠎ᠶ᠋ᠢᠨ ᠠᠵᠢᠯᠯᠠᠭ᠎ᠠ᠎ᠶᠢᠨ ᠪᠣᠳᠠᠲᠤ ᠦᠷ᠎ᠡ ᠪᠦᠲᠦᠮᠵᠢᠤᠯᠬᠤ ᠎ᠶᠢ ᠠᠬᠢᠭᠤᠯᠤᠬᠰᠠᠨ ᠎ᠢᠶᠡᠷ ᠪᠠᠷᠠᠬᠤ ᠪᠠᠰᠠ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠠᠮᠢ ᠠᠬᠤᠶ ᠎ᠶ᠋ᠢᠨᠣᠷᠴᠢᠨ ᠲᠣᠭᠣᠷᠢᠨ ᠎ᠢ ᠪᠤᠶ ᠪᠣᠯᠭᠠᠭ᠍ᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面