ᠲᠡᠷᠢᠭᠦᠨ ᠨᠢᠭᠤᠷ>ᠰᠤᠷᠭᠠᠨ ᠬᠦᠮᠦᠵᠢᠯ >ᠶᠡᠬᠡ ᠳᠡᠭᠡᠲᠦ ᠰᠣᠷᠭᠠᠭᠣᠯᠢ

2026-10-19 11:05:42

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

10 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠶᠡᠬᠡ ᠳᠡᠭᠡᠳᠦ ᠰᠤᠷᠭᠠᠭᠤᠯᠢ᠎ᠲᠠᠢ ᠬᠠᠮᠲᠤᠷᠠᠵᠤ᠂ 2027 ᠤᠨ᠎ᠤ ᠶᠡᠬᠡ ᠳᠡᠭᠡᠳᠦ ᠰᠤᠷᠭᠠᠭᠤᠯᠢ᠎ᠳᠡᠬᠦᠰᠬᠦ ᠤᠶᠤᠳᠠᠳ ᠲᠤ᠌ ᠬᠠᠨᠳᠤᠭᠤᠯᠤᠨ 30 ᠰᠢᠬᠠᠮ ᠤᠳᠠᠭ᠎ᠠ᠎ᠶᠢᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠵᠦ᠂ ᠳᠡᠬᠦᠰᠬᠦ ᠤᠶᠤᠳᠠᠳ᠎ᠤᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠬᠤ᠎ᠪᠠᠷ ᠪᠠᠢᠨ᠎ᠠ᠃

ᠠᠵᠢᠯᠲᠠᠨ ᠤᠷᠢᠵᠤ ᠡᠯᠰᠡᠬᠦ ᠰᠢᠷᠢᠰ ᠠᠵᠢᠯᠯᠠᠭ᠎ᠠ ᠶ᠋ᠢᠨ ᠬᠠᠮᠤᠷᠬᠤ ᠬᠡᠪᠴᠢᠶ᠎ᠡ ᠨᠢ ᠥᠷᠭᠡᠨ ᠪᠠᠢᠵᠤ᠂ ᠨᠠᠮᠤᠷ᠎ᠤᠨ ᠤᠯᠠᠷᠢᠯ᠎ᠤᠨ ᠲᠣᠮᠣ᠌ ᠬᠡᠯᠪᠡᠷᠢ᠎ᠶᠢᠨ ᠠᠵᠢᠯᠲᠠᠨ ᠤᠷᠢᠵᠤ ᠡᠯᠰᠡᠬᠦ ᠴᠤᠭᠯᠠᠭᠠᠨ ᠡᠴᠡ ᠭᠠᠳᠠᠨ᠎ᠠ᠂ ᠡᠳ᠋᠎ᠦᠨ ᠵᠠᠰᠠᠭ ᠠᠵᠤ ᠠᠬᠤᠢ᠎ᠶᠢᠨ ᠲᠥᠷᠥᠯ᠂ ᠤᠶᠤᠨᠳᠤ ᠦᠢᠯᠡᠳᠭᠡᠯ᠎ᠤᠨ ᠲᠥᠷᠥᠯ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠥᠷᠥᠯ ᠵᠡᠷᠭᠡ ᠲᠤᠰᠬᠠᠢ ᠠᠵᠢᠯᠲᠠᠨ ᠤᠷᠢᠵᠤ ᠡᠯᠰᠡᠬᠦ ᠴᠤᠭᠯᠠᠭᠠᠨ᠎ᠢ ᠵᠣᠬᠢᠶᠠᠨ ᠪᠠᠢᠭᠤᠯᠵᠤ ᠥᠷᠨᠢᠭᠦᠯᠦᠨ᠎ᠡ; ᠶᠡᠬᠡ ᠳᠡᠭᠡᠳᠦ ᠰᠤᠷᠭᠠᠭᠤᠯᠢ᠎ᠶᠢᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠤᠷᠢᠵᠤ ᠡᠯᠰᠡᠬᠦ ᠠᠵᠢᠯᠯᠠᠭ᠎ᠠ᠎ᠶᠢᠨ ᠲᠠᠯ᠎ᠠ᠎ᠪᠠᠷ᠂ ᠡᠯ᠎ᠡ ᠳᠡᠭᠡᠳᠦ ᠰᠤᠷᠭᠠᠭᠤᠯᠢ ᠲᠣᠰ ᠪᠡᠶ᠎ᠡ᠎ᠶᠢᠨ ᠲᠤᠰᠬᠠᠢ ᠮᠡᠷᠭᠡᠵᠢᠯ᠎ᠦᠨ ᠳᠠᠪᠠᠭᠤᠯᠢᠭ᠋ ᠵᠢᠴᠢ ᠣᠨᠴᠠᠯᠢᠭ᠋᠎ᠲᠠᠢ᠎ᠪᠠᠨ ᠤᠶᠠᠯᠳᠤᠭᠤᠯᠤᠨ᠂ ᠠᠵᠢᠯ ᠣᠯᠭᠣᠯᠲᠠ᠎ᠶᠢᠨ ᠵᠥᠪᠳᠡᠯᠴᠡᠭᠡᠷ᠎ᠦᠨ ᠬᠤᠷᠠᠯ᠂ ᠳᠠᠳᠤᠯᠭ᠎ᠠ᠎ᠶᠢᠨ ᠠᠵᠢᠯ᠎ᠤᠨ ᠪᠠᠢᠷᠢ ᠰᠣᠩᠭᠣᠬᠤ ᠬᠤᠷᠠᠯ᠂ ᠬᠠᠩᠭᠠᠯᠭ᠎ᠠ ᠬᠡᠷᠡᠭᠴᠡᠭᠡ ᠵᠢ ᠵᠤᠯᠭᠠᠭᠤᠯᠬᠤ ᠬᠤᠷᠠᠯ᠂ 《ᠠᠤᠭ᠎ᠠ ᠬᠦᠰᠡᠯᠡᠩ᠎ᠢ ᠳᠡᠮᠵᠢᠬᠦ ᠲᠥᠯᠥᠪᠯᠡᠭᠡ》 ᠲᠤᠰᠬᠠᠢ ᠠᠵᠢᠯᠲᠠᠨ ᠤᠷᠢᠵᠤ ᠡᠯᠰᠡᠬᠦ ᠴᠤᠭᠯᠠᠭᠠᠨ ᠵᠡᠷᠭᠡ᠎ᠶᠢ ᠥᠷᠨᠢᠭᠦᠯᠵᠦ᠂ ᠠᠳᠠᠯᠢ ᠪᠤᠰᠤ ᠲᠤᠰᠬᠠᠢ ᠮᠡᠷᠭᠡᠵᠢᠯ᠎ᠦᠨ ᠲᠡᠭᠦᠰᠬᠦ ᠰᠤᠷᠤᠭ᠍ᠴᠢᠳ᠎ᠲᠤ ᠡᠯᠪᠡᠭ ᠪᠠᠶᠠᠯᠢᠭ᠋ ᠣᠯᠠᠨ ᠡᠰᠢᠲᠦ᠂ ᠲᠣᠬᠢᠷᠠᠯᠴᠠᠬᠤ ᠴᠢᠨᠠᠷ᠎ᠢᠶᠠᠷ ᠴᠢᠩᠭ᠎ᠠ ᠠᠵᠢᠯ᠎ᠤᠨ ᠪᠠᠢᠷᠢ᠎ᠶᠢᠨ ᠡᠬᠢ ᠪᠠᠶᠠᠯᠢᠭ  ᠬᠠᠩᠭᠠᠨ᠎ᠠ ᠃

20 ᠭᠠᠷᠤᠢ ᠤᠳᠠᠭᠠᠨ᠎ᠤ ᠠᠬᠤᠢ ᠳᠠᠯᠠᠪᠠᠢ ᠵᠢᠨ ᠠᠵᠢᠯᠲᠠᠨ ᠤᠷᠢᠵᠤ ᠡᠯᠰᠡᠬᠦ ᠴᠤᠭᠯᠠᠭᠠᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠠᠰᠠ ᠥᠪᠥᠷ ᠮᠣᠩᠭᠣᠯ᠎ᠤᠨ ᠣᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ᠂ ᠣᠲᠣ᠌ ᠦᠶ᠎ᠡ᠎ᠶᠢᠨ ᠦᠢᠯᠡᠴᠢᠯᠡᠭᠡᠨ᠎ᠦ ᠲᠥᠷᠥᠯ᠂ ᠡᠨᠧᠷᠭᠢ᠎ᠶᠢᠨ ᠲᠥᠷᠥᠯ᠂ ᠰᠤᠷᠭᠠᠨ ᠬᠥᠮᠦᠵᠢᠯ᠎ᠦᠨ ᠲᠥᠷᠥᠯ ᠵᠡᠷᠭᠡ ᠣᠯᠠᠨ ᠤᠳᠠᠭᠠᠨ᠎ᠤ ᠰᠢᠭᠤᠳ ᠨᠡᠪᠲᠡᠷᠡᠭᠦᠯᠭᠡ᠎ᠶᠢᠨ ᠠᠵᠢᠯ᠎ᠤᠨ ᠪᠠᠢᠷᠢ ᠳᠠᠨᠢᠯᠴᠠᠭᠤᠯᠬᠤ ᠠᠵᠢᠯᠲᠠᠨ ᠡᠤᠷᠢᠵᠤ ᠡᠯᠰᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠵᠤ᠂ ᠬᠥᠮᠥᠨ ᠬᠡᠷᠡᠭᠯᠡᠬᠦ ᠨᠢᠭᠡᠴᠢ ᠵᠢᠴᠢ ᠲᠡᠭᠦᠰᠬᠦ ᠰᠤᠷᠤᠭ᠍ᠴᠢᠳ᠎ᠲᠤ 《ᠡᠭᠦᠯᠡᠨ ᠦᠵᠦᠭᠦᠷᠯᠢᠭ》 ᠤ᠋ᠨ ᠨᠡᠪᠲᠡᠷᠡᠯᠴᠡᠬᠦ ᠲᠠᠪᠴᠠᠩ᠎ᠢ ᠪᠠᠢᠭᠤᠯᠤᠨ ᠥᠭᠴᠦ᠂ ᠨᠠᠩ ᠣᠯᠠᠨ ᠲᠡᠭᠦᠰᠬᠦ ᠰᠤᠷᠤᠭ᠍ᠴᠢᠳ᠎ᠲᠤ ᠠᠰᠢᠭ᠋ ᠬᠦᠷᠲᠡᠭᠡᠨ᠎ᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠥᠪᠥᠷ ᠮᠣᠩᠭᠣᠯ᠎ᠤᠨ ᠠᠷᠪᠠᠨ ᠶᠡᠬᠡ ᠠᠵᠤ ᠦᠢᠯᠡᠰ᠎ᠦᠨ ᠪᠦᠯᠦᠭᠯᠡᠯ᠎ᠲᠠᠢ ᠨᠢᠭ᠍ᠲᠠ ᠤᠶᠠᠯᠳᠤᠭᠤᠯᠤᠨ᠂ 10 ᠲᠠᠯᠠᠪᠤᠷ ᠰᠢᠭᠤᠳ ᠨᠠᠪᠲᠠᠷᠡᠭᠦᠯᠬᠡ ᠪᠡᠷ ᠠᠵᠢᠯ᠎ᠤᠨ ᠪᠠᠢᠷᠢ ᠳᠠᠨᠢᠯᠴᠠᠭᠤᠯᠬᠤ ᠠᠵᠢᠯᠯᠠᠭ᠎ᠠ᠎ᠶᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ ᠪᠤᠢ᠃  ᠨᠢᠭᠡ᠎ᠳᠦ᠂ ᠠᠵᠤ ᠠᠬᠤᠢᠯᠠᠯ᠎ᠳᠤ ᠣᠴᠢᠵᠤ ᠠᠵᠢᠯ᠎ᠤᠨ ᠪᠠᠢᠷᠢ᠎ᠶᠢ ᠬᠠᠢᠵᠤ᠂ ᠠᠵᠤ ᠠᠬᠤᠢᠯᠠᠯ᠎ᠳᠤ ᠭᠦᠨᠵᠡᠭᠡᠢᠷᠡᠨ ᠦᠨᠡᠨ ᠪᠣᠳᠠᠲᠠᠢ ᠠᠵᠢᠯ᠎ᠤᠨ ᠣᠷᠴᠢᠨ ᠨᠥᠬᠥᠴᠡᠯ᠎ᠢ ᠰᠡᠭᠦᠳᠡᠷᠯᠡᠨ᠂ ᠸᠢᠳᠢᠤ᠋ ᠦᠢᠯᠡᠳᠴᠦ᠂ ᠰᠤᠷᠤᠭ᠍ᠴᠢᠳ᠎ᠲᠤ ᠠᠵᠤ ᠠᠬᠤᠢᠯᠠᠯ᠎ᠤᠨ ᠪᠣᠳᠠᠲᠠᠢ ᠪᠠᠢᠳᠠᠯ᠎ᠢ ᠤᠷᠢᠳᠴᠢᠯᠠᠨ ᠣᠢᠯᠠᠭᠠᠭᠤᠯᠤᠨ᠎ᠠ; ᠬᠣᠶᠠᠷ᠎ᠲᠤ᠂ ᠠᠵᠢᠯ ᠲᠥᠷᠥᠯ᠎ᠦᠨ ᠠᠵᠢᠯ ᠣᠯᠭᠣᠯᠲᠠ᠎ᠶᠢᠨ ᠪᠠᠢᠳᠠᠯ᠎ᠤᠨ ᠲᠤᠬᠠᠢ ᠶᠠᠷᠢᠯᠴᠠᠭ᠎ᠠ ᠥᠷᠨᠢᠭᠦᠯᠵᠦ᠂ ᠠᠵᠢᠯ ᠲᠥᠷᠥᠯ᠎ᠦᠨ ᠲᠥᠯᠥᠭᠡᠯᠡᠬᠦ ᠴᠢᠨᠠᠷᠲᠠᠢ ᠠᠵᠤ ᠠᠬᠤᠢᠯᠠᠯ᠎ᠢ ᠤᠷᠢᠵᠤ ᠰᠢᠭᠤᠳ ᠨᠡᠪᠲᠡᠷᠡᠭᠦᠯᠬᠡ ᠵᠢᠨ ᠲᠠᠰᠤᠭ᠎ᠲᠤ ᠣᠷᠣᠯᠴᠠᠭᠤᠯᠵᠤ᠂ ᠰᠤᠷᠤᠭ᠍ᠴᠢᠳ ᠲᠸ᠋ ᠲᠣᠰ ᠠᠵᠢᠯ ᠲᠥᠷᠥᠯ᠎ᠦᠨ ᠠᠵᠢᠯ ᠣᠯᠭᠣᠯᠲᠠ᠎ᠶᠢᠨ ᠬᠤᠪᠢᠷᠠᠯᠲᠠ᠂ ᠴᠠᠯᠢᠩ ᠬᠥᠯᠥᠰᠦ ᠣᠯᠭᠣᠮᠵᠢ ᠵᠢᠴᠢ ᠪᠦᠷᠢᠯᠳᠦᠭᠦᠯᠬᠦ ᠴᠢᠬᠤᠯᠠᠲᠠᠢ ᠤᠷ᠎ᠠ ᠴᠢᠳᠠᠪᠤᠷᠢ᠎ᠶᠢ ᠣᠢᠯᠠᠭᠠᠭᠤᠯᠤᠨ᠎ᠠ; ᠭᠤᠷᠪᠠ᠎ᠳᠤ᠂ ᠪᠥᠬᠥ ᠣᠷᠣᠨ᠎ᠤ ᠲᠥᠯᠥᠭᠡᠯᠡᠬᠦ ᠴᠢᠨᠠᠷᠲᠠᠢ ᠶᠡᠬᠡ ᠳᠡᠭᠡᠳᠦ ᠰᠤᠷᠭᠠᠭᠤᠯᠢ᠎ᠶᠢᠨ ᠠᠵᠢᠯ ᠣᠯᠭᠣᠯᠲᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠡᠰᠡᠭ ᠶᠡᠬᠡ ᠳᠡᠭᠡᠳᠦ ᠰᠤᠷᠭᠠᠭᠤᠯᠢ ᠰᠠᠯᠪᠤᠷᠢ᠎ᠶᠢᠨ ᠤᠳᠤᠷᠢᠳᠤᠯᠭ᠎ᠠ᠎ᠵᠢ ᠰᠤᠷᠪᠤᠯᠵᠢᠯᠠᠵᠤ᠂ ᠲᠡᠭᠦᠰᠦᠭᠰᠡᠳ᠎ᠲᠦ ᠠᠵᠢᠯ ᠣᠯᠭᠣᠯᠲᠠ᠎ᠶᠢᠨ ᠵᠢᠯᠣᠭᠣᠳᠤᠯᠭ᠎ᠠ ᠪᠠ ᠰᠠᠨᠠᠭᠤᠯᠭ᠎ᠠ ᠬᠠᠩᠭᠠᠨ᠎ᠠ ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 10 ᠰᠠᠷ᠎ᠠ ᠳ᠋ᠤ 《ᠠᠯᠲᠠᠨ ᠨᠠᠮᠤᠷ᠎ᠤᠨ ᠠᠶᠠᠯᠠᠯ》 ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ ᠰᠢᠷᠢᠰ ᠭᠣᠣᠯ ᠰᠡᠳᠦᠪᠲᠦ ᠠᠵᠢᠯᠯᠠᠭ᠎ᠠ᠎ᠶᠢ ᠡᠬᠢᠯᠡᠭᠦᠯᠵᠦ᠂ ᠬᠢᠯᠢ ᠬᠢᠵᠠᠭᠠᠷ᠎ᠤᠨ ᠲᠥᠯᠦᠪᠵᠢᠭᠦᠯᠭᠡ᠂ ᠠᠵᠢᠯ ᠡᠷᠢᠬᠦ᠎ᠶᠢ ᠬᠠᠪᠰᠤᠷᠤᠨ ᠵᠢᠯᠤᠭᠣᠳᠬᠤ ᠵᠡᠷᠭᠡ ᠣᠯᠠᠨ ᠡᠰᠢᠲᠦ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠲᠡᠭᠦᠰᠬᠦ ᠰᠤᠷᠤᠭ᠍ᠴᠢᠳ᠎ᠢ᠋ ᠬᠦᠳᠦᠯᠦᠨ ᠵᠢᠯᠤᠭᠤᠳᠴᠤ ᠵᠥᠪ ᠣᠨᠣᠪᠴᠢᠲᠠᠶ ᠠᠵᠢᠯ ᠰᠣᠩᠭᠣᠬᠤ ᠦᠵᠡᠯᠲᠡ ᠵᠢ  ᠪᠤᠢ ᠪᠣᠯᠭᠠᠵᠤ᠂ ᠦᠵᠡᠯ ᠰᠠᠨᠠᠭᠠᠨ᠎ᠤ ᠵᠢᠯᠣᠭᠣᠳᠤᠯᠭ᠎ᠠ ᠪᠠ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠬᠦ ᠤᠶᠤᠳᠠᠳ᠎ᠤᠨ ᠠᠵᠢᠯ ᠡᠷᠢᠬᠦ ᠳ᠋ᠤ ᠳᠡᠮᠵᠢᠯᠬᠡ ᠦᠵᠡᠬᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面