ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-10-13 16:05:10

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠵᠢᠷᠭᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠲᠤᠰᠠᠭᠠᠷ ᠪᠠᠢᠭᠤᠯᠤᠭᠰᠠᠨ ᠠᠨᠠᠭᠠᠬᠤ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠬᠣᠯᠪᠣᠭᠠᠨ᠎ᠤ ᠣᠨ᠎ᠤ ᠬᠤᠷᠠᠯ ᠵᠢᠴᠢ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠦᠨ ᠪᠠᠢᠭᠤᠯᠤᠯᠲᠠ ᠬᠢᠬᠡᠳ ᠳᠤᠭᠠᠴᠢᠯᠠᠭᠰᠠᠨ ᠤᠶᠤᠨᠴᠢ ᠴᠠᠭ ᠦᠶ᠎ᠡ᠎ᠶᠢᠨ ᠠᠨᠠᠭᠠᠬᠤ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠦᠨᠡᠯᠡᠯᠳᠡ ᠦᠬᠡᠷᠡᠴᠢᠯᠡᠯᠳᠡ ᠵᠢᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳ᠋ᠤ ᠶᠠᠪᠤᠭᠳᠠᠪᠠ᠃

ᠲᠤᠰ ᠤᠳᠠᠭᠠᠨ᠎ᠤ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠤᠯᠪᠤᠭᠠᠳᠤ ᠬᠤᠷᠠᠯ ᠡᠴᠡ ᠵᠢᠯᠤᠭᠤᠳᠴᠤ᠂ ᠪᠦᠬᠦ ᠤᠯᠤᠰ᠎ᠤᠨ ᠲᠤᠰᠠᠭᠠᠷ ᠪᠠᠢᠭᠤᠯᠤᠭᠰᠠᠨ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠬᠣᠯᠪᠣᠭ᠎ᠠ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠠᠴᠠ ᠭᠤᠤᠯᠯᠠᠨ ᠡᠷᠬᠢᠯᠡᠪᠡ᠃ ᠬᠤᠷᠠᠯ ᠳ᠋ᠤ 30 ᠭᠠᠷᠤᠢ ᠶᠡᠬᠡ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠨ᠂ ᠨᠢᠭᠡᠳᠦᠭᠡᠷ ᠹᠷᠣᠨᠲ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠭ᠍ᠰᠢ᠂ ᠠᠰᠫᠢᠷᠠᠨᠲ᠎ᠤᠨ ᠰᠤᠳᠤᠯᠬᠤ ᠰᠤᠷᠤᠭ᠍ᠴᠢ᠎ᠶᠢᠨ ᠲᠥᠯᠥᠭᠡᠯᠡᠭᠴᠢ 200 ᠰᠢᠬᠠᠮ ᠬᠥᠮᠥᠨ ᠴᠤᠭᠯᠠᠷᠠᠵᠤ᠂ ᠤᠨᠤᠯ᠎ᠤᠨ ᠰᠤᠳᠤᠯᠤᠨ ᠶᠠᠷᠢᠯᠴᠠᠬᠤ᠂ ᠬᠤᠪᠢᠶᠠᠷᠢ ᠶᠠᠷᠢᠶᠠᠨ᠎ᠤ ᠲᠠᠪᠴᠠᠩ᠎ᠤᠨ ᠰᠣᠯᠢᠯᠴᠠᠭ᠎ᠠ᠂ ᠦᠢᠯᠡᠳᠦᠯᠭᠡ᠎ᠪᠠ ᠰᠤᠳᠤᠯᠤᠨ ᠰᠤᠷᠤᠯᠴᠠᠬᠤ᠎ᠶᠢ ᠤᠶᠠᠯᠳᠤᠭᠤᠯᠬᠤ ᠬᠡᠯᠪᠡᠷᠢ᠎ᠪᠡᠷ ᠠᠨᠠᠭᠠᠬᠤ ᠤᠬᠠᠭᠠᠨ᠎ᠤ ᠣᠨᠴᠠᠯᠢᠭ ᠪᠦᠬᠦᠢ ᠮᠠᠷᠺᠰ᠎ᠤᠨ ᠦᠵᠡᠯ᠎ᠦᠨ ᠤᠨᠤᠯ᠎ᠤᠨ ᠰᠢᠨᠵᠢᠯᠡᠭᠡᠨ᠎ᠦ ᠰᠠᠯᠠᠭ᠎ᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠠᠷᠭ᠎ᠠ ᠵᠠᠮ᠎ᠢ ᠬᠠᠮᠲᠤ ᠪᠠᠷ ᠶᠠᠷᠢᠯᠴᠠᠪᠠ᠃

ᠬᠤᠷᠠᠯ᠎ᠠᠴᠠ 《ᠡᠷᠡᠭᠦᠯ ᠡᠩᠬᠡ ᠳᠤᠮᠳᠠᠳᠤ ᠤᠯᠤᠰ》 ᠪᠦᠬᠦ ᠤᠯᠤᠰ᠎ᠤᠨ ᠲᠤᠰᠠᠭᠠᠷ ᠲᠣᠬᠢᠷᠠᠭᠤᠯᠤᠭᠰᠠᠨ ᠠᠨᠠᠭᠠᠬᠤ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠬᠤᠯᠪᠤᠭ᠎ᠠ ᠵᠢᠨ ᠲᠣᠭᠠᠴᠢᠯᠠᠭᠰᠠᠨ ᠦᠵᠡᠯ ᠰᠠᠨᠠᠭ᠎ᠠ ᠤᠯᠤᠰ ᠲᠦᠷᠦ᠎ᠶᠢᠨ ᠭᠠᠵᠠᠷ᠎ᠤᠨ ᠵᠢᠷᠤᠭ᠎ᠢ ᠨᠡᠢᠳᠡᠯᠡᠪᠡ᠃ ᠡᠨᠡ ᠎ᠬᠦ ᠲᠣᠭᠠᠴᠢᠯᠠᠭᠰᠠᠨ ᠲᠠᠪᠴᠠᠩ ᠨᠢ ᠪᠥᠬᠥ ᠤᠯᠤᠰ᠎ᠤᠨ ᠠᠨᠠᠭᠠᠬᠤ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠬᠤᠪᠢᠰᠬᠠᠯ᠎ᠤᠨ ᠦᠢᠯᠡᠳᠦᠯᠭᠡ᠎ᠶᠢᠨ ᠡᠬᠢ ᠪᠠᠶᠠᠯᠢᠭ᠋᠂ ᠲᠣᠭᠠᠴᠢᠯᠠᠭᠰᠠᠨ ᠵᠢᠭᠠᠨ ᠰᠤᠷᠭᠠᠯᠲᠠ᠎ᠶᠢᠨ ᠵᠢᠱ᠌ᠢᠶ᠎ᠡ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠦᠨ ᠬᠥᠮᠥᠷᠭᠡ᠎ᠶᠢ ᠨᠡᠢᠳᠬᠡᠵᠦ᠂ ᠰᠤᠷᠭᠠᠭᠤᠯᠢ᠎ᠶᠢᠨ ᠬᠣᠭᠣᠷᠣᠨᠳᠣᠬᠢ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ ᠵᠢᠨ ᠪᠡᠬᠢᠯᠡᠯᠲᠡ᠎ᠶᠢ ᠨᠠᠪᠲᠠᠷᠡᠭᠦᠯᠵᠦ᠂ ᠲᠣᠭᠠᠴᠢᠯᠠᠭᠰᠠᠨ ᠠᠷᠭ᠎ᠠ ᠪᠠᠷᠢᠯ᠎ᠢᠶᠠᠷ ᠠᠨᠠᠭᠠᠬᠤ ᠤᠬᠠᠭᠠᠨ᠎ᠳᠦ ᠲᠤᠰᠬᠠᠢ ᠬᠠᠷᠢᠶᠠᠯᠠᠭᠳᠠᠬᠤ ᠦᠵᠡᠯ ᠰᠠᠨᠠᠭ᠎ᠠ ᠤᠯᠤᠰ ᠲᠥᠷᠥ᠎ᠪᠡᠷ ᠬᠥᠮᠥᠨ ᠢ᠋ ᠬᠥᠮᠥᠵᠢᠭᠦᠯᠬᠦ ᠬᠠᠮᠲᠤ᠎ᠶᠢᠨ ᠴᠣᠭᠴᠠ᠎ᠶᠢ ᠪᠠᠢᠭᠤᠯᠵᠤ᠂ ᠳᠤᠭᠠᠴᠢᠯᠠᠭᠰᠠᠨ ᠴᠠᠭ ᠦᠶ᠎ᠡ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠳᠤ ᠰᠢᠨ᠎ᠡ ᠲᠥᠰᠥᠯ ᠬᠠᠩᠭᠠᠭᠰᠠᠨ ᠪᠠᠢᠨ᠎ᠠ᠃

ᠪᠡᠭᠡᠵᠢᠩ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠂ ᠦᠬᠠᠨ ᠶᠡᠬᠡ ᠰᠤᠷᠭᠠᠭᠤᠯᠢ᠂ ᠲᠦᠩ ᠵᠢᠢ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ  ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠢᠨ᠎ᠦ ᠬᠤᠯᠪᠤᠭᠠᠳᠤ ᠬᠤᠷᠠᠯ ᠡᠴᠡ ᠵᠢᠯᠤᠭᠤᠳᠴᠤ᠂ ᠪᠦᠬᠦ ᠤᠯᠤᠰ᠎ᠤᠨ ᠲᠤᠰᠠᠭᠠᠷ ᠪᠠᠢᠭᠤᠯᠤᠭᠰᠠᠨ ᠠᠨᠠᠭᠠᠬᠤ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠬᠣᠯᠪᠣᠭᠠᠨ᠎ᠤ ᠬᠡᠷᠡᠭ ᠡᠷᠬᠢᠯᠡᠬᠦ ᠨᠢᠭᠡᠴᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠨ ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠂ AI+ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠦᠨᠡᠯᠡᠯᠲᠡ᠎ᠶᠢᠨ ᠰᠢᠰᠲᠧᠮ᠎ᠦᠨ ᠪᠠᠢᠭᠤᠯᠤᠯᠲᠠ᠂ ᠥᠪᠥᠷ ᠮᠣᠩᠭᠣᠯ᠎ᠤᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠥᠭᠵᠢᠯᠲᠡ᠎ᠶᠢᠨ ᠠᠮᠵᠢᠯᠲᠠ ᠪᠦᠲᠦᠮᠵᠢ ᠵᠡᠷᠭᠡ᠎ᠶᠢᠨ ᠲᠣᠭᠣᠷᠢᠨ᠎ᠳᠤ ᠭᠦᠨᠵᠡᠭᠡᠢ ᠲᠠᠢᠯᠪᠤᠷᠢᠯᠠᠯᠲᠠ ᠬᠢᠵᠦ᠂ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠭᠣᠣᠯ ᠠᠰᠠᠭᠤᠳᠠᠯ᠎ᠳᠤ ᠬᠠᠷᠢᠭᠤᠯᠲᠠ ᠥᠭᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面