ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2022-08-22 17:16:27

ᠵᠣᠬᠢᠶᠠᠭ᠍ᠴᠢ᠄ ᠨᠠᠪᠴᠢ ᠬᠦᠨᠪᠢᠯᠢᠭ ᠣᠩᠱᠢᠭ᠍ᠰᠠᠨ ᠣᠳᠠᠭ᠎ᠠ᠄ 3

ᠨᠠᠷᠠ ᠲᠤᠨᠤᠷᠠᠵᠤ ᠨᠠᠪᠴᠢᠰ ᠨᠤᠭᠤᠭᠠᠷᠠᠭᠰᠠᠨ ᠲᠡᠯᠭᠡᠷ ᠵᠤᠨ᠎ᠤ 8 ᠰᠠᠷ᠎ᠠ᠎ᠶᠢᠨ 7᠎ᠤ᠋ ᠡᠳᠦᠷ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ ᠳᠤᠯᠭ᠎ᠠ ᠪᠠᠨ ᠳᠤᠯᠵᠤ ᠲᠤᠭᠤᠨᠤ ᠪᠠᠨ ᠪᠤᠰᠬᠠᠭᠰᠠᠨ 70 ᠵᠢᠯ᠎ᠤᠨ ᠤᠢ ᠪᠠᠨ ᠪᠠᠶᠠᠷᠯᠠᠨ ᠳᠡᠮᠳᠡᠭᠯᠡᠯ᠎ᠡ᠃ ᠥᠪᠥᠷ ᠮᠣᠩᠭᠣᠯ᠎ᠤᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠱᠧᠩ ᠯᠧ ᠰᠤᠷᠭᠠᠭᠤᠯᠢ ᠵᠢᠨ ᠲᠣᠭᠣᠷᠢᠭ᠋ ᠲᠤ᠌ ᠦᠪᠡᠳᠡᠭᠰᠢ ᠶᠡᠬᠡ ᠪᠠᠷ ᠶᠠᠪᠤᠭᠳᠠᠭᠰᠠᠨ 70 ᠵᠢᠯ ᠤ᠋ᠨ ᠪᠡᠯᠭᠡᠯᠡᠬᠦ ᠠᠵᠢᠯᠯᠠᠭ᠎ᠠ ᠳ᠋ᠠᠭᠠᠨ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠮᠵᠢᠯᠲᠠ ᠪᠦᠲᠦᠮᠵᠢ᠎ᠶᠢᠨ ᠦᠵᠡᠰᠭᠦᠯᠡᠩ᠎ᠦᠨ ᠨᠡᠭᠡᠭᠡᠯᠲᠡ᠎ᠶᠢᠨ ᠶᠣᠰᠣᠯᠠᠯ᠂ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠮᠵᠢᠯᠲᠠ ᠪᠦᠲᠦᠮᠵᠢ᠎ᠶᠢᠨ ᠦᠵᠡᠰᠭᠦᠯᠡᠩ᠂ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠳᠬ᠎ᠠ ᠵᠣᠬᠢᠶᠠᠯ᠎ᠤᠨ ᠮᠦᠽᠧᠢ ᠬᠢᠭᠡᠳ ᠳᠡᠭᠡᠳᠦ ᠰᠤᠷᠭᠠᠭᠤᠯᠢ᠎ᠶᠢᠨ ᠠᠵᠢᠯᠯᠠᠬᠤ ᠣᠷᠴᠢᠨ ᠢ᠋ ᠲᠣᠭᠣᠷᠢᠨ ᠦᠵᠡᠬᠦ ᠵᠢᠴᠢ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠶ᠋ᠢᠨ 70 ᠵᠢᠯ ᠤ᠋ᠨ ᠤ᠌ᠢ ᠶ᠋ᠢ ᠪᠡᠯᠭᠡᠯᠡᠬᠦ ᠬᠤᠷᠠᠯ ᠵᠡᠷᠭᠡ ᠠᠭᠤᠯᠭ᠎ᠠ ᠵᠢ ᠳᠤᠬᠢᠷᠠᠭᠤᠯᠤᠭᠰᠠᠨ ᠪᠠᠢᠯ᠎ᠠ᠃

ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠦᠳᠦᠭᠡᠨ ᠪᠠᠢᠭᠤᠯᠤᠯᠲᠠ᠎ᠶᠢᠨ ᠠᠮᠵᠢᠯᠲᠠ ᠪᠦᠲᠦᠮᠵᠢ᠎ᠶᠢᠨ ᠦᠵᠡᠰᠭᠦᠯᠡᠩ᠎ᠦᠨ ᠨᠡᠭᠡᠭᠡᠯᠲᠡ᠎ᠶᠢᠨ ᠶᠣᠰᠣᠯᠠᠯ ᠳ᠋ᠤ᠂ ᠳᠡᠬᠡᠳᠤ ᠰᠤᠷᠭᠠᠭᠤᠯᠢ ᠵᠢᠨ 70 ᠵᠢᠯ ᠤ᠋ᠨ ᠤᠢ ᠳ᠋ᠤ ᠵᠤᠷᠢᠭᠤᠯᠤᠨ ᠳᠡᠬᠦᠪᠦᠷᠢᠯᠡᠭᠰᠡᠨ《ᠰᠢᠨᠵᠢᠯᠡᠬᠡᠨ᠎ᠤ ᠰᠠᠯᠠᠭ᠎ᠠ ᠵᠢᠨ ᠴᠤᠭᠴᠠᠯᠠᠯ᠄ ᠤᠨᠤᠯ ᠬᠢᠬᠡᠳ ᠦᠢᠯᠡᠳᠦᠯᠬᠡ》 ( ᠨᠡᠢᠳᠡ 5 ᠪᠤᠳᠢ) ᠪᠠ 《ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ ᠵᠢᠨ ᠤᠢᠯᠠᠯᠭ᠎ᠠ》 ᠵᠢ ᠳᠠᠷᠬᠠᠭᠠᠪᠠ᠃ ᠲᠦᠷᠪᠡᠨ ᠵᠦᠭ ᠨᠠᠢ᠍ᠮᠠᠨ ᠵᠤᠪᠬᠢᠰ ᠡᠴᠡ ᠬᠦᠷᠦᠯᠴᠡᠨ ᠢᠷᠡᠭᠰᠡᠨ ᠠᠬᠠᠮᠠᠳ ᠪᠠᠭᠰᠢ᠂ ᠰᠤᠷᠤᠯᠭ᠎ᠠ ᠵᠢᠨ ᠬᠠᠨᠢᠳᠠᠳ ᠵᠤᠴᠢᠳ ᠳᠡᠬᠡᠳᠤ ᠰᠤᠷᠭᠠᠭᠤᠯᠢ ᠵᠢᠨ ᠰᠢᠨᠵᠢᠯᠡᠬᠡᠨ᠎ᠤ ᠰᠠᠯᠠᠭ᠎ᠠ ᠵᠢᠨ ᠪᠦᠳᠦᠭᠡᠨ ᠪᠠᠢᠭᠤᠯᠤᠯᠳᠠ ᠵᠢᠨ ᠠᠮᠵᠢᠯᠳᠠ ᠪᠦᠳᠦᠮᠵᠢ ᠵᠢᠨ ᠦᠵᠡᠰᠬᠦᠯᠡᠩ ᠪᠠ ᠳᠤᠮᠳᠠᠳᠤ ᠤᠯᠤᠰ᠎ᠤᠨ ᠴᠦᠬᠡᠨ ᠳᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠤᠷᠳᠤᠨ᠂ ᠳᠡᠬᠡᠳᠤ ᠰᠤᠷᠭᠠᠭᠤᠯᠢ ᠵᠢᠨ ᠠᠵᠢᠯᠯᠠᠬᠤ ᠤᠷᠴᠢᠨ ᠢ᠋ ᠳᠤᠭᠤᠷᠢᠨ ᠦᠵᠡᠵᠦ᠂ 70 ᠵᠢᠯ᠎ᠤᠨ ᠬᠤᠪᠢᠷᠠᠯ ᠰᠢᠨᠡᠳᠦᠯ᠂ ᠠᠮᠵᠢᠯᠳᠠ ᠪᠦᠳᠦᠮᠵᠢ ᠵᠢ ᠪᠠᠬᠠᠳᠤᠨ ᠱᠠᠭᠰᠢᠵᠤ ᠪᠠᠢᠯ᠎ᠠ᠃ ᠮᠤᠩᠭᠤᠯ ᠰᠤᠳᠤᠯᠤᠯ ᠤ᠋ᠨ ᠳᠡᠬᠡᠳᠤ ᠰᠤᠷᠭᠠᠭᠤᠯᠢ ᠵᠢᠨ ᠳᠡᠳ᠋ ᠵᠠᠬᠢᠷᠤᠯ ᠵᠢᠤᠢ ᠪᠤᠤ᠄ 《70 ᠵᠢᠯ᠎ᠤᠨ ᠤᠢ ᠵᠢᠨ ᠨᠠᠢᠷ ᠲᠠᠭᠠᠨ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠦᠳᠦᠭᠡᠨ ᠪᠠᠢᠭᠤᠯᠤᠯᠲᠠ᠎ᠶᠢᠨ ᠠᠮᠵᠢᠯᠲᠠ ᠪᠦᠲᠦᠮᠵᠢ᠎ᠶᠢᠨ ᠦᠵᠡᠰᠭᠦᠯᠡᠩ ᠤ᠋ᠨ ᠦᠷᠦᠬᠡ ᠭᠠᠷᠭᠠᠵᠤ᠂ ᠤᠯᠠᠨ ᠪᠠᠭᠰᠢ ᠨᠠᠷ᠎ᠤᠨ ᠡᠷᠳᠡᠮ ᠰᠢᠨᠵᠢᠯᠡᠬᠡᠨ᠎ᠤ ᠪᠦᠳᠦᠬᠡᠯ ᠳᠤᠭᠤᠷᠪᠢᠯ ᠢ᠋ ᠡᠮᠬᠢᠳᠬᠡᠨ ᠲᠢᠭᠯᠡᠵᠦ ᠲᠡᠯᠬᠡᠨ ᠦᠵᠡᠬᠦᠯᠦᠯ᠎ᠡ᠃ ᠡᠷᠳᠡᠮᠳᠡᠨ ᠪᠠᠭᠰᠢ ᠨᠠᠷ᠎ᠤᠨ ᠬᠢᠭᠰᠡᠨ ᠦᠢᠯᠡᠰ ᠪᠦᠳᠦᠬᠡᠭᠰᠡᠨ ᠪᠦᠳᠦᠬᠡᠯ ᠢ᠋ ᠨᠢ ᠦᠪᠯᠡᠨ ᠦᠯᠡᠳᠡᠬᠡᠵᠦ᠂ ᠳᠡᠬᠡᠳᠤ ᠰᠤᠷᠭᠠᠭᠤᠯᠢ ᠵᠢᠨ ᠡᠷᠳᠡᠮ ᠰᠢᠨᠵᠢᠯᠡᠬᠡᠨ᠂ ᠮᠤᠩᠭᠤᠯ ᠬᠡᠯᠡ ᠤᠳᠬ᠎ᠠ ᠵᠤᠬᠢᠶᠠᠯ ᠤ᠋ᠨ ᠦᠢᠯᠡᠰ ᠤ᠋ᠨ ᠵᠢᠡᠨ ᠦᠵᠡᠯ ᠰᠠᠨᠠᠭᠠᠨ᠎ᠤ ᠨᠠᠨᠳᠢᠨ ᠦᠪ ᠬᠦᠷᠦᠩᠬᠡ ᠪᠤᠯᠭᠠᠨ ᠬᠠᠳᠠᠭᠠᠯᠠᠬᠤ ᠵᠢ ᠵᠤᠷᠢᠵᠠᠢ᠃ ᠤᠳᠬ᠎ᠠ ᠤᠷᠠᠯᠢᠭ᠎ᠤᠨ ᠤᠬᠠᠭᠠᠨ᠂ ᠬᠡᠯᠡ ᠰᠢᠨᠵᠢᠯᠡᠯ᠂ ᠳᠤᠮᠳᠠᠳᠤ ᠤᠯᠤᠰ᠎ᠤᠨ ᠡᠷᠳᠡᠨ᠎ᠤ ᠤᠳᠬ᠎ᠠ ᠵᠤᠬᠢᠶᠠᠯ᠂ ᠳᠤᠮᠳᠠᠳᠤ ᠤᠯᠤᠰ᠎ᠤᠨ ᠴᠦᠬᠡᠨ ᠳᠤᠭᠠᠳᠤ ᠦᠨᠳᠦᠰᠦᠳᠡᠨ᠎ᠤ ᠤᠳᠬ᠎ᠠ ᠵᠤᠬᠢᠶᠠᠯ ᠵᠡᠷᠬᠡ ᠤᠯᠠᠨ ᠳᠠᠯ᠎ᠠ ᠪᠡᠷ ᠬᠢ ᠠᠬᠠᠮᠠᠳ ᠪᠠᠭᠰᠢ ᠨᠠᠷ᠎ᠤᠨ ᠡᠷᠳᠡᠮ ᠰᠢᠨᠵᠢᠯᠡᠬᠡᠨ᠎ᠤ ᠪᠦᠳᠦᠬᠡᠯ ᠢ᠋ ᠨᠢ ᠵᠠᠯᠠᠭᠤ ᠤᠶᠤᠳᠠᠨ᠂ ᠵᠠᠯᠠᠭᠤ ᠪᠠᠭᠰᠢ ᠨᠠᠷ ᠲᠠᠭᠠᠨ ᠳᠡᠯᠬᠡᠨ ᠦᠵᠡᠬᠦᠯᠵᠦ᠂ ᠳᠡᠳᠡ ᠨᠠᠷ᠎ᠤᠨ ᠡᠷᠳᠡᠮ ᠰᠢᠨᠵᠢᠯᠡᠬᠡᠨ᠂ ᠬᠢᠴᠢᠶᠡᠯ ᠬᠦᠮᠦᠵᠢᠯ ᠤ᠋ᠨ ᠵᠤᠷᠢᠭ ᠰᠠᠨᠠᠭ᠎ᠠ ᠵᠢ ᠨᠢ ᠵᠠᠯᠭᠠᠮᠵᠢᠯᠠᠵᠤ ᠪᠠᠳᠠᠷᠠᠭᠤᠯᠵᠤ ᠶᠠᠪᠤᠬᠤ ᠵᠢ ᠪᠤᠳᠤᠯ᠎ᠠ᠃ ᠡᠨᠡ ᠬᠦ᠌ ᠦᠵᠡᠰᠬᠦᠯᠡᠩ᠎ᠤᠨ ᠦᠷᠦᠬᠡ ᠨᠢ ᠮᠠᠨ ᠤ᠋ ᠳᠡᠬᠡᠳᠤ ᠰᠤᠷᠭᠠᠭᠤᠯᠢ ᠵᠢᠨ ᠡᠷᠳᠡᠮ ᠰᠢᠨᠵᠢᠯᠡᠬᠡᠨ᠎ᠤ ᠦᠪ ᠬᠦᠷᠦᠩᠬᠡ ᠪᠤᠯᠬᠤ ᠪᠡᠷ ᠪᠠᠷᠠᠬᠤ ᠦᠬᠡᠢ ᠦᠵᠡᠯ ᠰᠠᠨᠠᠭᠠᠨ᠎ᠤ ᠦᠪ ᠬᠦᠷᠦᠩᠬᠡ ᠪᠤᠯᠤᠨ᠎ᠠ》 ᠭᠡᠵᠦ ᠰᠤᠷᠪᠤᠯᠵᠢᠯᠠᠭ᠎ᠠ ᠬᠦᠯᠢᠶᠡᠬᠦ ᠳ᠋ᠡᠬᠡᠨ ᠶᠠᠷᠢᠵᠤ ᠪᠠᠢᠯ᠎ᠠ᠃

ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠶ᠋ᠢᠨ 70 ᠵᠢᠯ ᠤ᠋ᠨ ᠤ᠌ᠢ ᠶ᠋ᠢ ᠪᠡᠯᠭᠡᠯᠡᠬᠦ ᠶᠤᠰᠤᠯᠠᠯ ᠳᠡᠬᠡᠷ᠎ᠡ᠂ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠨᠠᠮ᠎ᠤᠨ ᠬᠤᠷᠢᠶᠠᠨ᠎ᠤ ᠱᠦᠵᠢ ᠠᠯᠳᠠᠨᠰᠠᠩ᠂ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ ᠵᠢᠨ 70 ᠵᠢᠯ᠎ᠤᠨ ᠳᠤᠷᠰᠢᠬᠢ ᠰᠢᠨᠵᠢᠯᠡᠬᠡᠨ᠎ᠤ ᠰᠠᠯᠠᠭ᠎ᠠ ᠵᠢᠨ ᠪᠦᠳᠦᠭᠡᠨ ᠪᠠᠢᠭᠤᠯᠤᠯᠳᠠ᠂ ᠬᠢᠴᠢᠶᠡᠯ ᠲᠦᠷᠦᠯ ᠤ᠋ᠨ ᠳᠤᠬᠢᠷᠠᠭᠤᠯᠤᠯᠳᠠ᠂ ᠵᠢᠭᠠᠨ ᠰᠤᠳᠤᠯᠬᠤ ᠬᠦᠴᠦᠨ᠂ ᠴᠢᠳᠠᠪᠤᠷᠢᠳᠠᠨ ᠬᠦᠮᠦᠵᠢᠬᠦᠯᠬᠦ᠂ ᠦᠷ᠎ᠠ ᠪᠦᠳᠦᠬᠡᠯ ᠢ᠋ ᠨᠡᠢᠳᠡᠯᠡᠬᠦᠯᠬᠦ ᠳᠠᠯ᠎ᠠ ᠪᠡᠷ ᠬᠢ ᠬᠢᠯᠠᠯᠵᠠᠮ᠎ᠠ ᠠᠮᠵᠢᠯᠳᠠ ᠪᠦᠳᠦᠮᠵᠢ ᠵᠢ ᠬᠦᠢᠴᠡᠳ ᠨᠤᠳᠠᠯᠠᠪᠠ᠃

ᠦᠪᠦᠷ ᠮᠤᠩᠭᠤᠯ᠎ᠤᠨ ᠤᠳᠬ᠎ᠠ ᠤᠷᠠᠯᠢᠭ᠎ᠤᠨ ᠬᠢᠨ᠎ᠤ ᠬᠤᠯᠪᠤᠭᠠᠨ᠎ᠤ ᠳᠡᠳ᠋ ᠳᠡᠷᠢᠬᠦᠯᠡᠭᠴᠢ᠂ ᠵᠤᠬᠢᠶᠠᠯᠴᠢᠳ᠎ᠤᠨ ᠡᠪᠯᠡᠯ᠎ᠤᠨ ᠳᠡᠷᠢᠬᠦᠯᠡᠭᠴᠢ᠂ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ ᠵᠢᠨ ᠵᠠᠬᠢᠷᠤᠯ ᠲᠤᠷᠤᠨᠠᠲ᠋ᠡᠭᠷᠢ᠄《ᠪᠢᠳᠡ ᠨᠠᠮ᠎ᠤᠨ ᠲᠦᠷᠦ ᠵᠢᠨ ᠪᠤᠳᠤᠯᠭ᠎ᠠ ᠵᠢ ᠬᠦᠷᠢᠶᠡᠯᠡᠨ᠂ ᠭᠠᠵᠠᠷ ᠤᠷᠤᠨ᠎ᠤ ᠤᠨᠴᠠᠯᠢᠭ ᠵᠢᠡᠨ ᠪᠠᠳᠠᠷᠠᠭᠤᠯᠵᠤ᠂ ᠰᠤᠷᠭᠠᠨ ᠬᠦᠮᠦᠵᠢᠯ᠎ᠤᠨ ᠤᠯᠠᠮᠵᠢᠯᠠᠯ ᠳᠠᠢ᠂ ᠦᠪᠡᠷᠮᠢᠴᠡ ᠤᠨᠴᠠᠯᠢᠭ ᠪᠦᠬᠦᠢ ᠰᠤᠳᠤᠯᠭᠠᠨ᠎ᠤ ᠬᠦᠷᠢᠶ᠎ᠠ ᠴᠠᠷᠠᠭ᠎ᠠ ᠳᠠᠢ᠂ ᠬᠦᠴᠦᠷᠬᠡᠭ ᠶᠡᠬᠡ ᠪᠠᠭᠰᠢ ᠵᠢᠨ ᠡᠩᠨᠡᠬᠡ ᠲᠠᠢ ᠳᠡᠬᠡᠳᠤ ᠰᠤᠷᠭᠠᠭᠤᠯᠢ ᠵᠢ ᠴᠤᠭᠴᠠᠯᠠᠨ ᠪᠠᠢᠭᠤᠯᠵᠠᠢ᠃ 70 ᠵᠢᠯ ᠤ᠋ᠨ ᠳᠤᠷᠰᠢ᠂ ᠡᠯ᠎ᠡ ᠬᠦᠷᠢᠶᠡᠨ᠎ᠳᠤ ᠭᠠᠪᠰᠢᠭᠠᠢᠯᠠᠵᠤ ᠶᠠᠪᠤᠭ᠎ᠠ ᠥᠨᠳᠥᠷ ᠬᠡᠪ ᠴᠢᠨᠠᠷ ᠪᠦᠬᠦᠢ ᠦᠯᠡᠮᠵᠢ ᠣᠯᠠᠨ ᠴᠢᠳᠠᠪᠤᠷᠢᠲᠠᠨ᠎ᠢ ᠬᠥᠮᠥᠵᠢᠭᠦᠯᠦᠨ᠂ ᠶᠡᠬᠡ ᠬᠡᠮᠵᠢᠶᠡᠨ᠎ᠦ ᠰᠢᠯᠢᠳᠡᠭ ᠡᠷᠳᠡᠮ ᠰᠢᠨᠵᠢᠯᠡᠭᠡᠨ᠎ᠦ ᠦᠷ᠎ᠡ ᠪᠦᠲᠦᠭᠡᠯ ᠲᠤᠭᠤᠷᠪᠢᠵᠤ᠂ ᠪᠠᠶᠠᠷ᠂ ᠬᠠ᠊·ᠳ᠋ᠠᠮᠪᠢᠵᠠᠯᠰᠠᠨ᠂ ᠨᠠ᠊·ᠰᠠᠢᠰᠢᠶᠠᠯᠲᠤ᠂ ᠰᠠᠢᠨᠪᠠᠶᠠᠷ᠂ ᠬᠠᠰᠡᠷᠳᠡᠨᠢ ᠵᠡᠷᠬᠡ ᠤᠯᠤᠰ᠎ᠤᠨ ᠳᠣᠲᠣᠭᠠᠳᠤ ᠭᠠᠳᠠᠭᠠᠳᠤ᠎ᠳᠤ ᠠᠯᠳᠠᠷᠰᠢᠭ᠍ᠰᠠᠨ ᠠᠯᠢ ᠣᠯᠠᠨ ᠨᠡᠷᠡᠲᠦ ᠡᠷᠳᠡᠮᠲᠡᠳ ᠴᠣᠯᠭᠣᠷᠠᠨ ᠭᠠᠷᠴᠠᠢ᠃ ᠡᠨᠡ ᠪᠦᠬᠦᠨ ᠨᠢ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠢᠷᠠᠭᠤ ᠠᠯᠳᠠᠷ ᠮᠦᠷᠳᠡᠬᠡᠨ ᠣᠮᠣᠭ᠍ᠰᠢᠯ ᠮᠥᠨ》 ᠬᠡᠵᠦ 70 ᠵᠢᠯ᠎ᠤᠨ ᠳᠡᠦᠬᠡᠨ ᠤᠯᠪᠠᠭ᠎ᠠ ᠪᠠᠨ ᠡᠷᠬᠢᠴᠡᠬᠦᠯᠪᠡ᠃

ᠪᠠᠶᠠᠷ᠎ᠤᠨ ᠶᠤᠰᠤᠯᠠᠯ ᠳ᠋ᠤ ᠰᠠᠭᠠᠳᠠᠭᠰᠠᠨ ᠰᠤᠷᠤᠯᠭ᠎ᠠ ᠵᠢᠨ ᠬᠠᠨᠢᠳᠠᠨ᠂ ᠬᠤᠪᠢ ᠬᠦᠮᠦᠨ ᠪᠠ ᠬᠠᠮᠢᠭ᠎ᠠ ᠪᠦᠬᠦᠢ ᠨᠢᠬᠡᠴᠢ ᠵᠢᠨ ᠬᠢᠨ ᠨᠤᠮ ᠪᠠ ᠤᠷᠠᠨ ᠪᠦᠳᠦᠬᠡᠯ ᠵᠢᠡᠨ ᠪᠡᠯᠡᠭᠯᠡᠵᠦ᠂ ᠳᠡᠬᠡᠳᠤ ᠰᠤᠷᠭᠠᠭᠤᠯᠢ ᠵᠢᠨ ᠠᠵᠢᠯ᠎ᠤᠨ ᠠᠮᠠᠷᠠᠯᠳᠠ ᠪᠠᠨ ᠠᠪᠤᠭᠰᠠᠨ ᠠᠬᠠᠮᠠᠳ ᠪᠠᠭᠰᠢ ᠨᠠᠷ ᠲᠠᠭᠠᠨ ᠳᠤᠷᠠᠰᠬᠠᠯ᠎ᠤᠨ ᠪᠡᠯᠡᠭ ᠭᠠᠷᠳᠠᠭᠤᠯᠤᠭᠰᠠᠨ ᠪᠠᠢᠯ᠎ᠠ᠃

70 ᠵᠢᠯ᠎ᠤᠨ ᠳᠡᠦᠬᠡᠨ ᠵᠠᠮᠨᠠᠯ ᠳ᠋ᠤ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ ᠨᠢ ᠦᠶ᠎ᠠ ᠦᠶ᠎ᠠ ᠵᠢᠨ ᠬᠦᠮᠦᠰ ᠢ᠋ ᠤᠷᠳᠤ ᠵᠢᠨ ᠦᠵᠦᠬᠦᠷ ᠢ᠋ ᠵᠤᠷᠢ᠂ ᠬᠤᠯᠠ ᠬᠡᠮᠡᠨ ᠪᠢᠳᠡᠬᠡᠢ ᠴᠦᠬᠦ ᠶᠠᠪᠤᠪᠠᠰᠤ ᠬᠦᠷᠦᠶᠦ᠂ ᠬᠦᠨ ᠤ᠋ ᠢᠷᠤᠭᠠᠷ ᠢ᠋ ᠴᠢᠭᠯᠡ᠂ ᠪᠡᠷᠬᠡ ᠬᠡᠮᠡᠨ ᠪᠢᠳᠡᠬᠡᠢ ᠠᠶᠤ ᠵᠤᠷᠢᠪᠠᠰᠤ ᠲᠤᠯᠤᠶᠤ ᠬᠡᠮᠡᠨ ᠤᠷᠮᠠᠰᠢᠭᠤᠯᠤᠨ ᠵᠤᠷᠢᠭᠵᠢᠭᠤᠯᠵᠤ᠂ ᠪᠤᠯᠪᠠᠰᠤᠨ ᠮᠤᠷᠠᠯ᠂ ᠡᠷᠡᠬᠦᠯ ᠪᠡᠶ᠎ᠠ᠂ ᠰᠠᠷᠠᠭᠤᠯ ᠤᠬᠠᠭᠠᠠ᠂ ᠦᠬᠡᠳᠡᠷᠬᠡᠭ ᠦᠵᠡᠯ ᠳᠠᠢ ᠤᠳᠤ ᠦᠶ᠎ᠠ ᠵᠢᠨ ᠡᠷᠳᠡᠮᠳᠡᠨ ᠴᠢᠳᠠᠪᠤᠷᠢᠳᠠᠨ ᠢ᠋ ᠳᠤᠷᠨᠢᠭᠤᠯᠤᠨ ᠬᠦᠮᠦᠵᠢᠬᠦᠯᠵᠦ᠂ ᠡᠬᠡ ᠤᠯᠤᠰ᠎ᠤᠨ ᠭᠠᠵᠠᠷ ᠪᠤᠯᠭᠠᠨ ᠳ᠋ᠤ ᠢᠯᠡᠬᠡᠵᠦ᠂ ᠤᠯᠤᠰ ᠤᠷᠤᠨ ᠤ᠋ ᠬᠦᠴᠦᠷᠬᠡᠭᠵᠢᠯ ᠳ᠋ᠤ ᠬᠤᠪᠢ ᠨᠡᠮᠡᠷᠢ ᠪᠠᠨ ᠦᠵᠡᠬᠦᠯᠦᠭᠰᠡᠨ ᠶᠤᠮ᠃ ᠮᠣᠩᠭᠣᠯ ᠰᠤᠳᠤᠯᠤᠯ ᠤ᠋ᠨ ᠳᠡᠭᠡᠳᠦ ᠰᠤᠷᠭᠠᠭᠤᠯᠢ ᠨᠠᠢᠳᠡ 8000 ᠭᠠᠷᠤᠢ ᠣᠶᠤᠲᠠᠨ᠎ᠢ ᠬᠥᠮᠥᠵᠢᠭᠦᠯᠵᠦ᠂ ᠲᠡᠭᠦᠨ᠎ᠦ ᠳᠣᠲᠣᠷ᠎ᠠ ᠲᠤᠰᠬᠠᠢ ᠮᠡᠷᠭᠡᠵᠢᠯ᠎ᠦᠨ ᠰᠣᠷᠣᠭ᠍ᠴᠢ 336᠂ ᠵᠢᠩᠬᠢᠨᠢ ᠠᠩᠭᠢ ᠶ᠋ᠢᠨ ᠰᠤᠷᠤᠭ᠍ᠴᠢ 4535᠂ ᠰᠤᠳᠤᠯᠤᠨ ᠰᠤᠷᠤᠭ᠍ᠴᠢ 800 ᠭᠠᠷᠤᠢ᠂ ᠵᠠᠬᠢᠳᠠᠯ ᠢ᠋ᠶ᠋ᠡᠷ ᠰᠤᠷᠤᠭᠰᠠᠣᠨ 1690 ᠭᠠᠷᠤᠢ᠂ ᠭᠠᠳᠠᠭᠠᠳᠤ ᠶ᠋ᠢᠨ ᠰᠤᠷᠤᠭ᠍ᠴᠢ 600 ᠭᠠᠷᠤᠢ ᠬᠥᠮᠥᠵᠢᠭᠦᠯᠵᠡᠢ᠃ ᠳᠡᠭᠡᠳᠦ ᠰᠤᠷᠭᠠᠭᠤᠯᠢ ᠶ᠋ᠢᠨ ᠪᠠᠭ᠍ᠰᠢ ᠨᠠᠷ ᠨᠡᠢᠲᠡ 2000 ᠭᠠᠷᠤᠢ ᠡᠷᠳᠡᠮ ᠰᠢᠨᠵᠢᠯᠡᠭᠡᠨ᠎ᠦ ᠥᠭᠦᠯᠡᠯ ᠨᠡᠢᠲᠡᠯᠡᠭᠦᠯᠵᠦ᠂ ᠡᠷᠳᠡᠮ ᠰᠢᠨᠵᠢᠯᠡᠭᠡᠨ᠎ᠦ ᠲᠤᠰᠬᠠᠢ ᠪᠦᠲᠦᠭᠡᠯ ᠢ᠋ 200 ᠭᠠᠷᠤᠢ ᠢᠵᠢ᠂ ᠬᠠᠮᠲᠤᠷᠠᠨ ᠲᠤᠭᠤᠷᠪᠢᠭ᠍ᠰᠠᠨ ᠨᠣᠮ 28 ᠢᠵᠢ᠂ ᠨᠠᠢᠷᠠᠭᠤᠯᠤᠭᠰᠠᠨ ᠨᠣᠮ 52 ᠢᠵᠢ᠂ ᠣᠷᠴᠢᠭᠤᠯᠤᠭᠰᠠᠨ ᠨᠣᠮ 11 ᠢᠵᠢ᠂ ᠤᠷᠠᠨ ᠵᠣᠬᠢᠶᠠᠯ᠎ᠤᠨ ᠲᠡᠭᠦᠪᠦᠷᠢ 30 ᠭᠠᠷᠤᠢ ᠢᠵᠢ᠂ ᠡᠯ᠎ᠡ ᠲᠠᠰ ᠤ᠋ᠨ ᠰᠤᠷᠬᠤ ᠪᠢᠴᠢᠭ᠌ 60 ᠭᠠᠷᠤᠢ ᠢᠵᠢ ᠨᠠᠢᠷᠠᠭᠤᠯᠤᠨ ᠬᠡᠪᠯᠡᠭᠦᠯᠪᠡ᠃ 1996 ᠣᠨ᠎ᠠᠴᠠ ᠨᠠᠭᠠᠰᠢ᠂ ᠠᠳᠠᠯᠢ ᠪᠤᠰᠤ ᠲᠡᠰ ᠤ᠋ᠨ ᠡᠷᠳᠡᠮ ᠰᠢᠨᠵᠢᠯᠡᠭᠡᠨ ᠤ᠋ ᠲᠦᠷᠦᠯ ᠵᠦᠢᠯ ᠢ᠋ 236 ᠡᠷᠬᠢᠯᠡᠨ ᠳᠠᠭᠠᠭᠠᠴᠢᠯᠠᠪᠠ᠃ ᠡᠭᠦᠨ ᠤ᠋ ᠳᠣᠲᠣᠷ᠎ᠠ ᠤᠯᠤᠰ ᠤ᠋ᠨ ᠲᠠᠰ ᠤ᠋ᠨ ᠲᠦᠷᠦᠯ ᠵᠦᠢᠯ 63᠂ ᠮᠤᠵᠢ ᠣᠷᠣᠨ ᠶᠠᠮᠤᠨ ᠤ᠋ ᠲᠠᠰ ᠤ᠋ᠨ ᠲᠦᠷᠦᠯ ᠵᠦᠢᠯ 52᠂ ᠲᠢᠩᠬᠢᠮ ᠤ᠋ᠨ ᠲᠠᠰ ᠤ᠋ᠨ ᠲᠦᠷᠦᠯ ᠵᠦᠢᠯ 115᠂ ᠤᠯᠤᠰ ᠤ᠋ᠨ ᠬᠤᠭᠤᠷᠤᠨᠳᠤᠬᠢ ᠬᠠᠮᠵᠢᠯᠴᠠᠭᠰᠠᠨ ᠲᠦᠷᠦᠯ ᠵᠦᠢᠯ 6 ᠪᠠᠢᠵᠤ᠂ ᠡᠷᠳᠡᠮ ᠰᠢᠨᠵᠢᠯᠡᠭᠡᠨ ᠤ᠋ ᠲᠦᠷᠦᠯ ᠵᠦᠢᠯ᠎ᠤᠨ ᠲᠡᠳᠬᠦᠮᠵᠢ ᠶ᠋ᠢᠨ ᠠᠯᠪᠠᠨ ᠵᠠᠷᠤᠳᠠᠯ 2856.35 ᠲᠦᠮᠡᠨ ᠲᠥᠭᠥᠷᠢᠭ ᠲᠤ᠌ ᠬᠦᠷᠴᠡᠢ᠃ ᠡᠷᠳᠡᠮ ᠰᠢᠨᠵᠢᠯᠡᠭᠡᠨ᠎ᠦ ᠪᠦᠲᠦᠭᠡᠯ ᠨᠢ ᠤᠯᠤᠰ ᠤ᠋ᠨ ᠲᠡᠰ ᠤ᠋ᠨ ᠡᠷᠳᠡᠮ ᠰᠢᠨᠵᠢᠯᠡᠭᠡᠨ ᠤ᠋ ᠱᠠᠩᠨᠠᠯ ᠢ᠋ 6 ᠤᠳᠠᠭ᠎ᠠ ᠬᠦᠷᠲᠡᠵᠦ᠂ ᠮᠤᠵᠢ ᠶᠠᠮᠤᠨ ᠤ᠋ ᠲᠡᠰ ᠤ᠋ᠨ ᠱᠠᠩᠨᠠᠯ ᠢ᠋ 100 ᠭᠠᠷᠤᠢ ᠤᠳᠠᠭ᠎ᠠ ᠬᠦᠷᠳᠡᠪᠡ᠃

ᠰᠠᠨᠠᠭᠰᠠᠭᠠᠷ ᠪᠠᠢᠵᠤ ᠪᠦᠳᠦᠨ᠎ᠡ᠂ ᠰᠠᠵᠢᠯᠠᠭᠰᠠᠭᠠᠷ ᠪᠠᠢᠵᠤ ᠬᠦᠷᠦᠨ᠎ᠡ᠃ ᠨᠠᠮ ᠵᠠᠰᠠᠭ᠎ᠤᠨ ᠬᠠᠯᠠᠮᠵᠢᠯᠠᠯ ᠵᠢᠡᠷ ᠮᠤᠩᠭᠤᠯ ᠰᠤᠳᠤᠯᠤᠯ ᠤ᠋ᠨ ᠳᠡᠬᠡᠳᠤ ᠰᠤᠷᠭᠠᠭᠤᠯᠢ 1952 ᠣᠨ᠎ᠠᠴᠠ ᠠᠶᠠᠨ᠎ᠤ ᠭᠠᠷᠤᠭ᠎ᠠ᠎ᠪᠠᠨ ᠠᠪᠬᠤ᠎ᠳᠤ 1 ᠪᠠᠭ᠍ᠰᠢ 18 ᠰᠤᠷᠤᠭ᠍ᠴᠢ ᠳᠠᠢ ᠡᠭᠦᠳᠡ᠎ᠪᠡᠨ ᠰᠡᠬᠦᠨ ᠡᠷᠦᠭᠡ᠎ᠪᠡᠨ ᠳᠠᠳᠠᠵᠤ᠂ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠤ ᠬᠡᠯᠡ ᠤᠳᠬ᠎ᠠ ᠵᠣᠬᠢᠶᠠᠯ᠎ᠤᠨ ᠳᠤᠰᠬᠠᠢ ᠮᠡᠷᠭᠡᠵᠢᠯ ᠲᠠᠢ ᠯᠡ ᠪᠠᠢᠯ᠎ᠠ᠃ ᠳᠤᠰ ᠳᠤᠰᠬᠠᠢ ᠮᠡᠷᠬᠡᠵᠢᠯ ᠨᠢ 1958 ᠣᠨ᠎ᠠᠴᠠ ᠡᠬᠢᠯᠡᠨ ᠵᠢᠩᠬᠢᠨᠢ ᠠᠩᠭᠢ ᠵᠢᠨ ᠣᠶᠤᠲᠠᠨ ᠡᠯᠰᠡᠭᠦ ᠪᠣᠯᠵᠤ᠂ 1978 ᠣᠨ᠎ᠠᠴᠠ ᠠᠰᠫᠢᠷᠠᠨᠲ ᠡᠯᠰᠡᠵᠦ᠂ 1981 ᠣᠨ ᠳ᠋ᠦ᠍ ᠳᠤᠮᠳᠠᠳᠦ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠤ ᠬᠡᠯᠡ ᠤᠳᠬ᠎ᠠ ᠵᠣᠬᠢᠶᠠᠯ᠎ᠤᠨ ᠮᠡᠷᠭᠡᠵᠢᠯ᠎ᠦᠨ ᠮᠠᠰᠲᠧᠷ ᠵᠡᠷᠭᠡ ᠣᠯᠭᠣᠬᠤ ᠡᠷᠬᠡ᠎ᠶᠢ ᠭᠤᠶᠤᠴᠢᠯᠠᠨ ᠣᠯᠵᠠᠢ᠃ 1986 ᠣᠨ᠎ᠳᠤ ᠥᠪᠥᠷ ᠮᠣᠩᠭᠣᠯ᠎ᠦᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭᠠᠳᠦ ᠰᠢᠨᠵᠢᠯᠡᠭᠡᠨ᠎ᠦ ᠰᠠᠯᠠᠭ᠎ᠠ᠎ᠪᠠᠷ ᠵᠥᠪᠰᠢᠶᠡᠷᠡᠭᠳᠡᠵᠦ᠂ 2004 ᠣᠨ᠎ᠳᠤ ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ ᠳᠠᠢ ᠬᠠᠮᠲᠤᠷᠠᠵᠤ᠂ ᠳᠤᠮᠳᠠᠳᠤ ᠤᠯᠤᠰ᠎ᠤᠨ ᠬᠡᠯᠡ ᠤᠳᠬ᠎ᠠ ᠵᠣᠬᠢᠶᠠᠯ᠎ᠤᠨ ᠨᠢᠭᠡᠳᠦᠭᠡᠷ ᠳᠠᠰ᠎ᠤᠨ ᠰᠢᠨᠵᠢᠯᠡᠭᠡᠨ᠎ᠦ ᠰᠠᠯᠠᠭ᠎ᠠ ᠵᠢᠨ ᠮᠠᠰᠲᠧᠷ ᠵᠡᠷᠭᠡ ᠣᠯᠭᠣᠬᠤ ᠡᠷᠬᠡ᠎ᠶᠢ ᠭᠤᠶᠤᠴᠢᠯᠠᠨ ᠣᠯᠵᠠᠢ᠃ 2005 ᠣᠨ᠎ᠳᠤ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠤ ᠬᠡᠯᠡ ᠤᠳᠬ᠎ᠠ ᠵᠣᠬᠢᠶᠠᠯ᠎ᠤᠨ ᠮᠡᠷᠭᠡᠵᠢᠯ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠷᠡᠲᠦ ᠮᠡᠷᠭᠡᠵᠢᠯ ᠵᠢᠠᠷ ᠴᠣᠯᠠᠯᠠᠭᠳᠠᠵᠤ᠂ 2018 ᠣᠨ᠎ᠳᠤ ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ ᠲᠠᠢ ᠬᠠᠮᠲᠤᠷᠠᠵᠤ᠂ ᠳᠤᠮᠳᠠᠳᠤ ᠤᠯᠤᠰ᠎ᠤᠨ ᠬᠡᠯᠡ ᠤᠳᠬ᠎ᠠ ᠵᠣᠬᠢᠶᠠᠯ᠎ᠤᠨ ᠨᠢᠭᠡᠳᠦᠭᠡᠷ ᠳᠡᠰ᠎ᠦᠨ ᠰᠢᠨᠵᠢᠯᠡᠭᠡᠨ᠎ᠦ ᠰᠠᠯᠠᠭ᠎ᠠ ᠵᠢᠨ ᠳ᠋ᠣᠺᠲ᠋ᠣᠷ ᠵᠡᠷᠭᠡ ᠣᠯᠭᠣᠬᠤ ᠡᠷᠬᠡ᠎ᠶᠢ ᠭᠤᠶᠤᠴᠢᠯᠠᠨ ᠣᠯᠵᠤ᠂ 2019 ᠣᠨ᠎ᠳᠤ ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠤ ᠬᠡᠯᠡ ᠤᠳᠬ᠎ᠠ ᠵᠣᠬᠢᠶᠠᠯ᠎ᠤᠨ ᠮᠡᠷᠭᠡᠵᠢᠯ ᠨᠢ ᠠᠩᠬᠠᠳᠤᠭᠠᠷ ᠡᠭᠡᠯᠵᠢ ᠵᠢᠨ ᠤᠯᠤᠰ᠎ᠤᠨ ᠳᠡᠰ᠎ᠦᠨ ᠲᠡᠷᠢᠭᠦᠨ᠎ᠤ ᠵᠢᠩᠬᠢᠨᠢ ᠠᠩᠭᠢ ᠵᠢᠨ ᠮᠡᠷᠭᠡᠵᠢᠯ᠎ᠢ ᠪᠦᠲᠦᠭᠡᠨ ᠪᠠᠢᠭᠤᠯᠬᠤ ᠴᠡᠭ ᠵᠢᠠᠷ ᠰᠣᠩᠭᠣᠭᠳᠠᠪᠠ᠃





ᠬᠡᠳᠦᠨ ᠦᠶ᠎ᠡ ᠵᠢᠨ ᠬᠦᠮᠦᠰ᠎ᠤᠨ ᠬᠦᠴᠦᠳᠤ ᠴᠢᠷᠮᠠᠢᠯᠭ᠎ᠠ ᠪᠡᠷ ᠮᠤᠩᠭᠤᠯ ᠰᠤᠳᠤᠯᠤᠯ ᠤ᠋ᠨ ᠳᠡᠬᠡᠳᠤ ᠰᠤᠷᠭᠠᠭᠤᠯᠢ ᠨᠢ ᠮᠤᠩᠭᠤᠯ ᠬᠡᠯᠡ ᠤᠳᠬ᠎ᠠ ᠵᠤᠬᠢᠶᠠᠯ᠎ᠤᠨ ᠰᠠᠯᠪᠤᠷᠢ᠂ ᠤᠷᠴᠢᠭᠤᠯᠭ᠎ᠠ ᠵᠢᠨ ᠰᠠᠯᠪᠤᠷᠢ᠂ ᠮᠤᠩᠭᠤᠯ ᠬᠡᠯᠡ ᠤᠳᠬ᠎ᠠ ᠵᠤᠬᠢᠶᠠᠯ ᠰᠤᠳᠤᠯᠬᠤ ᠭᠠᠵᠠᠷ᠂ ᠮᠤᠩᠭᠤᠯ ᠰᠤᠳᠤᠯᠤᠯ᠎ᠤᠨ ᠤᠯᠠᠨ ᠤᠯᠤᠰ᠎ᠤᠨ ᠰᠤᠳᠤᠯᠭᠠᠨ᠎ᠤ ᠲᠦᠪ᠂ ᠤᠯᠠᠨ ᠤᠯᠤᠰ᠎ᠤᠨ ᠮᠤᠩᠭᠤᠯ ᠰᠤᠷᠪᠤᠯᠵᠢ ᠪᠢᠴᠢᠭ᠎ᠤᠨ ᠰᠤᠳᠤᠯᠭᠠᠨ᠎ᠤ ᠲᠦᠪ᠂ ᠳᠤᠮᠳᠠᠳᠤ ᠤᠯᠤᠰ᠎ᠤᠨ ᠴᠦᠬᠡᠨ ᠳᠤᠭᠠᠳᠤ ᠦᠨᠳᠦᠰᠦᠳᠡᠨ᠎ᠤ ᠤᠳᠬ᠎ᠠ ᠵᠤᠬᠢᠶᠠᠯ᠎ᠤᠨ ᠰᠤᠳᠤᠯᠭᠠᠨ᠎ᠤ ᠲᠦᠪ᠂ ᠳᠤᠮᠳᠠᠳᠤ ᠤᠯᠤᠰ᠎ᠤᠨ ᠴᠦᠬᠡᠨ ᠳᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ᠎ᠤᠨ ᠮᠦᠽᠧᠢ ᠵᠡᠷᠬᠡ ᠵᠢ ᠪᠠᠢᠭᠤᠯᠪᠠ᠃ 《ᠳᠡᠷᠢᠬᠦᠨ ᠤ᠋ ᠰᠢᠨᠵᠢᠯᠡᠬᠡᠨ᠎ᠤ ᠰᠠᠯᠠᠭ᠎ᠠ ᠵᠢ ᠪᠠᠢᠭᠤᠯᠬᠤ᠂ ᠵᠢᠭᠠᠨ ᠰᠤᠷᠭᠠᠯᠳᠠ ᠪᠠ ᠡᠷᠳᠡᠮ ᠰᠢᠨᠵᠢᠯᠡᠬᠡᠨ ᠢ᠋ ᠬᠤᠤᠰᠯᠠᠭᠤᠯᠤᠭᠰᠠᠨ ᠳᠡᠬᠡᠳᠤ ᠰᠤᠷᠭᠠᠭᠤᠯᠢ ᠪᠤᠯᠭᠠᠨ ᠪᠠᠢᠭᠤᠯᠬᠤ᠂ ᠵᠢᠭᠠᠨ ᠰᠤᠷᠭᠠᠯᠳᠠ᠂ ᠡᠷᠳᠡᠮ ᠰᠢᠨᠵᠢᠯᠡᠬᠡᠨ᠂ ᠬᠠᠮᠢᠶᠠᠷᠤᠯᠳᠠ᠂ ᠰᠤᠷᠭᠠᠭᠤᠯᠢ ᠵᠢᠨ ᠤᠷᠴᠢᠨ ᠳᠤᠭᠤᠷᠢᠨ᠂ ᠨᠡᠢᠬᠡᠮ᠎ᠤᠨ ᠦᠢᠯᠡᠴᠢᠯᠡᠬᠡ ᠵᠢᠨ ᠳᠠᠯ᠎ᠠ ᠪᠡᠷ ᠳᠡᠷᠢᠬᠦᠨ᠎ᠤ ᠪᠠᠢᠬᠤ 〈ᠳᠠᠪᠤᠨ ᠳᠡᠷᠢᠬᠦᠨ〉 ᠤ᠋ ᠳᠡᠬᠡᠳᠤ ᠰᠤᠷᠭᠠᠭᠤᠯᠢ ᠪᠤᠯᠭᠠᠨ ᠪᠠᠢᠭᠤᠯᠬᠤ》 ᠰᠢᠨ᠎ᠠ ᠴᠠᠭ ᠦᠶ᠎ᠠ ᠳ᠋ᠤ ᠰᠢᠨ᠎ᠠ ᠬᠠᠷᠠᠯᠳᠠ ᠳᠤᠭᠳᠠᠭᠠᠭᠰᠠᠨ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ ᠰᠠᠷᠠᠭᠤᠯ ᠢᠷᠡᠬᠡᠳᠦᠢ ᠵᠦᠭ ᠵᠢᠡᠨ ᠢᠳᠡᠬᠡᠯ ᠳᠡᠬᠦᠯᠳᠡᠷ ᠤᠷᠤᠭᠰᠢᠯᠠᠨ᠎ᠠ᠃


4449992_guansq_1660792090114_m.jpg


70 ᠵᠢᠯ᠎ᠦᠨ ᠲᠡᠦᠬᠡᠨ ᠤᠯᠪᠠᠭ᠎ᠠ ᠪᠡᠷ ᠰᠢᠵᠢᠮᠯᠡᠭᠰᠡᠨ ᠰᠣᠶᠣᠯ᠎ᠤᠨ ᠥᠪ᠂ 70 ᠵᠢᠯ᠎ᠦᠨ ᠬᠢᠴᠢᠶᠡᠯ ᠵᠢᠳᠬᠦᠯ ᠵᠢᠠᠷ ᠲᠠᠮᠠᠭᠠᠯᠠᠭᠳᠠᠭᠰᠠᠨ ᠮᠥᠩᠬᠡ ᠵᠢᠨ ᠬᠠᠭᠤᠳᠠᠰᠤ ᠁ ᠤᠯᠤᠰ ᠦᠨᠳᠦᠰᠦᠲᠡᠨ᠎ᠤ ᠬᠥᠭᠵᠢᠯ ᠳᠠᠪᠰᠢᠯᠳᠠ᠎ᠳᠦ ᠦᠶ᠎ᠡ ᠦᠶ᠎ᠡ ᠵᠢᠨ ᠰᠣᠳᠣᠨ ᠬᠥᠪᠡᠭᠦᠳ ᠥᠬᠢᠳ᠎ᠢᠶᠡᠨ ᠬᠥᠮᠥᠵᠢᠭᠦᠯᠵᠦ ᠶᠠᠪᠤᠭ᠎ᠠ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠮᠠᠨᠢ ᠤ᠌ᠢ ᠵᠢᠨ ᠪᠠᠶᠠᠷ ᠵᠢᠠᠨ ᠡᠢᠨ ᠬᠦ᠌ ᠲᠡᠮᠳᠡᠭᠯᠡᠯ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面