ᠲᠡᠷᠢᠭᠦᠨ ᠨᠢᠭᠤᠷ>ᠨᠠᠮ᠎ᠤᠨ ᠪᠠᠢᠭᠤᠯᠤᠯᠲᠠ> ᠨᠠᠮ᠎ᠤ᠋ᠨ ᠲᠡᠦᠬᠡ᠎ᠶ᠋ᠢᠨ ᠮᠡᠳᠡᠯᠭᠡ

2022-05-10 11:01:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨᠡᠪᠯᠡᠯ ᠪᠠᠢᠭᠤᠯᠤᠭ᠍ᠳᠠᠭ᠍ᠰᠠᠨ 100 ᠵᠢᠯ᠎ᠦᠨ ᠤᠢ ᠪᠣᠯᠤᠨ᠎ᠠ᠃

ᠵᠠᠭᠤᠨᠵᠢᠯ᠎ᠢ ᠡᠷᠭᠢᠴᠡᠭᠦᠯᠬᠦᠶ᠎ᠡ᠂ ᠡᠪ ᠬᠠᠮᠳᠤ ᠵᠠᠯᠠᠭᠤᠴᠤᠳ᠎ᠤᠨ ᠡᠪᠯᠡᠯ ᠡᠷᠡᠰ ᠭᠤᠢᠪᠢᠰᠢ ᠦᠭᠡᠢ ᠪᠡᠷ ᠨᠠᠮ᠎ᠢ ᠲᠠᠭᠠᠵᠤ᠂ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠬᠡᠰᠢᠬᠦᠨ ᠪᠠ ᠦᠷᠭᠡᠨ ᠤᠯᠠᠨ ᠵᠠᠯᠠᠭᠤᠴᠤᠳ ᠲᠠᠢ ᠪᠦᠯᠬᠦᠮᠳᠡᠨ᠂ ᠲᠡᠳᠡᠨ᠎ᠢᠲᠠᠭᠠᠭᠤᠯᠵᠤ᠂ ᠡᠷᠡᠨ ᠵᠠᠭᠤᠨ᠎ᠤ ᠰᠠᠯᠬᠢ ᠪᠣᠷᠣᠭᠠᠨ᠎ᠢ ᠲᠤᠭᠤᠯᠵᠤ᠂ ᠴᠤᠴᠠᠯᠳᠠ ᠦᠭᠡᠢ ᠲᠡᠮᠡᠴᠡᠵᠦ᠂ ᠮᠠᠨ᠎ᠤ ᠤᠯᠤᠰ᠎ᠤᠨᠬᠤᠪᠢᠰᠬᠠᠯ᠂ ᠪᠦᠲᠦᠭᠡᠨ ᠪᠠᠢᠭᠤᠯᠤᠯᠲᠠ᠂ ᠦᠭᠡᠷᠡᠴᠢᠯᠡᠯᠲᠡ ᠬᠦᠭᠵᠢᠯᠲᠡ ᠳ᠋ᠦ ᠵᠠᠯᠠᠭᠤ ᠨᠠᠰᠤᠨ᠎ᠤ ᠲᠡᠮᠡᠴᠡᠯ᠎ᠦᠨᠤᠯᠠ ᠮᠥᠷ᠎ᠢ ᠦᠯᠡᠳᠡᠭᠡᠵᠦ ᠪᠢᠯᠡ᠃

ᠡᠪᠯᠡᠯ᠎ᠤᠨ100 ᠵᠢᠯ᠎ᠤᠨ ᠲᠡᠦᠭᠡ ᠵᠢ ᠡᠷᠬᠢᠴᠡᠬᠦᠯᠵᠦ᠂ ᠤᠷᠤᠭᠰᠢᠯᠠᠨᠲᠠᠪᠰᠢᠬᠤ ᠡᠷᠴᠢ ᠵᠤᠷᠢᠭ ᠵᠢᠡᠨ ᠬᠦᠪᠴᠢᠯᠡᠵᠦ᠂ ᠰᠢᠨ᠎ᠡ ᠠᠶᠠᠨ ᠳ᠋ᠠᠭᠠᠨ ᠡᠷᠡᠮᠡᠭᠡᠢᠯᠡᠨ ᠤᠷᠤᠭᠰᠢᠯᠠᠶ᠎ᠠ!



1.png

2.png


ᠡᠪ ᠬᠠᠮᠳᠤ ᠵᠠᠯᠠᠭᠤᠴᠤᠳ᠎ᠤᠨ ᠡᠪᠯᠡᠯ᠎ᠪᠠᠢᠭᠤᠯᠤᠭᠳᠠᠭᠰᠠᠨ ᠪᠠ ᠬᠦᠭᠵᠢᠨ ᠪᠤᠵᠠᠭᠠᠢᠷᠠᠭᠰᠠᠨ ᠨᠢ᠄

ᠰᠢᠨ᠎ᠡ ᠠᠷᠠᠳᠴᠢᠯᠠᠬᠰᠠᠨ ᠬᠤᠪᠢᠰᠬᠠᠯ᠎ᠤᠨ ᠱᠠᠲᠤ ᠦᠶ᠎ᠡ

1917 ᠣᠨ᠄《ᠠᠷᠪᠠᠨ ᠰᠠᠷ᠎ᠠ᠎ᠶ᠋ᠢᠨ ᠬᠤᠪᠢᠰᠭᠠᠯ》ᠡᠬᠦᠰᠴᠦ᠂ ᠮᠠᠷᠺᠰ᠎ᠤᠨ ᠦᠵᠡᠯ ᠳᠤᠮᠳᠠᠳᠤ ᠤᠯᠤᠰ᠎ᠲᠤ ᠤᠯᠠᠮᠵᠢᠯᠠᠭ᠍ᠳᠠᠨ᠂ ᠲᠤᠮᠳᠠᠳᠤ ᠤᠯᠤᠰ᠎ᠤᠨ ᠵᠠᠯᠠᠭᠤᠴᠤᠳ ᠴᠠᠭ ᠦᠶ᠎ᠡ᠎ᠶ᠋ᠢᠨ ᠲᠡᠮᠡᠴᠡᠯ᠎ᠦᠨ ᠡᠮᠦᠨ᠎ᠡ ᠡᠩᠨᠡᠭᠡᠨ᠎ᠳᠦ ᠵᠣᠭ᠍ᠰᠣᠪᠠ᠃

1919 ᠣᠨ᠄ ᠵᠠᠯᠠᠭᠤ ᠰᠤᠷᠤᠭ᠍ᠴᠢᠳ᠎ᠢᠶᠠᠷ ᠭᠣᠣᠯ ᠪᠣᠯᠭᠠᠭ᠍ᠰᠠᠨ ᠤᠯᠤᠰ᠎ᠢᠶᠠᠨ ᠬᠠᠢᠷᠠᠯᠠᠬᠤ ᠬᠥᠳᠡᠯᠭᠡᠭᠡᠨ ᠡᠭᠦᠰᠴᠤ᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠵᠤ᠂ ᠢᠯᠠᠩᠭᠤᠶ᠎ᠠ ᠡᠪ ᠬᠠᠮᠲᠤ᠎ᠶ᠋ᠢᠨ ᠢᠨᠲ᠋ᠧᠷᠨᠠᠼᠢᠣᠨᠠᠯ᠎ᠤᠨ ᠠᠩᠬᠠᠷᠤᠯ᠎ᠢ ᠲᠠᠲᠠᠪᠠ᠃

1920 ᠣᠨ᠄ ᠳᠤᠮᠳᠠᠳᠤ ᠤᠯᠤᠰ᠎ᠤᠨ ᠡᠪ ᠬᠠᠮᠲᠤ ᠨᠠᠮ ᠱᠠᠩᠬᠠᠢ᠎ᠳᠤ ᠨᠡᠢᠭᠡᠮ ᠵᠢᠷᠤᠮᠳᠦ ᠵᠠᠯᠠᠭᠤᠴᠤᠳ᠎ᠤᠨ ᠡᠪᠯᠡᠯ᠎ᠢ ᠵᠣᠬᠢᠶᠠᠨ ᠪᠠᠢᠭᠤᠯᠪᠠ᠃ ᠡᠭᠦᠨ᠎ᠡᠴᠡ ᠰᠡᠭᠦᠯᠡᠷ᠂ ᠪᠡᠭᠡᠵᠢᠩ᠂ ᠦᠬᠠᠨ᠂ ᠭᠤᠸᠠᠩᠵᠧᠦ᠂ ᠴᠠᠩᠱᠠ ᠵᠡᠷᠭᠡ ᠭᠠᠵᠠᠷ᠎ᠤᠨ ᠬᠤᠪᠢᠰᠭᠠᠯᠲᠤ ᠵᠠᠯᠠᠭᠤᠴᠤᠳ ᠲᠤᠬᠠᠶ᠎ᠶ᠋ᠢᠨ ᠭᠠᠵᠠᠷ ᠲᠸ᠋ ᠪᠠᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠦᠨ ᠠᠩᠬᠠᠨ᠎ᠤ ᠦᠶ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠠᠶ᠃


3.png



1922 ᠣᠨ᠄ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ ᠭᠤᠸᠠᠩᠵᠧᠦ᠍᠎ᠳᠦ ᠠᠩᠬᠠᠳᠤᠭᠠᠷ ᠤᠳᠠᠭᠠᠨ᠎ᠤ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ᠂ ᠡᠪᠯᠡᠯ᠎ᠦᠨ《ᠬᠦᠳᠦᠯᠪᠦᠷᠢ》ᠪᠠ 《ᠲᠦᠷᠢᠮ》 ᠢ᠋ ᠪᠠᠳᠤᠯᠠᠵᠠᠢ᠃

1923 ᠣᠨ᠄ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ ᠬᠣᠶᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ᠂ 10 ᠰᠠᠷ᠎ᠠ᠎ᠳᠤᠨᠢ ᠪᠠᠢᠭᠤᠯᠭ᠎ᠠ᠎ᠶ᠋ᠢᠨ ᠰᠡᠳᠬᠦᠯ《ᠳᠤᠮᠳᠠᠳᠤ ᠤᠯᠤᠰ᠎ᠤᠨ ᠵᠠᠯᠠᠭᠤᠴᠤᠳ》 ᠭᠠᠷᠠᠭ᠎ᠤᠨ ᠰᠡᠳᠬᠦᠯ᠎ᠢ ᠡᠭᠦᠳᠦᠨ ᠡᠷᠭᠢᠯᠡᠪᠡ᠃

1925 ᠣᠨ᠄ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ ᠱᠠᠩᠬᠠᠶ᠎ᠳᠤ ᠭᠤᠷᠪᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ᠂ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠢ《ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ》ᠭᠡᠵᠦ᠍ ᠬᠠᠯᠠᠬᠤ᠎ᠪᠠᠷ ᠲᠣᠭ᠍ᠲᠠᠪᠠ᠃

1928 ᠣᠨ᠄ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠮᠣᠰᠺᠸᠠ᠎ᠳᠤ ᠲᠠᠪᠤᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠦᠨᠳᠦᠰᠦᠨ ᠡᠭᠦᠷᠭᠡ ᠪᠣᠯ ᠨᠡᠩ ᠥᠷᠭᠡᠨ ᠤᠯᠠᠨ ᠬᠥᠳᠡᠯᠮᠦᠷᠢᠴᠢᠨ ᠵᠠᠯᠠᠭᠤᠴᠤᠳ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ᠎ᠳᠤ ᠪᠦᠯᠬᠦᠮᠳᠡᠭᠦᠯᠦᠨ ᠲᠠᠢ᠌ᠴᠢᠯᠠᠵᠤ᠂ ᠠᠵᠢᠯᠴᠢᠨ ᠲᠠᠷᠢᠶᠠᠴᠢᠨ᠎ᠤ ᠬᠤᠪᠢᠰᠭᠠᠯᠲᠤ ᠲᠡᠮᠡᠴᠡᠯ᠎ᠳᠦ ᠣᠷᠣᠯᠴᠠᠭᠤᠯᠵᠤ᠂ ᠭᠣᠮᠢᠨᠳᠠᠩ᠎ᠤᠨ ᠵᠠᠰᠠᠭ᠎ᠤᠨ ᠣᠷᠳᠣᠨ᠎ᠢ ᠨᠤᠷᠠᠭᠠᠬᠤ᠂ ᠠᠵᠢᠯᠴᠢᠨ ᠲᠠᠷᠢᠶᠠᠴᠢᠨ᠎ᠤ ᠠᠷᠠᠳᠴᠢᠯᠠᠭ᠍ᠰᠠᠨ ᠵᠠᠰᠠᠭ᠎ᠢ ᠪᠠᠢᠭᠤᠯᠬᠤ᠎ᠶ᠋ᠢᠨ ᠲᠥᠯᠥᠭᠡ ᠲᠡᠮᠡᠴᠡᠬᠦᠯᠬᠦ ᠶᠠᠪᠤᠳᠠᠯ ᠪᠣᠯᠤᠨ᠎ᠠ ᠭᠡᠵᠦ ᠲᠤᠳᠤᠷᠬᠠᠢᠯᠠᠪᠠ᠃

1935 ᠣᠨ᠄ ᠪᠸᠢ᠌ᠫᠢᠡᠭ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ ᠪᠸᠢ᠌ᠫᠢᠡᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠲᠠᠶ ᠬᠠᠮᠵᠢᠯᠴᠠᠨ ᠪᠸᠢ᠌ᠫᠢᠡᠭ᠎ᠤᠨ ᠰᠤᠷᠤᠭ᠍ᠴᠢᠳ᠎ᠤᠨ ᠬᠣᠯᠪᠣᠭ᠎ᠠ᠎ᠪᠠᠷ ᠳᠠᠮᠵᠢᠭᠤᠯᠤᠨ《12.9》ᠬᠥᠳᠡᠯᠭᠡᠭᠡᠨ᠎ᠢ ᠠᠮᠵᠢᠯᠲᠠ ᠲᠠᠶ ᠥᠷᠨᠢᠭᠦᠯᠪᠡ᠃



4.png


1936 ᠣᠨ᠄ ᠨᠠᠮ᠎ᠠᠴᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢ ᠦᠨᠳᠦᠰᠦᠲᠡᠨ᠎ᠦ ᠴᠢᠯᠥᠭᠡᠯᠡᠯᠲᠡ᠎ᠶ᠋ᠢᠨ ᠴᠢᠨᠠᠷᠲᠠᠶ ᠶᠠᠫᠣᠨ᠎ᠢ ᠡᠰᠡᠷᠭᠦᠴᠡᠨ ᠤᠯᠤᠰ᠎ᠢᠶᠠᠨ ᠠᠪᠤᠷᠠᠬᠤ ᠵᠠᠯᠠᠭᠤᠴᠤᠳ᠎ᠤᠨ ᠪᠦᠯᠬᠦᠮ ᠪᠣᠯᠭᠠᠨ ᠥᠭᠡᠷᠡᠴᠢᠯᠡᠬᠦ᠌᠎ᠪᠡᠷ ᠲᠣᠭ᠍ᠲᠠᠪᠠ᠃

1946 ᠣᠨ᠄《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠠ ᠵᠢᠨ ᠠᠷᠠᠳᠴᠢᠯᠠᠭ᠍ᠰᠠᠨ ᠵᠠᠯᠠᠭᠤᠴᠤᠳ᠎ᠤᠨ ᠡᠪᠯᠡᠯ᠎ᠢ ᠪᠠᠢᠭᠤᠯᠬᠤ》ᠲᠤᠷᠠᠳᠤᠯᠭ᠎ᠠ ᠵᠢ ᠲᠤᠭᠤᠷᠪᠢᠨ ᠲᠤᠭᠳᠠᠭᠠᠵᠤ᠂ ᠪᠦᠬᠦ᠌ ᠤᠯᠤᠰ᠎ᠤᠨ ᠴᠢᠨᠠᠷᠳᠠᠢ ᠵᠠᠯᠠᠭᠤᠴᠤᠳ᠎ᠤᠨ ᠡᠪᠯᠡᠯ᠎ᠦᠨ ᠨᠢᠭᠡᠳᠦᠯᠲᠡᠶ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ᠎ᠪᠠᠷ ᠲᠣᠭ᠍ᠲᠠᠪᠠ᠃

1948 ᠣᠨ᠄ ᠰᠢᠨ᠎ᠡ ᠠᠷᠠᠳᠴᠢᠯᠠᠬᠰᠠᠨ ᠶᠤᠰᠤᠨ᠎ᠤ ᠵᠠᠯᠠᠭᠤᠴᠤᠳ᠎ᠤᠨ ᠡᠪᠯᠡᠯ᠎ᠤᠨ ᠠᠩᠬᠠᠳᠤᠭᠠᠷ ᠤᠳᠠᠭᠠᠨ᠎ᠤ ᠪᠦᠬᠦ ᠤᠯᠤᠰ᠎ᠤᠨ ᠲᠦᠯᠦᠭᠡᠯᠡᠭᠴᠢᠳ᠎ᠤᠨ ᠶᠡᠬᠡ ᠬᠤᠷᠠᠯ ᠰᠠᠶᠢᠬᠠᠨ ᠴᠢᠯᠦᠭᠡᠯᠡᠭᠳᠡᠭᠰᠡᠨ ᠪᠸᠢ᠌ᠫᠢᠡᠭ ᠳ᠋ᠦ ᠦᠪᠡᠳᠡᠭᠰᠢ ᠶᠡᠭᠡ ᠪᠡᠷ ᠬᠤᠷᠠᠯᠳᠤᠪᠠ᠃ 9 ᠰᠠᠷ᠎ᠠ ᠳ᠋ᠦ ᠲᠦᠪ᠎ᠤᠨ ᠡᠪᠯᠡᠯ᠎ᠤᠨ ᠰᠤᠷᠭᠠᠭᠤᠯᠢ ᠪᠠᠢᠭᠤᠯᠤᠬᠳᠠᠵᠠᠢ᠃

1949 ᠣᠨ᠄ 1 ᠰᠠᠷ᠎ᠠ ᠳ᠋ᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ《ᠳᠤᠮᠳᠠᠳᠤ ᠤᠯᠤᠰ᠎ᠤᠨ ᠱᠢᠨ᠎ᠡ ᠠᠷᠠᠳᠴᠢᠯᠠᠭ᠍ᠰᠠᠨ ᠶᠣᠰᠣᠨ᠎ᠤ ᠵᠠᠯᠠᠭᠤᠴᠤᠳ᠎ᠤᠨ ᠡᠪᠯᠡᠯ᠎ᠢ ᠪᠠᠢᠭᠤᠯᠬᠤ ᠲᠤᠬᠠᠶ ᠱᠢᠶ᠋ᠳᠪᠦᠷᠢ》ᠶ᠋ᠢ ᠠᠯᠪᠠᠨ ᠶᠣᠰᠣᠭᠠᠷ ᠨᠡᠢᠲᠡᠯᠡᠵᠦ᠍᠂ ᠪᠦᠬᠦ᠌ ᠤᠯᠤᠰ᠎ᠲᠤ ᠵᠠᠯᠠᠭᠤᠴᠤᠳ᠎ᠤᠨ ᠡᠪᠯᠡᠯ᠎ᠢ ᠨᠡᠢᠳᠡᠮ ᠳᠠᠬᠢᠨ ᠪᠠᠢᠭᠤᠯᠬᠤ ᠠᠵᠢᠯ᠎ᠢ ᠡᠬᠢᠯᠡᠭᠦᠯᠦᠭ᠌ᠰᠡᠨ ᠪᠠᠢᠨ᠎ᠠ᠃

4 ᠰᠠᠷ᠎ᠠ᠎ᠳᠤ᠂ ᠳᠤᠮᠳᠠᠳᠤ ᠤᠯᠤᠰ᠎ᠤᠨ ᠱᠢᠨ᠎ᠡ ᠠᠷᠠᠳᠴᠢᠯᠠᠭ᠍ᠰᠠᠨ ᠶᠣᠰᠣᠨ᠎ᠤ ᠵᠠᠯᠠᠭᠤᠴᠤᠳ᠎ᠤᠨ ᠡᠪᠯᠡᠯ᠎ᠦᠨ ᠠᠩᠬᠠᠳᠤᠭᠠᠷ ᠤᠳᠠᠭᠠᠨ᠎ᠤ ᠪᠦ᠍ᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠸᠢ᠌ᠫᠢᠡᠭ᠌ ᠳ᠋ᠤ ᠬᠤᠷᠠᠯᠳᠤᠪᠠ᠃


5.png


ᠱᠢᠨ᠎ᠡ ᠠᠷᠠᠳᠴᠢᠯᠠᠭ᠍ᠰᠠᠨ ᠶᠣᠰᠣᠨ᠎ᠠᠴᠠ ᠨᠡᠢᠭᠡᠮ ᠵᠢᠷᠤᠮ ᠪᠠ ᠨᠡᠢᠭᠡᠮ ᠵᠢᠷᠤᠮᠲᠤ ᠪᠦᠳᠦᠭᠡᠨ ᠪᠠᠢᠭᠤᠯᠤᠯᠲᠠ᠎ᠶ᠋ᠢᠨ ᠱᠠᠲᠤᠨ᠎ᠳᠤ ᠱᠢᠯᠵᠢᠭᠰᠡᠨ ᠨᠢ᠄

1953 ᠣᠨ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠨ᠎ᠡ ᠠᠷᠠᠳᠴᠢᠯᠠᠭ᠍ᠰᠠᠨ ᠶᠣᠰᠣᠨ᠎ᠤ ᠵᠠᠯᠠᠭᠤᠴᠤᠳ᠎ᠤᠨ ᠡᠪᠯᠡᠯ ᠪᠡᠭᠡᠵᠢᠩ᠎ᠳᠦ ᠬᠣᠶᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠪᠠ᠂ ᠡᠨᠡ ᠦᠶ᠎ᠡ ᠪᠣᠯᠬᠤ᠎ᠳᠤ ᠪᠦᠬᠦ᠌ ᠤᠯᠤᠰ᠎ᠤᠨ ᠡᠪᠯᠡᠯ᠎ᠦᠨ ᠭᠡᠱᠢᠭᠦᠨ᠎ᠦ ᠲᠣᠭ᠎ᠠ 900 ᠲᠦᠮᠡ᠎ᠳᠦ ᠬᠦᠷᠴᠡᠶ᠃

1955 ᠣᠨ᠄ ᠪᠦᠬᠦ᠌ ᠤᠯᠤᠰ᠎ᠤᠨ ᠵᠠᠯᠠᠭᠤᠴᠤᠳ᠎ᠤᠨ ᠨᠡᠢᠭᠡᠮ ᠵᠢᠷᠤᠮᠳᠦ ᠪᠦᠳᠦᠭᠡᠨ ᠪᠠᠢᠭᠤᠯᠤᠯᠲᠠ᠎ᠶ᠋ᠢᠨ ᠢᠳᠡᠪᠬᠢᠲᠡᠨ᠎ᠦ ᠶᠡᠬᠡ ᠬᠤᠷᠠᠯ ᠎ᠢ ᠬᠤᠷᠠᠯᠳᠤᠭᠤᠯᠪᠠ᠃

1957 ᠣᠨ᠄ ᠳᠤᠮᠳᠠᠳᠤ ᠤᠯᠤᠰ᠎ᠤᠨ ᠱᠢᠨ᠎ᠡ ᠠᠷᠠᠳᠴᠢᠯᠠᠭ᠍ᠰᠠᠨ ᠶᠣᠰᠣᠨ᠎ᠤ ᠵᠠᠯᠠᠭᠤᠴᠤᠳ᠎ᠤᠨ ᠡᠪᠯᠡᠯ ᠭᠤᠷᠪᠠᠳᠤᠭᠠᠷ ᠤᠳᠠᠭᠠᠨ᠎ᠤ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ᠂ ᠡᠪᠯᠡᠯ᠎ᠦᠨ ᠨᠡᠷ᠎ᠡ᠎ᠶ᠋ᠢ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠭᠡᠵᠦ᠍ ᠥᠭᠡᠷᠡᠴᠢᠯᠡᠬᠦ᠌᠎ᠪᠡᠷ ᠲᠣᠭ᠍ᠲᠠᠪᠠ᠃

1963ᠣᠨ᠄ ᠯᠸᠢ ᠹᠸᠩ᠎ᠡᠴᠡ ᠰᠤᠷᠤᠯᠴᠠᠬᠤ ᠬᠠᠯᠠᠭᠤᠨ ᠥᠷᠨᠢᠯᠲᠡ ᠥᠷᠨᠢᠵᠦ᠍᠂ ᠤᠳᠤ ᠦᠶ᠎ᠡ᠎ᠶ᠋ᠢᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠡᠦᠬᠡᠨ ᠳᠡᠭᠡᠷᠡᠬᠢ ᠦᠷᠭᠦᠯᠵᠢᠯᠡᠭ᠌ᠰᠡᠨ ᠴᠠᠭ᠎ᠢᠶᠠᠷ ᠬᠠᠮᠤᠭ᠎ᠤᠨ ᠤᠷᠳᠤ᠂ ᠬᠠᠮᠤᠷᠬᠤ ᠬᠡᠪᠴᠢᠶ᠎ᠡ᠎ᠪᠡᠷ ᠬᠠᠮᠤᠭ᠎ᠤᠨ ᠥᠷᠭᠡᠨ᠂ ᠨᠥᠯᠥᠭᠡ᠎ᠪᠡᠷ ᠬᠠᠮᠤᠭ᠎ᠤᠨ ᠭᠦᠨ ᠭᠦᠨᠵᠡᠭᠡᠶ ᠨᠢᠭᠡ ᠤᠳᠠᠭᠠᠨ᠎ᠤ ᠠᠵᠢᠯᠯᠠᠭ᠎ᠠ ᠪᠣᠯᠤᠭ᠍ᠰᠠᠨ ᠪᠠᠢᠨ᠎ᠠ᠃

1969 ᠣᠨ᠎ᠳᠤ᠄ ᠲᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠳᠤᠭᠠᠷ ᠶᠡᠬᠡ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ ᠪᠡᠭᠡᠵᠢᠩ᠎ᠳᠦ ᠶᠠᠪᠤᠭ᠍ᠳᠠᠪᠠ᠂ ᠲᠤᠰ ᠬᠤᠷᠠᠯ᠎ᠤᠨ ᠬᠤᠷᠠᠯᠳᠤᠭᠰᠠᠨ ᠨᠢ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠠᠵᠢᠯ᠎ᠢ ᠪᠦᠬᠦ᠌ ᠲᠠᠯ᠎ᠠ᠎ᠪᠠᠷ ᠰᠡᠷᠭᠦᠭᠡᠬᠦ᠌ ᠡᠭᠦᠷᠭᠡ᠎ᠶ᠋ᠢ ᠦᠨᠳᠦᠰᠦᠨ᠎ᠳᠡᠭᠡᠨ ᠪᠡᠶᠡᠯᠡᠭᠦᠯᠦᠭ᠌ᠰᠡᠨ᠎ᠢ ᠬᠠᠷᠠᠭᠤᠯᠵᠤ ᠪᠠᠢᠨ᠎ᠠ᠃


6.png



ᠥᠭᠡᠷᠡᠴᠢᠯᠡᠯᠲᠡ ᠨᠡᠭᠡᠭᠡᠯᠲᠡ᠎ᠡᠴᠡ ᠨᠠᠭᠠᠰᠢ:

1978 ᠣᠨ᠄ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠠᠴᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ᠎ᠤᠨ ᠭᠣᠣᠯᠳᠠᠯᠭ᠎ᠠ᠎ᠶ᠋ᠢ ᠨᠡᠢᠭᠡᠮ ᠵᠢᠷᠤᠮᠲᠦ ᠣᠳᠣᠬᠢᠴᠢᠯᠠᠯᠲᠠ ᠵᠢᠨ ᠪᠦᠳᠦᠭᠡᠨ ᠪᠠᠢᠭᠤᠯᠤᠯᠲᠠ ᠳᠡᠭᠡᠷ᠎ᠡ ᠱᠢᠯᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃

1985 ᠣᠨ᠄ ᠪᠦᠬᠦ᠌ ᠤᠯᠤᠰ᠎ᠤᠨ ᠠᠩᠬᠠᠳᠠᠭ᠍ᠴᠢ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ᠎ᠤᠨ ᠲᠤᠰᠭᠠᠶ ᠴᠢᠳᠠᠪᠤᠷᠢᠲᠠᠨ᠎ᠢ ᠬᠥᠮᠦᠵᠢᠭᠦᠯᠬᠦ᠌ ᠳᠡᠭᠡᠳᠦ ᠵᠡᠷᠭᠡ᠎ᠶ᠋ᠢᠨ ᠰᠤᠷᠭᠠᠭᠤᠯᠢ《ᠳᠤᠮᠳᠠᠳᠤ ᠤᠯᠤᠰ᠎ᠤᠨ ᠵᠠᠯᠠᠭᠤᠴᠤᠳ᠎ᠤᠨ ᠤᠯᠤᠰ ᠲᠦᠷᠦ᠍᠎ᠶ᠋ᠢᠨ ᠳᠡᠭᠡᠳᠦ ᠰᠤᠷᠭᠠᠭᠤᠯᠢ》ᠪᠠᠢᠭᠤᠯᠤᠭᠳᠠᠪᠠ᠃

1988 ᠣᠨ᠄ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠬᠣᠶᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠬᠤᠷᠠᠯᠳᠤᠵᠤ᠂《ᠢᠷᠠᠭᠤ ᠠᠯᠳᠠᠷ ᠲᠠᠶ᠂ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ》ᠭᠡᠬᠦ ᠲᠠᠭᠤᠤ ᠵᠢ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠳᠠᠭᠤᠤ᠎ᠪᠠᠷ ᠲᠣᠭ᠍ᠲᠠᠭᠠᠪᠠ᠃

1991 ᠣᠨ᠄ ᠪᠦᠬᠦ᠌ ᠤᠯᠤᠰ᠎ᠤᠨ ᠴᠢᠨᠠᠷᠲᠠᠶ ᠵᠠᠯᠠᠭᠤᠴᠤᠳ ᠪᠠᠭᠠᠴᠤᠳ᠎ᠤᠨ ᠤᠨᠤᠯ ᠰᠤᠳᠤᠯᠭᠠᠨ᠎ᠤ ᠲᠤᠰᠭᠠᠶ ᠪᠠᠢᠭᠤᠯᠤᠮᠵᠢ 《ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠰᠤᠳᠤᠯᠭᠠᠨ᠎ᠤ ᠲᠥᠪ》 ᠪᠠᠢᠭᠤᠯᠤᠭ᠍ᠳᠠᠪᠠ᠃

1993 ᠣᠨ᠄ ᠲᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠭᠦᠳᠡ ᠬᠤᠷᠠᠯ᠎ᠠᠴᠠ《ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠶᠠᠪᠤᠴᠠ᠎ᠳᠠᠬᠢ ᠮᠠᠨ᠎ᠤ ᠤᠯᠤᠰ᠎ᠤᠨ ᠵᠠᠯᠠᠭᠤᠴᠤᠳ᠎ᠤᠨ ᠠᠵᠢᠯ᠎ᠤᠨ ᠪᠠᠢᠯᠳᠤᠬᠤ ᠪᠤᠳᠤᠯᠭ᠎ᠠ᠎ᠶ᠋ᠢᠨ ᠬᠥᠭ᠌ᠵᠢᠯᠲᠡ᠎ᠶ᠋ᠢᠨ ᠲᠦᠯᠦᠪᠵᠢᠭᠦᠯᠭᠡ》 ᠵᠢ ᠬᠢᠨᠠᠨ ᠶᠠᠷᠢᠯᠴᠠᠵᠤ ᠪᠠᠲᠤᠯᠠᠪᠠ᠃

1998 ᠣᠨ᠄ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠳᠥᠷᠪᠡᠳᠦᠭᠡᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃ ᠶᠡᠬᠡ ᠬᠤᠷᠠᠯ᠎ᠠᠴᠠ ᠵᠠᠯᠠᠭᠤᠴᠤᠳ᠎ᠢ ᠬᠦᠰᠡᠯᠡᠩ᠎ᠲᠡᠶ᠂ ᠶᠣᠰᠣ ᠮᠣᠷᠠᠯ᠎ᠲᠠᠶ᠂ ᠰᠣᠶᠣᠯ ᠪᠣᠯᠪᠠᠰᠤᠷᠠᠯ᠎ᠲᠠᠶ᠂ ᠰᠠᠬᠢᠯᠭ᠎ᠠ ᠪᠠᠲᠤ᠎ᠲᠠᠶ ᠨᠡᠢᠭᠡᠮ ᠵᠢᠷᠤᠮ᠎ᠤᠨ ᠱᠢᠨ᠎ᠡ ᠬᠥᠮᠦᠨ ᠪᠣᠯᠭᠠᠨ ᠬᠥᠮᠦᠵᠢᠭᠦᠯᠬᠦ᠌᠎ᠪᠡᠷ ᠴᠢᠷᠮᠠᠢᠨ᠎ᠠ ᠭᠡᠵᠦ᠍ ᠳᠤᠷᠠᠳᠤᠨ ᠭᠠᠷᠭᠠᠪᠠ᠃


7.png



2003 ᠣᠨ᠄ ᠲᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠲᠠᠪᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠥᠬᠥᠳᠡ ᠬᠤᠷᠠᠯ ᠪᠡᠭᠡᠵᠢᠩ᠎ᠳᠦ ᠬᠤᠷᠠᠯᠳᠤᠵᠤ᠂ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠶᠠᠪᠤᠴᠠ᠎ᠳᠠᠬᠢ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ᠎ᠤᠨ ᠪᠠᠢᠯᠳᠤᠬᠤ ᠪᠤᠳᠤᠯᠭ᠎ᠠ᠎ᠶ᠋ᠢᠨ ᠬᠥᠭ᠌ᠵᠢᠯᠲᠡ᠎ᠶ᠋ᠢᠨ ᠲᠦᠯᠦᠪᠵᠢᠭᠦᠯᠭᠡ》 ᠵᠢ ᠬᠢᠨᠠᠨ ᠶᠠᠷᠢᠯᠴᠠᠵᠤ ᠪᠠᠲᠤᠯᠠᠪᠠ᠃

2004 ᠣᠨ᠄ ᠲᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠲᠠᠪᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠠᠴᠠ《ᠡᠪᠯᠡᠯ᠎ᠦᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶᠠᠨ᠎ᠤ ᠲᠣᠭ᠍ᠲᠠᠭᠠᠯ》 ᠢ᠋ ᠭᠠᠷᠭᠠᠪᠠ᠃

2008 ᠣᠨ᠄ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠎ᠤᠨ ᠠᠷᠪᠠᠨ ᠵᠢᠷᠭᠤᠳᠤᠭᠠᠷ ᠤᠳᠠᠭᠠᠨ᠎ᠤ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ᠂ ᠢᠷᠡᠭᠡᠳᠦᠶ᠎ᠶ᠋ᠢᠨ ᠲᠠᠪᠤᠨ ᠵᠢᠯ᠎ᠦᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ ᠪᠠ ᠡᠪᠯᠡᠯ᠎ᠦᠨ ᠪᠠᠢᠭᠤᠯᠤᠯᠲᠠ᠎ᠳᠤ ᠶᠡᠷᠦᠩᠬᠡᠶ ᠪᠠᠢᠷᠢᠯᠠᠭᠤᠯᠤᠯᠲᠠ ᠬᠢᠵᠦ᠍᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠡᠪᠯᠡᠯ᠎ᠦᠨ ᠲᠦᠷᠢᠮ ᠳ᠋ᠦ ᠪᠢᠴᠢᠵᠦ᠍ ᠣᠷᠣᠭᠤᠯᠪᠠ᠃

2013 ᠣᠨ᠄ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠳᠣᠯᠣᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠡᠭᠡᠵᠢᠩ ᠳ᠋ᠦ ᠬᠤᠷᠠᠯᠳᠤᠵᠤ᠂ ᠡᠪᠯᠡᠯ᠎ᠤᠨ ᠲᠦᠷᠢᠮ ᠳ᠋ᠤ ᠵᠠᠰᠠᠪᠤᠷᠢ ᠤᠷᠤᠭᠤᠯᠵᠠᠢ᠃

2016 ᠣᠨ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ《ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶᠠᠨ᠎ᠤ ᠥᠭᠡᠷᠡᠴᠢᠯᠡᠯᠲᠡ᠎ᠶ᠋ᠢᠨ ᠲᠥᠰᠦᠯ》 ᠢ᠋ ᠳᠠᠷᠤᠮᠠᠯᠯᠠᠨ ᠲᠠᠷᠬᠠᠭᠠᠪᠠ᠃

2018 ᠣᠨ᠄ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠᠨ ᠨᠠᠢ᠍ᠮᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠵᠦ᠍᠂《ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠦᠷᠢᠮ(ᠵᠠᠰᠠᠪᠤᠷᠢ ᠣᠷᠣᠭᠤᠯᠬᠤ ᠲᠥᠰᠦᠯ)》ᠢ᠋ ᠬᠢᠨᠠᠨ ᠵᠥᠪᠯᠡᠵᠦ᠍ ᠪᠠᠲᠤᠯᠠᠪᠠ᠃


9.png


2019 ᠣᠨ᠄ ᠲᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠢ᠎ᠠ《ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠢᠬ᠎ᠤᠨ ᠲᠥᠰᠦᠯ》ᠢ᠋ ᠲᠤᠭᠤᠷᠪᠢᠵᠤ᠂ 10 ᠮᠤᠵᠢ ᠣᠷᠣᠨ᠎ᠤ 20 ᠱᠢᠶᠠᠨ(ᠬᠤᠳᠠ᠂ ᠲᠣᠭᠣᠷᠢᠭ)ᠢ᠋ ᠰᠣᠩᠭᠣᠨ ᠠᠩᠬᠠᠨ᠎ᠤ ᠡᠭᠡᠯᠵᠢ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠢᠬ᠎ᠢ ᠬᠡᠷᠡᠭᠵᠢᠭᠦᠯᠵᠡᠢ᠃

2020 ᠣᠨ᠄ ᠳᠤᠮᠳᠠᠳᠤ ᠤᠯᠤᠰ᠎ᠤᠨ ᠵᠠᠯᠠᠭᠤᠴᠤᠳ᠎ᠤᠨ ᠬᠣᠯᠪᠣᠭ᠎ᠠ᠎ᠶ᠋ᠢᠨ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠢ᠎ᠠ᠎ᠶ᠋ᠢᠨ ᠪᠦᠬᠦᠳᠡ ᠬᠤᠷᠠᠯ ᠪᠣᠯᠤᠨ ᠳᠤᠮᠳᠠᠳᠤ ᠤᠯᠤᠰ᠎ᠤᠨ ᠰᠤᠷᠤᠭ᠍ᠴᠢᠳ᠎ᠤᠨ ᠬᠣᠯᠪᠣᠭ᠎ᠠ᠎ᠶ᠋ᠢᠨ ᠬᠣᠷᠢᠨ ᠳᠣᠯᠣᠳᠤᠭᠠᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ᠎ᠤᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠷᠡᠭᠡᠳᠦᠢ᠎ᠶ᠋ᠢᠨ 5 ᠵᠢᠯ᠎ᠦᠨ ᠵᠠᠯᠠᠭᠤᠴᠤᠳ᠎ᠤᠨ ᠬᠣᠯᠪᠣᠭ᠎ᠠ ᠪᠣᠯᠤᠨ ᠰᠤᠷᠤᠭ᠍ᠴᠢᠳ᠎ᠤᠨ ᠬᠣᠯᠪᠣᠭ᠎ᠠ᠎ᠶ᠋ᠢᠨ ᠠᠵᠢᠯ᠎ᠢ ᠰᠤᠳᠤᠯᠤᠨ ᠪᠠᠢᠷᠢᠯᠠᠭᠤᠯᠵᠠᠢ᠃

2021 ᠣᠨ᠄ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ ᠎ᠠᠴᠠ《ᠱᠢᠶᠠᠨ᠎ᠤ ᠬᠡᠪᠴᠢᠶᠡᠨ᠎ᠦ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ ᠵᠢᠨ ᠴᠡᠭ᠎ᠢ᠋ ᠥᠷᠭᠡᠳᠭᠡᠬᠦ᠌ ᠲᠤᠬᠠᠶ ᠵᠢᠯᠣᠭᠣᠳᠭᠤ ᠰᠠᠨᠠᠯ》 ᠭᠠᠷᠭᠠᠵᠤ᠂ 619 ᠱᠢᠶᠠᠨ(ᠬᠣᠲᠠ᠂ ᠲᠣᠭᠣᠷᠢᠭ᠂ ᠬᠣᠱᠢᠭᠤ)ᠢ᠋ ᠲᠣᠰ ᠡᠭᠡᠯᠵᠢ᠎ᠶ᠋ᠢᠨ ᠲᠤᠷᠱᠢᠯᠲᠠ ᠵᠢᠨ ᠴᠡᠭ᠎ᠢ ᠥᠷᠭᠡᠳᠭᠡᠬᠦ᠌ ᠠᠵᠢᠯ᠎ᠳᠤ ᠣᠷᠣᠯᠴᠠᠭᠤᠯᠬᠤ᠎ᠪᠠᠷ ᠲᠣᠭ᠍ᠲᠠᠭᠠᠪᠠ᠃

2022 ᠤᠨ᠄ ᠲᠤᠮᠳᠠᠳᠤ ᠤᠯᠤᠰ᠎ᠤᠨ ᠡᠪ ᠬᠠᠮᠳᠤ ᠵᠠᠯᠠᠭᠤᠴᠤᠳ᠎ᠤᠨ ᠡᠪᠯᠡᠯ ᠎ᠤᠨ 2022 ᠤᠨ᠎ᠤ ᠠᠵᠢᠯ᠎ᠤᠨ ᠭᠤᠤᠯᠳᠠᠯᠭ᠎ᠠ ᠳ᠋ᠤ ᠂ ᠨᠠᠮ᠎ᠤᠨ ᠬᠤᠷᠢᠳᠤᠭᠠᠷ ᠶᠡᠭᠡ ᠬᠤᠷᠠᠯ᠎ᠢ ᠤᠭᠳᠤᠬᠤ ᠪᠠ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠡᠷ ᠭᠤᠤᠯ ᠰᠢᠵᠢᠮ ᠪᠤᠯᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ ᠪᠠᠢᠭᠤᠯᠤᠭᠳᠠᠭᠰᠠᠨ 100 ᠵᠢᠯ᠎ᠤᠨ ᠤᠢ ᠵᠢ ᠤᠭᠳᠤᠬᠤ ᠲᠠᠢ ᠤᠶᠠᠯᠳᠤᠭᠤᠯᠤᠨ᠂ ᠦᠭᠡᠷᠡᠴᠢᠯᠡᠯᠳᠡ ᠵᠢ ᠪᠦᠬᠦ ᠲᠠᠯ᠎ᠠ ᠪᠡᠷ ᠬᠦᠨᠵᠡᠭᠡᠢᠷᠡᠬᠦᠯᠵᠦ᠂ ᠡᠪᠯᠡᠯ᠎ᠢ ᠪᠦᠬᠦ ᠲᠠᠯ᠎ᠠ ᠪᠡᠷ ᠴᠢᠩᠭ᠎ᠠ ᠵᠠᠰᠠᠨ᠎ᠠ ᠭᠡᠵᠦ ᠴᠢᠬᠤᠯᠠᠴᠢᠯᠠᠪᠠ᠃


10101010.png


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面