ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2025-02-06 17:21:26

ᠵᠣᠬᠢᠶᠠᠭ᠍ᠴᠢ᠄ ​ᠨᠠᠪᠴᠢ ᠣᠩᠱᠢᠭ᠍ᠰᠠᠨ ᠣᠳᠠᠭ᠎ᠠ᠄ 3

ᠣᠢᠷ᠎ᠠ᠎ᠳᠤ ᠮᠠᠨ ᠤ᠋ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠡᠷ ᠲᠤᠳᠤᠷᠠᠬᠢ ᠲᠠᠪᠤᠨ ᠬᠥᠮᠥᠨ᠎ᠦ ᠳᠦᠷᠢᠮᠲᠦ ᠬᠣᠯᠪᠣᠭᠠᠲᠤ ᠤᠷᠤᠯᠳᠤᠭᠠᠨ (ᠳᠡᠭᠡᠳᠦ ᠵᠡᠷᠭᠡ᠎ᠶᠢᠨ ᠠᠵᠢᠯ ᠮᠡᠷᠭᠡᠵᠢᠯ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠳᠤᠭᠤᠢᠯᠠᠩ) ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠬᠡᠵᠢᠯ᠎ᠤᠨ ᠳᠡᠬᠡᠳᠤ ᠰᠤᠷᠭᠠᠭᠤᠯᠢ ᠳ᠋ᠤ ᠦᠨᠳᠦᠷᠯᠡᠪᠡ᠃

ᠤᠷᠤᠯᠳᠤᠭᠠᠨ ᠳ᠋ᠤ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ 22 ᠪᠦᠯᠬᠦᠮ᠎ᠤᠨ 300 ᠰᠢᠬᠠᠮ ᠲᠠᠮᠢᠷᠴᠢᠨ ᠣᠷᠣᠯᠴᠠᠵᠤ᠂ ᠰᠢᠯᠢ᠎ᠶᠢᠨ ᠭᠣᠣᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠮᠠᠩᠯᠠᠢᠯᠠᠵᠤ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠡᠳ᠋ᠯᠡᠵᠦ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠭᠤᠲᠠᠭᠠᠷ ᠲᠤ᠌ ᠤᠷᠤᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠤᠷᠤᠯᠳᠤᠭᠠᠨ᠎ᠤ ᠠᠵᠢᠯᠯᠠᠭ᠎ᠠ᠎ᠶᠢ ᠠᠮᠵᠢᠯᠲᠠ᠎ᠲᠠᠢ ᠡᠷᠭᠢᠯᠡᠭᠰᠡᠨ ᠨᠢ ᠮᠠᠨ᠎ᠤ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶᠢᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠦᠢᠯᠡᠰ᠎ᠦᠨ ᠬᠥᠭᠵᠢᠯᠲᠡ᠎ᠶᠢ ᠴᠢᠬᠤᠯᠠᠴᠢᠯᠠᠵᠤ ᠪᠠᠢᠬᠤ᠎ᠶᠢ ᠬᠠᠷᠠᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢ ᠥᠷᠭᠡᠨ᠎ᠢᠶᠡᠷ ᠲᠦᠭᠡᠮᠡᠯᠵᠢᠭᠦᠯᠬᠦ ᠪᠠ ᠡᠷᠡᠭᠦᠯ᠎ᠢᠶᠡᠷ ᠬᠥᠭᠵᠢᠭᠦᠯᠬᠦ᠎ᠶᠢ ᠤᠯᠠᠮ ᠴᠢᠨᠠᠭᠰᠢᠳᠠ ᠠᠬᠢᠭᠤᠯᠪᠠ᠃ 2025 ᠣᠨ᠎ᠳᠤ ᠥᠪᠡᠷᠲᠡᠭᠡᠨ ᠵᠠᠰᠠᠬᠤ ᠣᠷᠣᠨ᠎ᠠᠴᠠ ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠤᠯᠠᠮ ᠴᠢᠨᠠᠭᠰᠢᠳᠠ ᠨᠠᠢᠳᠠᠪᠤᠷᠢᠵᠢᠭᠤᠯᠵᠤ᠂ ᠲᠠᠮᠢᠷ᠎ᠤᠨ ᠤᠷᠤᠯᠳᠤᠭᠠᠨ᠎ᠤ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠬᠦ ᠪᠡᠷ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面