2026-10-22 12:12:02
ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ ᠡᠴᠡ 《2025 ᠣᠨ᠎ᠤ ᠤᠯᠤᠰ᠎ᠤᠨ ᠵᠠᠩᠭᠢᠯᠠᠭ᠎ᠠ᠎ᠶᠢᠨ ᠬᠦᠷᠢᠶᠡᠨ᠎ᠳᠡᠬᠢ ᠬᠡᠯᠡᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠴᠢᠳᠠᠪᠤᠷᠢ ᠣᠯᠭᠣᠬᠤ ᠰᠢᠨ᠎ᠡ᠎ᠶᠢ ᠡᠭᠦᠳᠦᠭᠰᠡᠨ ᠲᠦᠷᠦᠯ ᠵᠦᠢᠯ᠎ᠤᠨ ᠬᠡᠷᠡᠭ᠎ᠦᠨ ᠵᠢᠱ᠌ᠢᠶ᠎ᠡ》᠎ᠶᠢᠨ ᠨᠡᠷᠡᠰ᠎ᠢ ᠨᠡᠢᠲᠡᠯᠡᠵᠦ᠂ ᠡᠬᠦᠨ᠎ᠳᠦ ᠥᠪᠥᠷ ᠮᠣᠩᠭᠣᠯ᠎ᠤᠨ ᠶᠡᠬᠡ ᠰᠤᠷᠭᠠᠭᠤᠯᠢ ᠡᠴᠨ ᠲᠡᠪᠰᠢᠬᠦᠯᠦᠭᠰᠡᠨ《ᠮᠣᠩᠭᠣᠯ ᠬᠡᠯᠡᠨ᠎ᠦ ᠣᠶᠤᠨᠴᠢ ᠦᠢᠯᠡᠴᠢᠯᠡᠭᠡᠨ ᠦ ᠲᠠᠪᠴᠠᠩ ᠄ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠷᠠᠭᠠᠨ᠎ᠳᠡᠬᠢ ᠮᠣᠩᠭᠣᠯ ᠬᠡᠯᠡᠨ ᠦ ᠳᠤᠭᠠᠴᠢᠯᠠᠯᠳᠠ ᠣᠶᠤᠨᠴᠢᠯᠠᠯᠳᠠ ᠵᠢᠨ ᠵᠠᠩᠭᠢᠯᠠᠭ᠎ᠠ᠎ᠶᠢᠨ ᠮᠡᠷᠭᠡᠵᠢᠯ ᠦᠨ ᠪᠣᠭᠣᠮᠲᠠ ᠰᠢᠪᠲᠤᠯᠤᠯᠳᠠ》ᠬᠡᠬᠦ ᠪᠦᠳᠦᠬᠡᠯ ᠠᠮᠵᠢᠯᠲᠠ᠎ᠲᠠᠢ ᠰᠣᠩᠭᠣᠭᠳᠠᠪᠠ᠃
ᠡᠨᠡ ᠨᠢ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠳᠠᠬᠢ ᠦᠭᠡ ᠬᠡᠯᠡᠨ᠎ᠦ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ᠂ ᠴᠦᠭᠡᠨ ᠡᠬᠢ ᠪᠠᠶᠠᠯᠢᠭ᠋᠎ᠲᠠᠢ ᠦᠭᠡ ᠬᠡᠯᠡᠨ᠎ᠦ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠦᠨ ᠰᠤᠳᠤᠯᠤᠨ ᠨᠡᠭᠡᠭᠡᠬᠦ ᠬᠦᠷᠢᠶᠡᠨ᠎ᠳᠡᠬᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ ᠪᠣᠳᠠᠲᠤ ᠬᠦᠴᠦᠨ ᠬᠢᠭᠡᠳ ᠦᠷ᠎ᠡ ᠪᠦᠲᠦᠭᠡᠯ ᠢ ᠤᠨᠳᠤᠤᠰᠢᠭᠤᠯᠬᠤ ᠴᠢᠳᠠᠪᠤᠷᠢ᠎ᠶᠢ ᠭᠦᠢᠴᠡᠳ ᠬᠠᠷᠠᠭᠤᠯᠵᠠᠢ᠃ ᠲᠤᠰ ᠦᠷ᠎ᠡ ᠪᠦᠲᠦᠭᠡᠯ ᠢ ᠥᠪᠥᠷ ᠮᠣᠩᠭᠣᠯ᠎ᠤᠨ ᠶᠡᠬᠡ ᠰᠤᠷᠭᠠᠭᠤᠯᠢ ᠶᠢᠨ ᠳᠡᠳ᠋ ᠵᠠᠬᠢᠷᠤᠯ᠂ ᠮᠣᠩᠭᠣᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷᠳᠠᠪᠬᠤᠷᠪᠠᠶᠠᠷ ᠳᠤᠮᠳᠠᠳᠤ ᠤᠯᠤᠰ ᠤᠨ ᠦᠨᠳᠦᠰᠦᠲᠡᠨ᠎ᠦ ᠦᠭᠡ ᠬᠡᠯᠡᠨ᠎ᠦ ᠨᠡᠷ᠎ᠡ ᠲᠣᠮᠢᠶᠠᠨ ᠤ ᠬᠡᠷᠡᠭᠯᠡᠭᠡᠨ ᠦ ᠰᠤᠳᠤᠯᠭᠠᠨ ᠤ ᠰᠠᠭᠤᠷᠢᠨ᠎ᠳᠤ ᠲᠦᠰᠢᠭᠯᠡᠨ ᠪᠡᠶᠡᠯᠡᠬᠦᠯᠵᠦ᠂ ᠳᠤᠮᠳᠠᠳᠤ ᠤᠯᠤᠰ᠎ᠤᠨ ᠦᠭᠡ ᠬᠡᠯᠡ ᠤᠳᠬ᠎ᠠ ᠵᠣᠬᠢᠶᠠᠯ᠎ᠤᠨ ᠫᠤᠰᠲ ᠳ᠋ᠣᠺᠲ᠋ᠣᠷ᠎ᠤᠨ ᠠᠵᠢᠯ᠎ᠤᠨ ᠦᠷᠳᠡᠬᠡ ᠵᠢᠨ ᠰᠡᠴᠡᠨᠳᠤ ᠡᠷᠬᠢᠯᠡᠨ ᠬᠦᠢᠴᠡᠳᠭᠡᠵᠡᠢ᠃ ᠦᠷ᠎ᠡ ᠪᠦᠲᠦᠭᠡᠯ ᠨᠢ ᠮᠣᠩᠭᠣᠯ ᠬᠡᠯᠡᠨ᠎ᠦ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ᠎ᠶᠢᠨ ᠳᠤᠮᠳᠠᠬᠢ ᠬᠦᠴᠢᠷ ᠠᠰᠠᠭᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠵᠠᠰᠠᠭ᠎ᠤᠨ ᠶᠠᠪᠤᠳᠠᠯ᠎ᠤᠨ ᠵᠠᠰᠠᠯᠲᠠ᠂ ᠰᠣᠶᠣᠯ ᠤᠨ ᠤᠯᠠᠮᠵᠢᠯᠠᠯ ᠂ ᠰᠢᠨᠵᠢᠯᠡᠬᠦ ᠤᠬᠠᠭᠠᠨ᠎ᠤ ᠰᠤᠳᠤᠯᠤᠯ᠂ ᠰᠤᠷᠭᠠᠨ ᠬᠥᠮᠦᠵᠢᠯ ᠪᠠ ᠣᠯᠠᠨ ᠨᠡᠶ᠋ᠢᠲᠡ᠎ᠶᠢᠨ ᠦᠢᠯᠡᠴᠢᠯᠡᠭᠡ ᠵᠡᠷᠭᠡ ᠳ᠋ᠤ ᠰᠠᠭᠤᠷᠢᠯᠠᠨ᠂ ᠰᠣᠨᠢᠨ ᠮᠡᠳᠡᠭᠡ᠂ ᠬᠠᠤᠯᠢ ᠴᠠᠭᠠᠵᠠ᠂ ᠵᠠᠰᠠᠭ᠎ᠤᠨ ᠶᠠᠪᠤᠳᠠᠯ ᠢ ᠬᠠᠮᠤᠷᠤᠭᠰᠠᠨ ᠬᠢᠲᠠᠳ ᠮᠣᠩᠭᠣᠯ ᠬᠣᠣᠰ ᠬᠡᠯᠡᠨ᠎ᠦ ᠴᠢᠨᠠᠷ ᠰᠠᠢᠲᠠᠢ ᠬᠡᠯᠡᠨ᠎ᠦ ᠮᠠᠲᠧᠷᠢᠶᠠᠯ᠎ᠤᠨ ᠬᠥᠮᠥᠷᠭᠡ ᠶᠢ ᠪᠠᠢᠭᠤᠯᠵᠤ᠂ ᠨᠢᠭᠡ ᠴᠣᠭᠴᠠᠵᠢᠭᠤᠯᠤᠭᠰᠠᠨ ᠣᠶᠤᠨᠴᠢ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠠᠢ ᠃
ᠣᠳᠣᠬᠠᠨ᠎ᠳᠤ᠂ ᠲᠣᠰ ᠲᠠᠪᠴᠠᠩ ᠨᠢ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠰᠠᠯᠠᠭ᠎ᠠ ᠮᠥᠴᠢᠷ᠂ ᠶᠡᠬᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠳᠤ ᠬᠠᠨᠳᠤᠭᠤᠯᠵᠤ᠂ ᠰᠦᠯᠵᠢᠶᠡᠨ᠎ᠦ ᠣᠷᠴᠢᠭᠤᠯᠭ᠎ᠠ᠂ ᠪᠥᠭᠡᠮ᠎ᠢᠶᠡᠷ ᠲᠸᠺᠰᠲ ᠰᠢᠢᠳᠪᠦᠷᠢᠯᠡᠬᠦ᠂ ᠰᠢᠨᠵᠢᠯᠡᠬᠦ ᠤᠬᠠᠭᠠᠨ᠎ᠤ ᠰᠤᠳᠤᠯᠭᠠᠨ ᠪᠠ ᠵᠢᠭᠠᠨ ᠰᠤᠷᠭᠠᠯᠲᠠ᠎ᠶᠢᠨ ᠬᠠᠪᠰᠤᠷᠤᠮᠵᠢ ᠵᠡᠷᠭᠡ ᠨᠢᠭᠡ ᠦᠷᠳᠡᠬᠡᠴᠢᠯᠡᠭᠰᠡᠨ ᠮᠠᠶᠢᠭ᠋᠎ᠤᠨ ᠣᠶᠤᠨᠴᠢᠯᠠᠭᠰᠠᠨ ᠦᠢᠯᠡᠴᠢᠯᠡᠭᠡ᠎ᠶᠢ ᠪᠠᠢᠩᠭᠤᠵᠢᠭᠤᠯᠤᠨ ᠬᠠᠩᠭᠠᠵᠤ ᠪᠠᠢᠨ᠎ᠠ᠃
ᠬᠤᠢᠰᠢᠳᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠤᠯᠤᠰ᠎ᠤᠨ ᠳᠡᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ ᠤ ᠲᠠᠪᠴᠠᠩ᠎ᠤᠨ ᠳᠠᠪᠠᠭᠤᠯᠢᠭ᠎ᠢᠶᠡᠨ ᠦᠷᠬᠦᠯᠵᠢᠯᠡᠨ ᠪᠠᠳᠠᠷᠠᠭᠤᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠡᠯᠡᠨ᠎ᠦ ᠳᠤᠭᠠᠴᠢᠯᠠᠯᠳᠠ ᠤᠶᠤᠨᠴᠢᠯᠠᠯᠳᠠ ᠵᠢ ᠭᠦᠨᠵᠡᠭᠡᠢ ᠠᠬᠢᠭᠤᠯᠵᠤ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ᠎ᠤ ᠪᠠᠢᠭᠤᠯᠤᠮᠵᠢ᠎ᠶᠢᠨ ᠬᠠᠮᠵᠢᠯᠴᠠᠨ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠵᠦ᠂ ᠮᠡᠷᠭᠡᠵᠢᠯ ᠦᠨ ᠰᠢᠰᠲᠧᠮ ᠪᠣᠯᠣᠨ ᠦᠢᠯᠡᠴᠢᠯᠡᠭᠡᠨ᠎ᠦ ᠰᠢᠰᠲᠧᠮ ᠢ ᠦᠷᠭᠦᠯᠵᠢᠯᠡᠨ ᠲᠡᠰ ᠳᠡᠪᠰᠢᠭᠦᠯᠵᠦ᠂ ᠦᠨᠳᠦᠰᠦᠲᠡᠨ ᠦ ᠬᠡᠯᠡᠨ᠎ᠦ ᠡᠬᠢ ᠪᠠᠶᠠᠯᠢᠭ᠋ ᠤᠨ ᠬᠠᠮᠠᠭᠠᠯᠠᠯᠲᠠ ᠪᠣᠯᠣᠨ ᠲᠣᠭᠠᠴᠢᠯᠠᠯᠳᠠ᠂ ᠨᠡᠭᠡᠭᠡᠨ ᠠᠰᠢᠭ᠍ᠯᠠᠯᠲᠠ᠎ᠶᠢ ᠥᠨᠳᠥᠷ ᠪᠦᠲᠦᠮᠵᠢᠲᠡᠢ᠎ᠪᠡᠷ ᠠᠬᠢᠭᠤᠯᠵᠤ᠂ ᠲᠣᠭᠠᠴᠢᠯᠠᠭᠰᠠᠨ ᠮᠡᠷᠭᠡᠵᠢᠯ᠎ᠢᠶᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠶᠢᠨ ᠤᠬᠠᠮᠰᠠᠷ ᠢ᠋ ᠪᠠᠳᠤ ᠴᠤᠭᠴᠠᠯᠠᠬᠤ ᠬᠦᠮᠦᠵᠢᠯ ᠳ᠋ᠤ ᠴᠢᠳᠠᠪᠤᠷᠢ ᠤᠯᠭᠤᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃